ᠨᠠᠰᠤᠲᠠᠶᠢᠴᠤᠳ ᠤᠨ ᠬᠤᠭᠤᠯᠠ ᠵᠠᠭᠤᠰᠢ ᠶᠢ ᠳᠤᠯᠤᠭᠠᠨ ᠵᠦᠢᠯ ᠤᠨ ᠣᠨᠴᠠᠯᠢᠭ ᠲᠠᠢ ᠲᠣᠬᠢᠷᠠᠭᠤᠯᠵᠤ ᠪᠣᠯᠣᠨ᠎ᠠ
ᠨᠡᠶᠢᠲᠡᠯᠡᠭᠰᠡᠨ ᠴᠠᠭ᠄
2023/10/10
      ᠰᠢᠮ᠎ᠡ ᠲᠡᠵᠢᠭᠡᠯ ᠲᠠᠢ ᠪᠠᠶᠢᠬᠤ ᠨᠠᠰᠤᠲᠠᠶᠢᠴᠤᠳ ᠤᠨ ᠪᠡᠶ᠎ᠡ ᠶᠢᠨ ᠳᠣᠲᠣᠭᠠᠳᠤ ᠰᠣᠯᠢᠯᠴᠠᠭ᠎ᠠ ᠨᠢ ᠵᠠᠳᠠᠷᠠᠭᠤᠯᠬᠤ ᠰᠣᠯᠢᠯᠴᠠᠭ᠎ᠠ ᠪᠠᠷ ᠭᠤᠣᠯ ᠪᠣᠯᠭᠠᠳᠠᠭ ᠠᠴᠠ  ᠨᠡᠯᠢᠶᠡᠳ ᠠᠷᠪᠢᠨ ᠤᠭᠤᠷᠠᠭ ᠬᠡᠷᠡᠭᠰᠡᠵᠦ᠂ ᠨᠡᠬᠡᠳᠡᠰᠦ ᠶᠢᠨ ᠤᠭᠤᠷᠠᠭ ᠤᠨ ᠬᠤᠷᠣᠭᠳᠠᠯ ᠢ ᠨᠥᠬᠦᠪᠦᠷᠢᠯᠡᠬᠦ ᠬᠡᠷᠡᠭᠲᠡᠢ ᠪᠠᠶᠢᠳᠠᠭ᠃ ᠳᠡᠬᠡᠬᠦ ᠳᠤ ᠪᠠᠨ᠂ ᠲᠠᠬᠢᠶᠠᠨ ᠮᠢᠬ᠎ᠠ᠂ ᠵᠢᠭᠠᠰᠤᠨ ᠮᠢᠬ᠎ᠠ᠂ ᠲᠠᠤᠯᠠᠢ ᠶᠢᠨ ᠮᠢᠬ᠎ᠠ᠂ ᠬᠤᠨᠢᠨ ᠮᠢᠬ᠎ᠠ᠂ ᠦᠬᠡᠷ ᠤᠨ ᠮᠢᠬ᠎ᠠ᠂ ᠭᠠᠭ᠋ᠠᠢ ᠶᠢᠨ ᠮᠢᠬ᠎ᠠ ᠪᠣᠯᠣᠨ ᠪᠤᠷᠴᠠᠭ ᠤᠨ ᠦᠢᠯᠡᠳᠬᠦᠨ ᠢ ᠢᠯᠡᠭᠦᠦ ᠢᠳᠡᠪᠡᠯ ᠡᠳᠡᠬᠡᠷ ᠢᠳᠡᠬᠡᠨ ᠳᠤ ᠪᠠᠶᠢᠳᠠᠭ ᠰᠢᠮ᠎ᠡ ᠲᠡᠵᠢᠭᠡᠯ ᠢᠶᠠᠷ ᠡᠯᠪᠡᠭ ᠪᠥᠭᠡᠳ ᠰᠢᠩᠭᠡᠭᠡᠬᠦ ᠳᠤ ᠬᠢᠯᠪᠠᠷ᠂ ᠰᠢᠯᠢᠳᠡᠭ ᠴᠢᠨᠠᠷ ᠤᠨ ᠤᠭᠤᠷᠠᠭ ᠨᠢ ᠬᠥᠮᠥᠨ ᠢ  ᠴᠢᠭᠢᠷᠠᠭᠵᠢᠭᠤᠯᠳᠠᠭ᠃       ᠡᠯᠳᠡᠪ ᠶᠠᠩᠵᠤ ᠶᠢᠨ ᠪᠠᠶᠢᠬᠤ ᠤᠭᠤᠷᠠᠭ᠂ ᠥᠭᠡᠬᠦ᠂ ᠰᠢᠬᠢᠷ᠂ ᠸᠢᠲ᠋ᠠᠮᠢᠨ᠂ ᠡᠷᠦᠳᠡᠰᠦ ᠪᠣᠯᠣᠨ ᠤᠰᠤ ᠪᠣᠯ ᠬᠥᠮᠥᠨ ᠤ ᠪᠡᠶ᠎ᠡ ᠳᠤ ᠴᠢᠬᠤᠯᠠ ᠬᠡᠷᠡᠭᠴᠡᠭᠡ  ᠪᠦᠬᠦᠢ ᠲᠡᠵᠢᠭᠡᠯᠲᠦ ᠡᠳ᠋ ᠮᠥᠨ᠂ ᠡᠳᠡᠬᠡᠷ ᠨᠢ ᠡᠯ᠎ᠡ ᠵᠦᠢᠯ ᠤᠨ ᠢᠳᠡᠬᠡᠨ ᠳᠤ ᠥᠷᠭᠡᠨ ᠢᠶᠠᠷ ᠪᠠᠶᠢᠳᠠᠭ᠃ ᠰᠢᠮ᠎ᠡ ᠲᠡᠵᠢᠭᠡᠯ ᠢ ᠲᠡᠩᠴᠡᠭᠦᠷᠢᠲᠡᠢ ᠰᠢᠩᠭᠡᠬᠡᠨ ᠠᠪᠴᠤ ᠪᠡᠶ᠎ᠡ ᠶᠢᠨ ᠴᠢᠭᠢᠷᠠᠭ ᠢ ᠪᠠᠲᠤᠯᠠᠬᠤ ᠶᠢᠨ ᠲᠥᠯᠥᠭᠡ ᠡᠯ᠎ᠡ ᠵᠦᠢᠯ ᠤᠨ ᠢᠳᠡᠬᠡᠨ ᠠᠴᠠ ᠴᠥᠮ ᠪᠠᠭ᠎ᠠ ᠢᠳᠡᠵᠦ᠂ ᠪᠣᠯᠣᠯᠴᠠᠭ᠎ᠠ ᠲᠠᠢ ᠪᠣᠯ ᠡᠳᠦᠷ ᠪᠦᠷᠢ ᠶᠢᠨ ᠭᠤᠣᠯ ᠢᠳᠡᠬᠡᠨ ᠪᠠ ᠬᠤᠯᠢᠰᠢᠨ ᠢᠳᠡᠬᠡᠨ ᠢ ᠠᠷᠪᠠᠭᠠᠳ ᠵᠦᠢᠯ ᠪᠠᠶᠢᠯᠭᠠᠪᠠᠯ ᠵᠣᠬᠢᠨ᠎ᠠ᠃ ᠰᠢᠨ᠎ᠡ ᠰᠣᠷᠭᠤᠭ ᠢᠳᠡᠰᠢᠨ ᠨᠣᠭᠤᠭ᠎ᠠ ᠪᠣᠯ ᠨᠠᠰᠤᠲᠠᠶᠢᠴᠤᠳ ᠤᠨ ᠡᠷᠡᠭᠦᠯ  ᠮᠡᠨᠳᠤ ᠶᠢᠨ ᠬᠠᠨᠢ ᠶᠤᠮ᠂ ᠳᠠᠷᠠ ᠨᠢ ᠸᠢᠲ᠋ᠠᠮᠢᠨ C ᠪᠠ ᠡᠷᠦᠳᠡᠰᠦ ᠡᠯᠪᠡᠭ ᠪᠠᠶᠢᠬᠤ ᠪᠠᠷ ᠪᠠᠷᠠᠬᠤ ᠦᠭᠡᠢ᠂ ᠪᠠᠰᠠ ᠰᠢᠷᠬᠡᠭᠯᠢᠭ ᠡᠳ᠋ ᠨᠡᠯᠢᠶᠡᠳ ᠠᠷᠪᠢᠨ ᠪᠠᠶᠢᠵᠤ᠂ ᠵᠢᠷᠦᠬᠡ ᠴᠢᠰᠤᠨ ᠰᠤᠳᠠᠯ ᠢ ᠬᠠᠮᠠᠭᠠᠯᠠᠬᠤ ᠪᠠ ᠦᠮᠠᠨ ᠢ ᠰᠡᠷᠭᠡᠶᠢᠯᠡᠬᠦ᠂ ᠬᠤᠷᠭᠤᠰᠤᠯᠠᠬᠤ ᠶᠢ ᠰᠡᠷᠭᠡᠶᠢᠯᠡᠬᠦ ᠳᠤ ᠴᠢᠬᠤᠯᠠ ᠦᠢᠯᠡᠳᠦᠯ ᠦᠵᠡᠭᠦᠯᠳᠡᠭ ᠲᠤᠯᠠ ᠡᠳᠦᠷ ᠲᠤ 250 ᠭᠷᠡᠮ ᠠᠴᠠ ᠳᠡᠭᠡᠭᠰᠢ ᠢᠳᠡᠰᠢᠨ ᠨᠣᠭᠤᠭ᠎ᠠ ᠢᠳᠡᠬᠦ ᠬᠡᠷᠡᠭᠲᠡᠢ᠃ ᠪᠠᠭ᠎ᠠ ᠪᠠᠶᠢᠬᠤ ᠰᠤᠳᠤᠯᠭᠠᠨ ᠠᠴᠠ ᠦᠵᠡᠬᠦ ᠳᠤ᠂ ᠬᠡᠲᠦᠷᠡᠲᠡᠯ᠎ᠡ ᠴᠠᠳᠬᠤ ᠨᠢ ᠡᠷᠡᠭᠦᠯ ᠮᠡᠨᠳᠤ ᠳᠤ ᠬᠤᠣᠷᠲᠠᠢ᠂ ᠨᠠᠰᠤᠲᠠᠢ ᠬᠥᠮᠥᠨ ᠡᠷᠢᠨ ᠪᠦᠷᠢ ᠶᠢᠨ ᠬᠤᠭᠤᠯᠠᠨ ᠳᠤ ᠪᠠᠨ ᠨᠠᠢᠮᠠ ᠶᠢᠰᠦᠨ ᠬᠤᠪᠢ ᠴᠠᠳᠪᠠᠯ ᠪᠣᠯᠴᠢᠬᠠᠨ᠎ᠠ᠂ ᠨᠠᠩ ᠣᠷᠣᠢ ᠶᠢᠨ  ᠬᠤᠭᠤᠯᠠ ᠶᠢ ᠪᠠᠭ᠎ᠠ ᠢᠳᠡᠪᠡᠯ ᠵᠣᠬᠢᠨ᠎ᠠ᠃       ᠨᠠᠷᠢᠯᠢᠭ ᠪᠠᠶᠢᠬᠤ ᠣᠯᠠᠩᠬᠢ ᠨᠠᠰᠤᠲᠠᠨ ᠤ ᠰᠢᠳᠤ ᠮᠠᠭᠤ ᠲᠤᠯᠠ ᠨᠠᠷᠢᠯᠢᠭ ᠵᠠᠵᠢᠯᠵᠤ ᠳᠠᠶᠢᠯᠬᠦ ᠦᠭᠡᠢ ᠪᠠᠷ ᠵᠠᠯᠭᠢᠴᠢᠬᠠᠳᠠᠭ᠂ ᠡᠨᠡ ᠨᠢ ᠤᠳᠠᠭᠠᠨ ᠳᠤ ᠪᠠᠨ  ᠡᠷᠡᠭᠦᠯ ᠮᠡᠨᠳᠤ ᠳᠤ ᠬᠤᠣᠷᠲᠠᠢ ᠶᠤᠮ᠃ ᠳᠠᠶᠢᠮᠤ ᠠᠴᠠ ᠮᠢᠬ᠎ᠠ ᠶᠢ ᠨᠠᠷᠢᠯᠢᠭ ᠬᠡᠷᠴᠢᠵᠦ᠂ ᠵᠠᠵᠢᠯᠬᠤ ᠳᠤ ᠪᠡᠷᠬᠡ ᠢᠳᠡᠬᠡᠨ ᠢ ᠬᠡᠮᠬᠡᠯᠵᠦ ᠢᠳᠡᠬᠦ ᠬᠡᠷᠡᠭᠲᠡᠢ᠃ ᠬᠤᠭᠤᠯᠠ ᠢᠳᠡᠬᠦ ᠳᠤ ᠪᠠᠨ ᠨᠠᠷᠢᠯᠢᠭ ᠵᠠᠵᠢᠯᠵᠤ ᠠᠭᠠᠵᠢᠮ ᠵᠠᠯᠭᠢᠨ ᠬᠤᠳᠣᠭᠤᠳᠤ ᠭᠡᠳᠡᠰᠦᠨ ᠤ ᠡᠬᠦᠷᠬᠡᠳᠡᠯ ᠢ ᠬᠥᠩᠭᠡᠷᠡᠭᠦᠯᠦᠨ ᠰᠢᠩᠭᠡᠭᠡᠯᠲᠡ ᠶᠢ ᠠᠬᠢᠭᠤᠯᠬᠤ ᠬᠡᠷᠡᠭᠲᠡᠢ᠃ ᠢᠯᠵᠠᠷᠠᠲᠠᠯ᠎ᠠ ᠴᠢᠨᠠᠬᠤ ᠨᠠᠰᠤᠲᠠᠶᠢᠴᠤᠳ ᠤᠨ ᠰᠢᠳᠤ ᠬᠥᠳᠡᠯᠬᠦ ᠦᠭᠡᠢ ᠪᠣᠯ ᠤᠨᠠᠵᠤ᠂ ᠵᠠᠪᠠᠵᠢᠨ ᠤ ᠪᠤᠯᠴᠢᠩ ᠰᠤᠯᠠᠷᠠᠨ᠂ ᠰᠢᠩᠭᠡᠭᠡᠬᠦ ᠰᠢᠩᠭᠡᠨ ᠪᠠ ᠰᠢᠩᠭᠡᠭᠡᠬᠦ ᠢᠰᠬᠡᠭᠦᠷ ᠤᠨ ᠱᠦᠭᠦᠷᠡᠯᠲᠡ ᠪᠠᠭᠠᠰᠴᠤ᠂ ᠬᠤᠳᠣᠭᠤᠳᠤ ᠭᠡᠳᠡᠰᠦᠨ ᠤ ᠰᠢᠩᠭᠡᠭᠡᠯᠲᠡ ᠶᠢᠨ ᠴᠢᠳᠠᠪᠤᠷᠢ ᠮᠠᠭᠤᠳᠠᠳᠠᠭ᠃ ᠡᠶᠢᠮᠦ ᠠᠴᠠ᠂ ᠵᠠᠭᠤᠰᠢ ᠪᠠᠨ ᠢᠯᠵᠠᠷᠠᠲᠠᠯ᠎ᠠ ᠴᠢᠨᠠᠪᠠᠯ ᠵᠣᠬᠢᠨ᠎ᠠ᠃ ᠬᠠᠯᠠᠭᠤᠨ ᠪᠠᠶᠢᠬᠤ ᠨᠠᠰᠤᠲᠠᠶᠢᠴᠤᠳ ᠤᠨ ᠬᠦᠢᠲᠡᠨ ᠢ ᠡᠰᠡᠷᠭᠦᠴᠡᠬᠦ ᠴᠢᠳᠠᠪᠤᠷᠢ ᠳᠣᠷᠣᠶᠢᠲᠠᠵᠤ᠂ ᠬᠦᠢᠲᠡᠨ ᠢᠳᠡᠬᠡᠨ ᠢᠳᠡᠪᠡᠯ ᠬᠤᠳᠣᠭᠤᠳᠤᠨ ᠤ ᠬᠠᠨ᠎ᠠ ᠶᠢᠨ ᠴᠢᠰᠤᠨ ᠰᠤᠳᠠᠯ ᠠᠪᠴᠢᠵᠤ ᠴᠢᠰᠤᠨ ᠤ ᠬᠠᠩᠭᠠᠯᠭ᠎ᠠ ᠪᠠᠭᠠᠰᠬᠤ ᠶᠢᠨ ᠬᠠᠮᠲᠤ᠂ ᠡᠭᠡᠬᠦ ᠴᠢᠨᠠᠷ ᠠᠴᠠ ᠪᠣᠯᠵᠤ ᠪᠤᠰᠤᠳ ᠳᠣᠲᠣᠷ ᠡᠷᠬᠡᠲᠡᠨ ᠤ ᠴᠢᠰᠤᠨ ᠤ ᠡᠷᠭᠢᠯᠲᠡ ᠶᠢᠨ ᠬᠡᠮᠵᠢᠶ᠎ᠡ ᠪᠠᠭᠠᠰᠤᠨ ᠡᠷᠡᠭᠦᠯ ᠮᠡᠨᠳᠤ ᠶᠢ ᠨᠥᠯᠥᠭᠡᠯᠡᠳᠡᠭ᠃ ᠡᠶᠢᠮᠦ ᠠᠴᠠ᠂ ᠨᠠᠰᠤᠲᠠᠶᠢᠴᠤᠳ ᠤᠨ ᠢᠳᠡᠬᠡᠨ ᠢ ᠬᠠᠯᠠᠭᠤᠬᠠᠨ  ᠪᠠᠶᠢᠯᠭᠠᠵᠤ᠂ ᠢᠳᠡᠬᠦ ᠳᠤ ᠠᠮᠠ ᠬᠠᠯᠠᠬᠤ ᠦᠭᠡᠢ ᠪᠣᠯ ᠪᠣᠯᠴᠢᠬᠠᠨ᠎ᠠ᠃ ᠳᠠᠪᠤᠰᠤ ᠪᠠᠭ᠎ᠠ ᠢᠳᠡᠬᠦ ᠵᠠᠷᠢᠮ ᠨᠠᠰᠤᠲᠠᠨ ᠳᠠᠪᠤᠰᠤ ᠴᠢᠩᠭ᠎ᠠ ᠢᠳᠡᠬᠦ ᠳᠤᠷᠠᠲᠠᠢ᠂ ᠭᠡᠲᠡᠯ᠎ᠡ  ᠳᠠᠪᠤᠰᠤ ᠠᠬᠠᠳᠠᠪᠠᠯ ᠵᠢᠷᠦᠬᠡ᠂ ᠪᠥᠭᠡᠷ᠎ᠡ ᠶᠢᠨ ᠡᠬᠦᠷᠬᠡᠳᠡᠯ ᠢ ᠬᠦᠨᠳᠦᠷᠡᠭᠦᠯᠵᠦ ᠴᠢᠰᠤᠨ ᠳᠠᠷᠤᠯᠲᠠ ᠶᠢ ᠥᠨᠳᠥᠷᠵᠢᠭᠦᠯᠳᠡᠭ᠂ ᠡᠷᠡᠭᠦᠯ ᠮᠡᠨᠳᠤ ᠶᠢᠨ ᠲᠥᠯᠥᠭᠡ  ᠨᠠᠰᠤᠲᠠᠶᠢᠴᠤᠳ ᠡᠳᠦᠷ ᠲᠤ 6 ~ 8 ᠭᠷᠡᠮ ᠳᠠᠪᠤᠰᠤ ᠢᠳᠡᠪᠡᠯ ᠵᠣᠬᠢᠨ᠎ᠠ᠃  
 
ᠢᠷᠡᠯᠲᠡ᠄ ᠰᠢᠯᠦᠭᠤᠨ ᠬᠥᠬᠡ ᠶᠢᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号