ᠪᠦᠬᠦ ᠬᠤᠰᠢᠭᠤᠨ ᠤ ᠠᠷᠠᠳ ᠲᠦᠮᠡᠨ ᠢ ᠳᠤᠯᠠᠭᠠᠬᠠᠨ ᠡᠪᠤᠯ ᠦᠩᠭᠡᠷᠡᠭᠦᠯᠬᠦ ᠶᠢ ᠪᠠᠲᠤᠯᠠᠬᠤ ᠶᠢᠨ ᠲᠤᠰᠠᠲᠠ᠂ | ᠡᠵᠡᠨ᠎ᠡ ᠬᠤᠰᠢᠭᠤ ᠡᠷᠲᠡᠨ ᠠᠴᠠ ᠲᠦᠯᠦᠪᠯᠡᠨ ᠬᠦᠳᠡᠯᠦᠯᠴᠡᠵᠦ᠂ ᠳᠤᠯᠠᠭᠠᠯᠠᠭ᠎ᠠ ᠬᠠᠩᠭᠠᠬᠤ ᠠᠵᠤ ᠠᠬᠤᠶᠢᠯᠠᠯ ᠶᠢᠨ | ᠳᠤᠯᠠᠭᠠᠯᠠᠭ᠎ᠠ ᠶᠢᠨ ᠰᠠᠭᠤᠷᠢ ᠠᠵᠢᠯ ᠢ ᠨᠠᠶᠢᠳᠠᠪᠤᠷᠢᠵᠢᠭᠤᠯᠬᠤ ᠶᠢ ᠢᠲᠡᠪᠬᠢᠲᠡᠢ ᠬᠦᠲᠦᠯᠦᠨ ᠵᠢᠯᠤᠭᠤᠳᠴᠦ᠂ | ᠨᠡᠭᠦᠷᠡᠰᠦ ᠶᠢᠨ ᠨᠦᠭᠡᠴᠡᠯᠡᠯᠲᠡ ᠶᠢ ᠪᠠᠲᠤᠯᠠᠨ᠂ ᠪᠠᠲᠤᠯᠠᠭᠠᠨ ᠤ ᠴᠢᠳᠠᠪᠤᠷᠢ ᠶᠢ ᠳᠡᠭᠡᠭᠰᠢᠯᠡᠭᠦᠯᠵᠦ᠂ ᠦᠢᠯᠡᠴᠢᠯᠡᠭᠡᠨ ᠤ | ᠪᠠᠶᠢᠭᠤᠯᠤᠮᠵᠢ ᠶᠢ ᠲᠡᠭᠦᠯᠳᠡᠷᠵᠢᠭᠦᠯᠦᠨ᠂ ᠤᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡᠪᠡᠷ ᠬᠡᠷᠡᠭᠯᠡᠨ ᠳᠤᠯᠠᠭᠠᠯᠠᠭ᠎ᠠ | ᠬᠠᠩᠭᠠᠬᠤ ᠠᠴᠠ ᠡᠮᠦᠨᠡᠬᠢ ᠡᠯ᠎ᠡ ᠵᠦᠢᠯ ᠤᠨ ᠪᠡᠯᠡᠳᠭᠡᠯ ᠠᠵᠢᠯ ᠢ ᠯᠠᠪᠳᠠᠭᠤᠨ ᠪᠠᠲᠤᠲᠠᠢ ᠰᠠᠶᠢᠲᠦᠷ ᠬᠢᠵᠦ᠂ ︽ | ᠳᠤᠯᠠᠭᠠᠨ ᠤᠷᠤᠰᠬᠠᠯ︾ ᠢ ᠲᠤᠭᠲᠠᠭᠰᠠᠨ ᠬᠤᠭᠤᠴᠠᠭᠠᠨ ᠳᠤ ᠡᠷᠦᠬᠡ ᠳᠤ ᠤᠷᠤᠭᠤᠯᠤᠨ᠂ ᠰᠠᠭᠤᠭᠠᠯᠢ ᠠᠷᠠᠳ ᠢ | ᠳᠤᠯᠠᠭᠠᠬᠠᠨ ᠡᠪᠤᠯ ᠦᠩᠭᠡᠷᠡᠭᠦᠯᠬᠦ ᠪᠠᠷ ᠴᠢᠷᠮᠠᠶᠢᠨ ᠠᠵᠢᠯᠯᠠᠵᠤ ᠪᠠᠶᠢᠨ᠎ᠠ᠃ | ᠡᠨᠡ ᠵᠢᠯ ᠡᠵᠡᠨ᠎ᠡ ᠬᠤᠰᠢᠭᠤ ᠨᠠᠶᠢᠲᠡ 1200 ᠲᠦᠮᠡᠨ ᠲᠦᠭᠦᠷᠢᠭ ᠤᠨ ᠪᠡᠯᠡ ᠤᠷᠤᠭᠤᠯᠵᠤ᠂ ᠭᠤᠤᠯᠳᠠᠭᠤ | ᠳᠤᠯᠠᠭᠠᠨ ᠬᠠᠩᠭᠠᠬᠤ ᠵᠤᠤᠬ᠎ᠠ 4 ᠶᠢ ᠰᠡᠯᠪᠢᠨ ᠵᠠᠰᠠᠵᠤ᠂ ᠨᠢᠭᠡ ᠢᠯᠴᠢ ᠰᠤᠯᠢᠯᠴᠠᠬᠤ ᠦᠷᠲᠡᠭᠡ ᠶᠢ ᠰᠢᠨ᠎ᠡ ᠪᠠᠷ | ᠪᠠᠶᠢᠭᠤᠯᠤᠨ᠂ ᠢᠯᠴᠢ ᠬᠠᠩᠭᠠᠬᠤ ᠬᠤᠭᠤᠯᠠᠢ ᠶᠢᠨ ᠲᠤᠤᠷ ᠢ 1646 ᠮᠧᠲᠷ ᠰᠢᠨ᠎ᠡ ᠪᠠᠷ ᠪᠠᠶᠢᠭᠤᠯᠤᠨ | ᠦᠭᠡᠷᠡᠴᠢᠯᠡᠬᠦ ᠶᠢᠨ ᠬᠠᠮᠲᠤ ᠢᠯᠴᠢ ᠬᠠᠩᠭᠠᠬᠤ ᠲᠠᠯᠠᠪᠠᠢ ᠶᠢ 5 ᠲᠦᠮᠠᠨ ᠲᠡᠭᠰᠢ ᠳᠦᠷᠪᠡᠯᠵᠢᠨ ᠮᠧᠲᠷ ᠰᠢᠨ᠎ᠡ ᠪᠠᠷ | ᠨᠡᠮᠡᠭᠳᠡᠭᠦᠯᠪᠡ᠃ ᠳᠤᠯᠠᠭᠠᠯᠠᠭ᠎ᠠ ᠵᠤᠭᠰᠤᠵᠤ ᠪᠠᠶᠢᠴᠠᠭᠠᠨ ᠵᠠᠰᠠᠬᠤ ᠬᠤᠭᠤᠴᠠᠭ᠎ᠠ ᠠᠴᠠ ᠡᠬᠢᠯᠡᠨ᠂ ᠳᠤᠯᠠᠭᠠᠨ | ᠳᠤᠯᠠᠭᠠᠯᠠᠭ᠎ᠠ ᠬᠠᠩᠭᠠᠬᠤ ᠺᠤᠮᠫᠠᠨᠢ ᠪᠦᠬᠦ ᠬᠤᠰᠢᠭᠤᠨ ᠤ ᠬᠡᠪᠴᠢᠶᠡᠨ ᠳᠤ ᠢᠯᠴᠢ ᠬᠠᠩᠭᠠᠬᠤ ᠬᠤᠭᠤᠯᠠᠢ᠂ ᠵᠤᠤᠬ᠎ᠠ᠂ | ᠢᠯᠴᠢ ᠰᠤᠯᠢᠯᠴᠠᠬᠤ ᠦᠷᠲᠡᠭᠡ ᠳᠤᠲᠤᠷᠠᠬᠢ ᠳᠤᠯᠠᠭᠠᠯᠠᠭ᠎ᠠ ᠬᠠᠩᠭᠠᠬᠤ ᠲᠦᠬᠦᠭᠡᠷᠦᠮᠵᠢ ᠳᠤ ᠪᠦᠬᠦ ᠲᠠᠯ᠎ᠠ ᠶᠢᠨ | ᠰᠡᠯᠪᠢᠨ ᠵᠠᠰᠠᠯᠲᠠ ᠬᠢᠬᠦ ᠶᠢᠨ ᠬᠠᠮᠲᠤ ᠬᠠᠮᠠᠭᠠᠯᠠᠯᠲᠠ ᠠᠷᠠᠴᠢᠯᠠᠯᠲᠠ ᠬᠢᠪᠡ᠃ ᠤᠳᠤ ᠪᠤᠯᠲᠠᠯ᠎ᠠ᠂ ᠪᠠᠯᠭᠠᠰᠤᠨ ᠤ | ᠬᠡᠪᠴᠢᠶ᠎ᠡ ᠶᠢᠨ ᠢᠯᠴᠢ ᠬᠠᠩᠭᠠᠬᠤ ᠬᠤᠭᠤᠯᠠᠢ ᠵᠢᠴᠢ ᠰᠢᠨ᠎ᠡ ᠬᠠᠭᠤᠴᠢᠨ ᠢᠯᠴᠢ ᠬᠠᠩᠭᠠᠬᠤ ᠬᠤᠭᠤᠯᠠᠢ ᠶᠢ | ᠦᠭᠡᠷᠡᠴᠢᠯᠡᠬᠦ ᠠᠵᠢᠯ ᠨᠢᠭᠡᠨᠲᠡ ᠪᠦᠬᠦᠨ ᠢ ᠳᠠᠭᠤᠰᠬᠠᠪᠠ᠃ 9 ᠰᠠᠷ᠎ᠠ ᠶᠢᠨ 20 ᠤ ᠡᠳᠦᠷ ᠠᠴᠠ ᠡᠬᠢᠯᠡᠨ ᠳᠠᠯᠠᠶᠢᠬᠦᠪ | ᠪᠠᠯᠭᠠᠰᠤ ᠶᠢᠨ ᠨᠢᠭᠡᠳᠦᠭᠡᠷ ᠬᠤᠶᠠᠳᠤᠭᠠᠷ ᠤᠳᠠᠭᠠᠨ ᠤ ᠢᠯᠴᠢ ᠬᠠᠩᠭᠠᠬᠤ ᠬᠤᠭᠤᠯᠠᠢ ᠶᠢᠨ ᠲᠤᠤᠷ ᠲᠤ ᠤᠰᠤ | ᠤᠷᠤᠭᠤᠯᠵᠤ ᠲᠤᠷᠰᠢᠨ ᠳᠠᠷᠤᠬᠤ ᠠᠵᠢᠯ ᠢ ᠶᠠᠪᠤᠭᠳᠠᠭᠤᠯᠪᠠ᠃ ᠡᠭᠦᠨ ᠤ ᠬᠠᠮᠲᠤ ᠠᠶᠦᠯᠬᠦᠢ ᠦᠢᠯᠡᠳᠪᠦᠷᠢᠯᠡᠯ ᠤᠨ | ᠬᠠᠷᠢᠭᠤᠴᠠᠯᠭ᠎ᠠ ᠶᠢ ᠴᠢᠩᠭ᠎ᠠ ᠪᠤᠳᠠᠲᠠᠶᠢᠵᠢᠭᠤᠯᠵᠤ᠂ ᠳᠤᠯᠠᠭᠠᠯᠠᠭ᠎ᠠ ᠬᠠᠩᠭᠠᠬᠤ ᠠᠮᠦᠷ ᠲᠦᠪᠰᠢᠨ ᠤ | ᠬᠠᠷᠢᠭᠤᠴᠠᠯᠭ᠎ᠠ ᠶᠢ ᠠᠵᠢᠯ ᠤᠨ ᠪᠠᠶᠢᠷᠢ᠂ ᠠᠵᠢᠯᠲᠠᠨ ᠳᠤ ᠨᠠᠶᠢᠳᠠᠪᠤᠷᠢᠵᠢᠭᠤᠯᠬᠤ ᠶᠢ ᠪᠠᠲᠤᠯᠠᠨ᠂ ᠠᠮᠦᠷ ᠲᠦᠪᠰᠢᠨ ᠤ | ᠳᠡᠯᠳᠡ ᠭᠡᠮ ᠢ ᠪᠠᠶᠢᠴᠠᠭᠠᠨ ᠴᠡᠭᠴᠡᠯᠡᠨ ᠵᠠᠰᠠᠬᠤ ᠬᠦᠴᠦᠯᠡᠴᠡ ᠪᠠᠨ ᠶᠡᠬᠡᠰᠭᠡᠵᠦ᠂ ᠴᠠᠭ ᠲᠤᠬᠠᠢ ᠳᠤᠨᠢ ᠡᠯ᠎ᠡ | ᠲᠦᠷᠦᠯ ᠤᠨ ᠬᠦᠴᠢᠷᠳᠡᠯ ᠪᠠ ᠠᠰᠠᠭᠤᠳᠠᠯ ᠢ ᠰᠢᠢᠳᠪᠦᠷᠢᠯᠡᠨ᠂ ᠳᠤᠯᠠᠭᠠᠯᠠᠭ᠎ᠠ ᠬᠠᠩᠭᠠᠬᠤ ᠴᠢᠨᠠᠷ ᠢ ᠪᠦᠬᠦ | ᠬᠦᠴᠦᠨ ᠢᠶᠠᠷ ᠪᠠᠲᠤᠯᠠᠵᠤ᠂ ᠴᠢᠨᠠᠷ ᠰᠠᠶᠢᠲᠠᠢ ᠦᠢᠯᠡᠴᠢᠯᠡᠭᠡ ᠪᠠᠷ ᠮᠢᠩᠭ᠎ᠠ ᠲᠦᠮᠡᠨ ᠠᠶᠢᠯ ᠡᠷᠦᠬᠡ ᠶᠢ ᠳᠤᠯᠠᠭᠠᠯᠠᠨ᠎ᠠ᠃ | |