ᠴᠠᠭᠠᠨ ᠦᠰᠦ ᠶᠢ ᠦᠭᠲᠡᠭᠡᠬᠦ ᠲᠤᠰᠤᠮ ᠤᠷᠭᠤᠳᠠᠭ ᠤᠤ︖
ᠨᠡᠶᠢᠲᠡᠯᠡᠭᠰᠡᠨ ᠴᠠᠭ᠄
2023/10/25
      ᠴᠠᠭᠠᠨ ᠦᠰᠦ ᠶᠠᠭᠠᠬᠢᠭᠠᠳ ᠤᠯᠠᠮ ᠨᠡᠮᠡᠭᠳᠡᠳᠡᠭ ᠪᠤᠢ︖ ᠵᠠᠷᠢᠮ ᠬᠥᠮᠥᠨ ᠤ ᠦᠵᠡᠬᠦ ᠪᠠᠷ᠂ ᠴᠠᠭᠠᠨ ᠦᠰᠦ ᠦᠭᠲᠡᠭᠡᠬᠦ ᠲᠤᠰᠤᠮ ᠨᠡᠮᠡᠭᠳᠡᠨ᠎ᠡ ᠭᠡᠵᠦ ᠪᠤᠢ᠃ ᠡᠨᠡ ᠨᠢ ᠡᠰᠢ ᠪᠠᠷᠢᠮᠲᠠ ᠲᠠᠢ ᠤᠤ︖ ᠬᠤᠨᠠᠨ ᠮᠤᠵᠢ ᠶᠢᠨ  ᠠᠷᠠᠳ ᠤᠨ ᠡᠮᠨᠡᠯᠭᠡ ᠶᠢᠨ ᠬᠤᠷᠢᠶᠠᠨ ᠤ ᠠᠷᠠᠰᠤᠨ ᠤ ᠡᠮᠨᠡᠯᠬᠡ ᠶᠢᠨ ᠡᠷᠬᠢᠯᠡᠭᠴᠢ ᠡᠮᠴᠢ ᠰᠢᠶᠣᠣ ᠸᠧᠢ ᠷᠦᠩ   ᠬᠡᠯᠡᠬᠦ ᠳᠡᠭᠡᠨ᠂ ᠡᠨᠡ ᠨᠢ ᠶᠠᠮᠠᠷᠴᠤ ᠰᠢᠨᠵᠢᠯᠡᠬᠦ ᠤᠬᠠᠭᠠᠨ ᠤ ᠡᠰᠢ ᠪᠠᠷᠢᠮᠲᠠ ᠦᠭᠡᠢ ᠶᠤᠮ ᠭᠡᠵᠡᠢ᠃         ᠲᠡᠭᠡᠪᠡᠯ᠂ ᠶᠠᠭᠠᠬᠢᠭᠠᠳ ᠬᠥᠮᠥᠨ ᠤ ᠨᠠᠰᠤ ᠨᠡᠮᠡᠭᠳᠡᠬᠦ ᠶᠢ ᠳᠠᠭᠠᠯᠳᠤᠨ᠂ ᠭᠡᠵᠢᠭᠡ ᠦᠰᠦ ᠨᠢ ᠪᠤᠭᠤᠷᠤᠯᠲᠤᠵᠤ᠂  ᠨᠡᠩ ᠴᠦ ᠵᠠᠯᠠᠭᠤᠴᠤᠳ ᠤᠨ ᠳᠤᠮᠳᠠ ᠪᠤᠭᠤᠷᠤᠯ ᠦᠰᠦ ᠲᠠᠢ ᠬᠥᠮᠥᠨ ᠣᠯᠠᠰᠢᠷᠠᠭᠰᠠᠨ ᠪᠣᠯ︖       ᠡᠭᠦᠨ ᠤ ᠲᠤᠬᠠᠢ ᠰᠢᠶᠣᠣ ᠸᠧᠢ ᠷᠦᠩ ᠬᠡᠯᠡᠬᠦ ᠳᠡᠭᠡᠨ᠂ ᠵᠠᠯᠠᠭᠤ ᠬᠥᠮᠥᠨ ᠤ ᠭᠡᠵᠢᠭᠡ ᠨᠢ ᠳᠠᠰᠦ ᠬᠠᠷ᠎ᠠ ᠪᠠᠶᠢᠳᠠᠭ ᠨᠢ ᠦᠰᠦᠨ ᠤ ᠤᠭ ᠲᠤ ᠬᠠᠷ᠎ᠠ ᠥᠩᠭᠡᠨ ᠤ ᠡᠳ᠋ ᠪᠠᠶᠢᠳᠠᠭ ᠠᠴᠠ ᠪᠣᠯᠤᠭᠰᠠᠨ ᠶᠤᠮ᠃ ᠨᠠᠰᠤ ᠨᠡᠮᠡᠭᠳᠡᠬᠦ ᠶᠢ ᠳᠠᠭᠠᠯᠳᠤᠨ᠂ ᠦᠩᠬᠡᠨ ᠤ ᠡᠳ᠋ ᠤᠨ ᠢᠳᠡᠪᠬᠢ ᠴᠢᠨᠠᠷ ᠨᠢ ᠪᠠᠭᠤᠷᠠᠵᠤ᠂ ᠠᠭᠠᠵᠢᠮ ᠢᠶᠠᠷ ᠪᠤᠭᠤᠷᠤᠯᠲᠤᠳᠠᠭ ᠶᠤᠮ  ᠪᠠᠶᠢᠨ᠎ᠠ᠃ ᠬᠠᠷ᠎ᠠ ᠥᠩᠭᠡᠨ ᠤ ᠡᠳ᠋ ᠡᠭᠦᠰᠬᠦ ᠶᠠᠪᠤᠴᠠ ᠳᠤ ᠵᠡᠰ᠂ ᠴᠠᠶᠢᠷ᠂ ᠲᠡᠮᠦᠷ ᠵᠡᠷᠭᠡ ᠪᠢᠴᠢᠯ ᠡᠯᠧᠮᠧᠨ᠋ᠲ ᠬᠡᠷᠡᠭᠲᠡᠢ᠃ ᠬᠡᠷᠪᠡ ᠬᠥᠮᠥᠨ ᠤ ᠪᠡᠶ᠎ᠡ ᠳᠤ ᠡᠲᠡᠭᠡᠷ ᠡᠯᠧᠮᠧᠨ᠋ᠲ ᠳᠤᠲᠠᠭᠳᠠᠪᠠᠯ᠂ ᠬᠠᠷ᠎ᠠ ᠥᠩᠭᠡᠨ ᠤ ᠡᠳ᠋ ᠤᠨ ᠪᠣᠶ ᠪᠣᠯᠬᠤ ᠶᠢ ᠨᠥᠯᠥᠭᠡᠯᠡᠬᠦ ᠪᠣᠯᠬᠤᠷ ᠭᠡᠵᠢᠭᠡ ᠰᠢᠷᠠᠯᠠᠬᠤ ᠪᠤᠶᠤ ᠴᠢᠨᠠᠭᠰᠢᠯᠠᠭᠠᠳ ᠴᠠᠶᠢᠷᠠᠳᠠᠭ᠃ ᠡᠭᠦᠨ ᠠᠴᠠ ᠭᠠᠳᠠᠨ᠎ᠠ᠂  ᠤᠳᠤᠮᠰᠢᠯ᠂ ᠣᠶᠣᠨ ᠰᠠᠨᠠᠭᠠᠨ ᠤ ᠨᠥᠯᠥᠭᠡᠯᠡᠯ ᠵᠡᠷᠭᠡ ᠨᠢ ᠪᠠᠰᠠ ᠦᠰᠦ ᠴᠠᠶᠢᠬᠤ ᠶᠢᠨ ᠴᠢᠬᠤᠯᠠ ᠰᠢᠯᠲᠠᠭᠠᠨ ᠪᠣᠯᠵᠤ  ᠪᠠᠶᠢᠭ᠎ᠠ ᠶᠤᠮ᠃       
 
ᠢᠷᠡᠯᠲᠡ᠄ ᠪᠤᠭᠤᠲᠤ ᠶᠢᠨ ᠵᠠᠰᠠᠭ ᠤᠨ ᠣᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号