ᠪᠥᠬᠦ ᠣᠷᠣᠨ ᠤ ᠰᠢᠤᠳᠠᠨ ᠤ ᠲᠦᠷᠭᠡᠨ ᠬᠦᠷᠭᠡᠯᠲᠡ ᠶᠢᠨ ᠦᠢᠯᠡᠰ ᠤᠨ ᠰᠢᠭᠤᠳ ᠠᠵᠢᠯᠲᠠᠨ 4.5 ᠲᠦᠮᠡ ᠳᠤ ᠬᠥᠷᠪᠡ
ᠨᠡᠶᠢᠲᠡᠯᠡᠭᠰᠡᠨ ᠴᠠᠭ᠄
2023/10/11
      10 ᠳ᠋ᠤᠭᠠᠷ ᠰᠠᠷ᠎ᠠ ᠶᠢᠨ 9 ᠤ ᠡᠳᠦᠷ ᠪᠣᠯ 54 ᠳ᠋ᠦ᠋ᠭᠡᠷ ᠬᠤᠭᠤᠴᠠᠭᠠᠨ ᠤ ᠳᠡᠯᠡᠬᠡᠢ ᠶᠢᠨ ᠰᠢᠤᠳᠠᠨ ᠤ       ᠡᠳᠦᠷ᠂ ᠡᠨᠡ ᠵᠢᠯ ᠤᠨ ᠭᠤᠣᠯ ᠰᠡᠳᠦᠪ ᠨᠢ ︽ᠢᠲᠡᠭᠡᠯ ᠢ ᠬᠠᠮᠲᠤ ᠪᠠᠷ ᠪᠣᠢ ᠪᠣᠯᠭᠠᠶ᠎ᠠ - ᠠᠮᠤᠷ ᠲᠦᠪᠰᠢᠨ ᠬᠤᠯᠪᠣᠭᠠᠯᠠᠭᠰᠠᠨ ᠢᠷᠡᠭᠡᠳᠦᠢ ᠶᠢ ᠬᠠᠮᠲᠤ ᠪᠠᠷ ᠪᠠᠶᠢᠭᠤᠯᠤᠶ᠎ᠠ︾ ᠪᠣᠯᠣᠨ᠎ᠠ᠃ ᠥᠪᠡᠷᠲᠡᠭᠡᠨ ᠵᠠᠰᠠᠬᠤ  ᠣᠷᠣᠨ ᠤ ᠰᠢᠤᠳᠠᠨ ᠤ ᠬᠠᠮᠢᠶᠠᠷᠤᠯᠲᠠ ᠶᠢᠨ ᠲᠣᠪᠴᠢᠶ᠎ᠠ ᠶᠢᠨ ᠪᠦᠷᠢᠳᠬᠡᠯ ᠠᠴᠠ ᠬᠠᠷᠠᠬᠤ ᠳᠤ᠂ ᠡᠳᠦᠭᠡ ᠬᠦᠷᠲᠡᠯ᠎ᠡ᠂ ᠥᠪᠥᠷ ᠮᠣᠩᠭᠤᠯ ᠤᠨ ᠰᠢᠤᠳᠠᠨ ᠤ ᠲᠦᠷᠭᠡᠨ  ᠬᠦᠷᠭᠡᠯᠲᠡ ᠶᠢᠨ ᠦᠢᠯᠡᠰ ᠤᠨ ᠰᠢᠭᠤᠳ ᠠᠵᠢᠯᠲᠠᠨ 4.5 ᠲᠦᠮᠡ ᠳᠤ ᠬᠦᠷᠴᠦ᠂ 2023 ᠣᠨ ᠳᠤ ᠵᠢᠱᠢᠯᠲᠡ ᠪᠠᠷ 29 ᠳ᠋ᠦᠩᠰᠢᠭᠤᠷ ᠬᠥᠮᠥᠨ ︵ᠤᠳᠠᠭ᠎ᠠ︶ ᠳᠤ ᠦᠢᠯᠡᠴᠢᠯᠡᠬᠦ ᠪᠣᠯᠣᠨ᠎ᠠ᠃ ᠪᠥᠬᠦ ᠣᠷᠣᠨ ᠳᠤ ᠲᠦᠷᠭᠡᠨ ᠬᠦᠷᠭᠡᠯᠲᠡ ᠶᠢᠨ ᠵᠥᠪᠰᠢᠶᠡᠷᠡᠯ ᠲᠠᠢ ᠠᠵᠤ ᠠᠬᠤᠶᠢᠯᠠᠯ ᠨᠡᠶᠢᠲᠡ 406᠂ ᠰᠠᠯᠪᠤᠷᠢ ᠪᠠᠶᠢᠭᠤᠯᠤᠮᠵᠢ 1686᠂  ᠳᠠᠩᠰᠠᠯᠠᠭᠤᠯᠤᠭᠰᠠᠨ ᠦᠵᠦᠭᠦᠷ ᠴᠡᠭ 10222 ᠪᠠᠶᠢᠨ᠎ᠠ᠃ ᠣᠳᠣᠬᠠᠨ ᠳᠤ᠂ ᠬᠢᠯᠢ ᠬᠢᠵᠠᠭᠠᠷ ᠤᠨ 131 ᠭᠠᠴᠠᠭ᠎ᠠ ᠲᠣᠰᠬᠤᠨ ᠪᠦᠬᠦᠨ ᠳᠤ ᠰᠢᠤᠳᠠᠨ ᠦᠢᠯᠡᠴᠢᠯᠡᠭᠡ ᠲᠠᠢ ᠪᠣᠯᠵᠤ᠂ ᠰᠢᠶᠠᠩ ᠪᠣᠯᠭᠠᠨ ᠳᠤ ᠪᠠᠶᠢᠭᠤᠯᠤᠮᠵᠢ ᠪᠠᠶᠢᠭᠤᠯᠵᠤ᠂ ᠲᠣᠰᠬᠤᠨ ᠪᠦᠷᠢ ᠳᠤ ᠰᠢᠤᠳᠠᠨ᠋ ᠲᠠᠢ ᠪᠣᠯᠬᠤ ᠶᠢ ᠪᠡᠶᠡᠯᠡᠭᠦᠯᠦᠭᠰᠡᠨ       ᠪᠠᠶᠢᠨ᠎ᠠ᠃       ᠵᠢᠯ ᠡᠬᠢᠯᠡᠭᠰᠡᠨ ᠠᠴᠠ ᠨᠠᠭᠠᠰᠢ᠂ ᠥᠪᠡᠷᠲᠡᠭᠡᠨ ᠵᠠᠰᠠᠬᠤ ᠣᠷᠣᠨ ᠤ ᠰᠢᠤᠳᠠᠨ ᠤ ᠬᠠᠮᠢᠶᠠᠷᠤᠯᠲᠠ ᠶᠢᠨ ᠲᠣᠪᠴᠢᠶ᠎ᠠ ᠨᠢ ︽ᠬᠤᠶᠠᠷ ᠲᠣᠭᠲᠠᠯᠴᠠᠭ᠎ᠠ ᠬᠤᠶᠠᠷ  ᠢᠨᠵᠧᠨᠧᠷᠢᠩ︾ ᠤᠨ ᠴᠢᠨᠠᠷ ᠰᠠᠶᠢᠲᠠᠢ ᠬᠥᠭᠵᠢᠯᠲᠡ ᠶᠢᠨ ᠠᠵᠢᠯ ᠤᠨ ᠭᠤᠣᠯ ᠱᠤᠭᠤᠮ ᠪᠠ ︽ᠨᠢᠭᠡ ᠠᠷᠭ᠎ᠠ ᠭᠤᠷᠪᠠᠨ ᠲᠣᠭᠲᠠᠯᠴᠠᠭ᠎ᠠ︾ ᠶᠢᠨ ᠥᠨᠳᠥᠷ ᠪᠦᠲᠦᠮᠵᠢᠲᠡᠶ  ᠵᠠᠰᠠᠯᠲᠠ ᠶᠢᠨ ᠠᠵᠢᠯ ᠤᠨ ᠭᠤᠣᠯ ᠱᠤᠭᠤᠮ ᠢ ᠬᠡᠷᠡᠭᠵᠢᠭᠦᠯᠬᠦ ᠪᠠᠷ ᠳᠠᠮᠵᠢᠭᠤᠯᠤᠨ᠂ ᠰᠠᠭᠤᠷᠢ ᠲᠣᠣᠷ ᠰᠦᠯᠵᠢᠶ᠎ᠡ ᠶᠢ ᠲᠠᠰᠤᠷᠠᠯᠲᠠ ᠦᠭᠡᠢ ᠥᠷᠭᠡᠳᠬᠡᠨ᠂  ᠦᠢᠯᠡᠴᠢᠯᠡᠭᠡᠨ ᠤ ᠴᠢᠳᠠᠪᠤᠷᠢ ᠪᠠᠨ ᠳᠡᠭᠡᠭᠰᠢᠯᠡᠭᠦᠯᠵᠦ᠂ ᠪᠥᠬᠦ ᠣᠷᠣᠨ ᠤ ᠰᠢᠤᠳᠠᠨ ᠤ ᠲᠦᠷᠭᠡᠨ ᠬᠦᠷᠭᠡᠯᠲᠡ ᠶᠢᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠪᠥᠬᠦ  ᠬᠦᠴᠦᠨ ᠢᠶᠠᠷ ᠢᠶᠠᠨ ᠠᠬᠢᠭᠤᠯᠬᠤ ᠲᠠᠯ᠎ᠠ ᠪᠠᠷ ᠢᠳᠡᠪᠬᠢᠲᠡᠢ ᠦᠷ᠎ᠡ ᠪᠦᠲᠦᠮᠵᠢ ᠣᠯᠣᠭᠰᠠᠨ ᠪᠠᠶᠢᠨ᠎ᠠ᠃       ᠲᠠᠷᠠᠭᠠᠴᠢ ᠶᠢᠨ ᠠᠯᠬᠤᠮ ᠳᠤ᠂ ᠪᠥᠬᠦ ᠣᠷᠣᠨ ᠤ ᠰᠢᠤᠳᠠᠨ ᠤ ᠰᠢᠰᠲ᠋ᠧᠮ ᠠᠵᠢᠯ ᠲᠥᠷᠥᠯ ᠤᠨ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢ  ᠴᠢᠩᠭᠠᠳᠬᠠᠵᠤ᠂ ᠬᠥᠳᠡᠭᠡ ᠲᠣᠰᠬᠤᠨ ᠤ ᠪᠠᠷᠠᠭᠠᠨ ᠤ ᠭᠦᠢᠯᠭᠡᠭᠡᠨ ᠤ ᠲᠣᠭᠲᠠᠯᠴᠠᠭ᠎ᠠ ᠶᠢᠨ ᠪᠦᠲᠦᠭᠡᠨ ᠪᠠᠶᠢᠭᠤᠯᠤᠯᠲᠠ ᠶᠢᠨ ᠦᠷ᠎ᠡ ᠪᠦᠲᠦᠭᠡᠯ ᠢ ᠪᠠᠬᠢᠵᠢᠭᠦᠯᠦᠨ ᠲᠡᠭᠦᠯᠳᠡᠷᠵᠢᠭᠦᠯᠵᠦ᠂ ᠬᠤᠪᠢᠶᠠᠷᠢᠯᠠᠯᠲᠠ ᠪᠠ ᠬᠠᠮᠲᠤ ᠶᠢᠨ ᠲᠦᠭᠡᠭᠡᠯᠲᠠ ᠶᠢᠨ ᠲᠥᠪ ᠢᠶᠠᠷ ᠭᠤᠣᠯᠯᠠᠭᠰᠠᠨ ᠭᠤᠷᠪᠠᠨ ᠱᠠᠲᠤᠨ ᠤ ᠪᠠᠷᠠᠭᠠᠨ ᠤ ᠭᠦᠢᠯᠭᠡᠭᠡᠨ ᠤ  ᠲᠣᠭᠲᠠᠯᠴᠠᠭ᠎ᠠ ᠶᠢ ᠲᠠᠰᠤᠷᠠᠯᠲᠠ ᠦᠭᠡᠢ ᠲᠡᠭᠦᠯᠳᠡᠷᠵᠢᠭᠦᠯᠵᠦ᠂ ᠪᠥᠬᠦ ᠣᠷᠣᠨ ᠤ ᠬᠤᠰᠢᠭᠤ ᠰᠢᠶᠠᠨ ᠤ ᠬᠤᠪᠢᠶᠠᠷᠢᠯᠠᠯᠲᠠ ᠪᠠ ᠬᠠᠮᠲᠤ ᠶᠢᠨ ᠲᠦᠭᠡᠭᠡᠯᠲᠠ ᠶᠢᠨ ᠲᠥᠪ  ᠪᠦᠬᠦᠨ ᠢ ᠬᠠᠮᠤᠷᠬᠤ ᠶᠢ ᠪᠡᠶᠡᠯᠡᠭᠦᠯᠦᠨ᠎ᠡ᠃  
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号