10 ᠰᠠᠷ᠎ᠠ ᠶᠢᠨ 9 ᠤ ᠡᠳᠤᠷ᠂ ᠲᠠᠪᠤᠳᠤᠭᠠᠷ ᠬᠤᠭᠤᠴᠠᠭᠠᠨ ᠤ ︽ᠲᠠᠯ᠎ᠠ ᠨᠤᠲᠤᠭ ᠤᠨ ᠠᠯᠲᠠᠨ ᠨᠠᠮᠤᠷ︾ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠠᠭᠤᠨ ᠤ ᠤᠷᠤᠯᠳᠤᠭᠠᠨ ᠤ ᠤᠷᠤᠯᠴᠠᠭᠴᠢ ᠨᠠᠷ | ᠣᠷᠣᠯᠳᠤᠭᠠᠨ ᠤ ᠭᠠᠵᠠᠷ ᠲᠤ ᠪᠠᠨ ᠬᠦᠷᠴᠦ ᠢᠷᠡᠯ᠎ᠡ᠃ | ᠲᠣᠰ ᠬᠤᠭᠤᠴᠠᠭᠠᠨ ᠤ ᠳᠠᠭᠤᠨ ᠤ ᠤᠷᠤᠯᠳᠤᠭᠠᠨ ᠳᠤ ᠠᠩᠬᠠᠨ ᠤ ᠤᠷᠤᠯᠳᠤᠭᠠᠨ᠂ ᠰᠢᠭᠰᠢᠭᠡ | ᠤᠷᠤᠯᠳᠤᠭᠠᠨ᠂ ᠰᠢᠢᠳᠪᠦᠷᠢᠲᠦ ᠤᠷᠤᠯᠳᠤᠭᠠᠨ ᠵᠡᠷᠭᠡ ᠭᠤᠷᠪᠠᠨ ᠱᠠᠲᠤ ᠬᠤᠪᠢᠶᠠᠵᠦ᠂ ᠡᠬᠦᠨ ᠤ ᠳᠤᠳᠤᠷ᠎ᠠ | ᠦᠨᠳᠦᠰᠦᠲᠡᠨ ᠤ ᠳᠠᠭᠤᠤ᠂ ᠣᠷᠳᠣ ᠶᠢᠨ ᠳᠠᠭᠤᠤ᠂ ᠭᠤᠶᠢᠳᠠ ᠳᠠᠭᠤᠯᠠᠯᠠᠭᠠ᠂ ᠣᠷᠣᠰᠬᠠᠯ ᠳᠠᠭᠤᠤ᠂ ᠬᠠᠮᠳᠤᠯᠢᠭ ᠂ | ᠬᠥᠭᠡᠮᠡᠢ ᠵᠡᠷᠭᠡ 6 ᠳᠤᠭᠤᠶᠢᠯᠠᠩ ᠬᠤᠪᠢᠶᠠᠨ ᠣᠷᠣᠯᠳᠤᠭᠤᠯᠵᠤ᠂ ᠠᠩᠬᠠᠨ ᠤ ᠤᠷᠤᠯᠳᠤᠭᠠᠨ ᠳᠤ ᠡᠯ᠎ᠡ ᠠᠶᠢᠮᠠᠭ | ᠬᠤᠲᠠ᠂ ᠥᠪᠥᠷ ᠮᠣᠩᠭᠤᠯ ᠤᠨ ᠤᠷᠠᠯᠢᠭ ᠤᠨ ᠲᠢᠶᠠᠲᠷ᠂ ᠥᠪᠡᠷᠲᠡᠭᠡᠨ ᠵᠠᠰᠠᠬᠤ ᠣᠷᠣᠨ ᠤ ᠤᠯᠠᠭᠠᠨᠮᠥ᠋ᠴᠢᠷ᠂ | ᠥᠪᠡᠷᠲᠡᠭᠡᠨ ᠵᠠᠰᠠᠬᠤ ᠣᠷᠣᠨ ᠤ ᠬᠠᠮᠢᠶ᠎ᠠ ᠪᠦᠬᠦᠢ ᠤᠷᠠᠯᠢᠭ ᠤᠨ ᠳᠡᠭᠡᠳᠦ ᠰᠤᠷᠭᠠᠭᠤᠯᠢ ᠠᠴᠠ ᠡᠯ᠎ᠠ | ᠣᠷᠣᠯᠴᠠᠭᠰᠠᠳ ᠤᠨ ᠤᠷᠤᠯᠳᠤᠭᠠᠨ ᠳᠤ ᠣᠷᠣᠯᠴᠠᠬᠤ ᠮᠠᠲ᠋ᠧᠷᠢᠶᠠᠯ ᠢ ᠳᠠᠨᠢᠯᠴᠠᠭᠤᠯᠤᠨ ᠬᠦᠷᠭᠡᠵᠦ᠂ ᠥᠪᠡᠷᠲᠡᠭᠡᠨ | ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠠᠴᠠ ᠲᠤᠰᠬᠠᠢ ᠮᠡᠷᠭᠡᠵᠢᠯᠲᠡᠨ ᠢ ᠵᠣᠬᠢᠶᠠᠨ ᠪᠠᠶᠢᠭᠤᠯᠤᠨ | ᠰᠢᠯᠭᠠᠷᠠᠭᠤᠯᠬᠤ ᠪᠤᠯᠤᠨ᠎ᠠ᠃ ᠰᠢᠭᠰᠢᠭᠡ ᠤᠷᠤᠯᠳᠤᠭᠠᠨ ᠪᠠ ᠰᠢᠢᠳᠪᠦᠷᠢᠲᠦ ᠤᠷᠤᠯᠳᠤᠭᠠᠨ ᠢ ᠲᠤᠬᠠᠢ ᠶᠢᠨ | ᠲᠠᠯᠠᠪᠠᠶ ᠳᠤ ᠳᠠᠭᠤᠯᠠᠬᠤ ᠬᠡᠯᠪᠡᠷᠢ ᠪᠠᠷ ᠡᠵᠡᠨ᠎ᠡ ᠬᠤᠰᠢᠭᠤᠨ ᠳᠤ ᠶᠠᠪᠣᠭᠳᠠᠭᠤᠯᠤᠨ᠎ᠠ᠃ | ︽ᠲᠠᠯ᠎ᠠ ᠨᠤᠲᠤᠭ ᠤᠨ ᠠᠯᠲᠠᠨ ᠨᠠᠮᠤᠷ︾ ᠪᠦᠬᠦ ᠣᠷᠣᠨ ᠤ ᠳᠠᠭᠤᠨ ᠤᠷᠤᠯᠳᠤᠭᠠᠨ ᠪᠣᠯ ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠠᠭᠤᠨ ᠤ ᠬᠦᠷᠢᠶᠡᠨ ᠳᠠᠬᠢ ᠬᠠᠮᠤᠭ ᠤᠨ ᠡᠷᠬᠡ ᠰᠦᠷᠲᠦ ᠴᠢᠨᠠᠷ᠂ | ᠲᠤᠰᠬᠠᠢ ᠮᠡᠷᠭᠡᠵᠢᠯ ᠤᠨ ᠴᠢᠨᠠᠷ ᠪᠠ ᠤᠷᠠᠯᠢᠭ ᠤᠨ ᠴᠢᠨᠠᠷ ᠲᠠᠢ ᠤᠷᠤᠯᠳᠤᠭᠠᠨ ᠤ ᠠᠵᠢᠯᠯᠠᠭ᠎ᠠ ᠪᠣᠯᠣᠨ᠎ᠠ᠃ | ᠤᠷᠤᠯᠳᠤᠭᠠᠨ ᠤ ᠵᠣᠷᠢᠯᠭ᠎ᠠ ᠨᠢ ᠳᠠᠷᠤᠢ ᠠᠷᠠᠳ ᠣᠯᠠᠨ ᠤ ᠰᠣᠶᠣᠯ ᠤᠨ ᠬᠡᠷᠡᠭᠴᠡᠭᠡ ᠶᠢ ᠬᠠᠩᠭᠠᠬᠤ᠂ ᠠᠷᠠᠳ | ᠲᠦᠮᠡᠨ ᠤ ᠣᠶᠤᠨ ᠰᠠᠨᠠᠭᠠᠨ ᠤ ᠬᠦᠴᠦᠨ ᠢ ᠨᠡᠮᠡᠭᠳᠡᠭᠦᠯᠬᠦ᠂ ᠨᠠᠩ ᠣᠯᠠᠨ ᠰᠢᠯᠢᠳᠡᠭ ᠳᠠᠭᠤᠤ ᠬᠥᠭᠵᠢᠮ ᠤᠨ | ᠪᠦᠲᠦᠭᠡᠯ ᠢ ᠭᠠᠷᠭᠠᠵᠤ᠂ ᠴᠠᠭ ᠦᠶ᠎ᠡ ᠶᠢᠨ ᠵᠣᠷᠢᠭ ᠰᠠᠨᠠᠭ᠎ᠠ ᠶᠢ ᠲᠤᠰᠬᠠᠭᠰᠠᠨ ᠰᠢᠯᠢᠳᠡᠭ ᠳᠠᠭᠤᠤ ᠬᠥᠭᠵᠢᠮ ᠤᠨ | ᠵᠣᠬᠢᠶᠠᠨ ᠪᠦᠲᠦᠭᠡᠯᠭᠡ ᠶᠢ ᠵᠣᠷᠢᠭᠵᠢᠭᠤᠯᠤᠨ᠂ ᠨᠠᠩ ᠣᠯᠠᠨ ᠰᠢᠯᠢᠳᠡᠭ ᠳᠠᠭᠤᠤ ᠤᠷᠠᠯᠢᠭ ᠤᠨ ᠴᠢᠳᠠᠪᠤᠷᠢᠲᠠᠨ ᠢ | ᠰᠢᠯᠭᠠᠷᠠᠭᠤᠯᠣᠨ ᠭᠠᠷᠭᠠᠵᠤ᠂ ︽ᠥᠪᠥᠷ ᠮᠣᠩᠭᠤᠯ ᠤᠨ ᠳᠠᠭᠤᠤ ᠬᠥᠭᠵᠢᠮ︾ ᠤᠨ ᠨᠠᠷᠠᠲᠤ ᠲᠥᠷᠥᠯ ᠲᠡᠮᠳᠡᠭᠲᠦ ᠶᠢᠨ | ᠨᠥᠯᠥᠭᠡᠯᠡᠬᠦ ᠬᠦᠴᠦᠨ ᠢ ᠳᠡᠭᠡᠭᠰᠢᠯᠡᠭᠦᠯᠬᠦ ᠪᠣᠯᠣᠨ᠎ᠠ᠃ | |