2023 ᠣᠨ ᠤ ᠣᠷᠳᠣᠰ ᠤᠨ ᠨᠡᠭᠦᠷᠡᠰᠦᠲᠥ᠋ᠷᠥᠭᠴᠢ ᠦᠭᠡᠢ ᠠᠵᠤ ᠦᠢᠯᠡᠰ ᠤᠨ ᠶᠡᠭᠡ ᠬᠤᠷᠠᠯ ᠡᠬᠢᠯᠡᠪᠡ ᠪᠠᠢ ᠴᠢᠩ ᠶᠤᠸᠠᠨ ᠬᠤᠷᠠᠯ ᠳᠤ ᠣᠷᠣᠯᠴᠠᠪᠠ
ᠨᠡᠶᠢᠲᠡᠯᠡᠭᠰᠡᠨ ᠴᠠᠭ᠄
2023/10/30
     10 ᠳ᠋ᠤᠭᠠᠷ ᠰᠠᠷ᠎ᠠ ᠶᠢᠨ 26᠎ ᠤ ᠡᠳᠦᠷ᠂ ︽ᠪᠣᠬᠢᠷᠲᠤᠯ ᠦᠭᠡᠢ ᠬᠥᠭᠵᠢᠯᠲᠡ  ᠨᠡᠭᠦᠷᠡᠰᠦᠲᠥ᠋ᠷᠥᠭᠴᠢ ᠦᠭᠡᠢ ᠢᠷᠡᠭᠡᠳᠦᠢ︾᠎ ᠪᠠᠷ ᠰᠡᠳᠦᠪᠯᠡᠭᠰᠡᠨ 2023 ᠣᠨ ᠤ ᠣᠷᠳᠣᠰ ᠤᠨ ᠨᠡᠭᠦᠷᠡᠰᠦᠲᠥ᠋ᠷᠥᠭᠴᠢ ᠦᠭᠡᠢ ᠠᠵᠤ ᠦᠢᠯᠡᠰ ᠤᠨ ᠶᠡᠭᠡ ᠬᠤᠷᠠᠯ ᠡᠬᠢᠯᠡᠪᠡ᠃ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠪᠠᠢ ᠴᠢᠩ ᠶᠤᠸᠠᠨ ᠣᠷᠣᠯᠴᠠᠪᠠ᠃      ᠲᠤᠰ ᠤᠳᠠᠭᠠᠨ ᠤ ᠶᠡᠭᠡ ᠬᠤᠷᠠᠯ ᠨᠢ ᠣᠷᠳᠣᠰ ᠬᠤᠳᠠ ᠶᠢᠨ ᠨᠡᠭᠦᠷᠡᠰᠦᠲᠥ᠋ᠷᠥᠭᠴᠢ ᠦᠭᠡᠢ ᠠᠵᠤ ᠦᠢᠯᠡᠰ ᠤᠨ ᠪᠦᠲᠦᠭᠡᠨ ᠪᠠᠶᠢᠭᠤᠯᠤᠯᠲᠠ ᠶᠢᠨ ᠦᠷ᠎ᠡ  ᠪᠦᠲᠦᠭᠡᠯ ᠤᠳ ᠢ ᠲᠥᠪᠯᠡᠷᠡᠭᠦᠯᠦᠨ ᠦᠵᠡᠭᠦᠯᠵᠦ᠂ ᠤᠯᠤᠰ ᠤᠨ ᠳᠣᠲᠣᠭᠠᠳᠤ ᠭᠠᠳᠠᠭᠠᠳᠤ ᠶᠢᠨ ᠨᠡᠭᠦᠷᠡᠰᠦᠲᠥ᠋ᠷᠥᠭᠴᠢ ᠦᠭᠡᠢ ᠠᠵᠤ ᠦᠢᠯᠡᠰ ᠤᠨ ᠳᠠᠭᠠᠭᠤᠯᠤᠭᠴᠢ᠂ ᠮᠡᠷᠭᠡᠵᠢᠯᠲᠡᠨ ᠡᠷᠳᠡᠮᠲᠡᠨ᠂ ᠪᠠᠶᠢᠭᠤᠯᠤᠮᠵᠢ ᠪᠣᠯᠣᠨ ᠵᠠᠰᠠᠭ ᠤᠨ ᠣᠷᠳᠣᠨ ᠤ ᠰᠠᠯᠠᠭ᠎ᠠ ᠮᠥᠴᠢᠷ ᠤᠨ ᠲᠥᠯᠥᠭᠡᠯᠡᠭᠴᠢᠳ ᠢ ᠤᠷᠢᠵᠤ᠂ ᠨᠡᠭᠦᠷᠡᠰᠦᠲᠥ᠋ᠷᠥᠭᠴᠢ ᠦᠭᠡᠢ ᠠᠵᠤ  ᠦᠢᠯᠡᠰ ᠤᠨ ᠰᠢᠨ᠎ᠡ ᠵᠠᠭᠪᠤᠷ ᠪᠣᠯᠣᠨ ᠤᠳᠤ ᠦᠶ᠎ᠡ ᠶᠢᠨ ᠡᠨᠧᠷᠭᠢ ᠵᠢᠴᠢ ᠠᠵᠤ ᠦᠢᠯᠡᠳᠪᠦᠷᠢ ᠶᠢᠨ ᠲᠣᠭᠲᠠᠯᠴᠠᠭ᠎ᠠ ᠶᠢᠨ ᠪᠣᠬᠢᠷᠲᠤᠯ ᠦᠭᠡᠢ ᠪᠠᠷ ᠬᠡᠯᠪᠡᠷᠢ ᠪᠠᠨ  ᠬᠤᠪᠢᠷᠠᠭᠤᠯᠬᠤ ᠶᠢ ᠶᠠᠷᠢᠯᠴᠠᠵᠠᠭᠠᠪᠠ᠃ ᠡᠬᠢᠯᠡᠯᠲᠡ ᠶᠢᠨ ᠶᠣᠰᠣᠯᠠᠯ ᠳᠡᠭᠡᠷ᠎ᠡ᠂ ᠬᠥᠬᠡᠬᠤᠲᠠ᠂ ᠪᠤᠭᠤᠲᠤ᠂ ᠣᠷᠳᠣᠰ ᠪᠣᠯᠣᠨ ᠤᠯᠠᠭᠠᠨᠴᠠᠪ ᠵᠡᠷᠭᠡ ᠭᠠᠵᠠᠷ ᠤᠨ ᠥᠪᠥᠷ ᠮᠣᠩᠭᠤᠯ ᠤᠨ ᠪᠣᠬᠢᠷᠲᠤᠯ ᠦᠭᠡᠢ ᠬᠥᠭᠵᠢᠯᠲᠡ ᠶᠢᠨ ᠵᠢᠱᠢᠶ᠎ᠡ ᠪᠣᠯᠣᠨ ᠰᠢᠨ᠎ᠡ ᠡᠨᠧᠷᠭᠢ ᠶᠢᠨ ᠠᠵᠤ ᠦᠢᠯᠡᠰ ᠤᠨ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠢ ᠲᠤᠬᠠᠢ ᠶᠢᠨ ᠲᠠᠯᠠᠪᠠᠢ ᠳᠤ ᠵᠠᠯᠭᠠᠨ ᠦᠵᠡᠭᠦᠯᠵᠡᠢ︔ ᠳᠡᠯᠡᠬᠡᠢ ᠶᠢᠨ ᠪᠠ ᠤᠯᠤᠰ ᠤᠨ ᠳᠣᠲᠣᠭᠠᠳᠤ ᠶᠢᠨ ᠲᠡᠷᠢᠭᠦᠨ ᠤ ᠪᠠᠷᠢᠮᠵᠢᠶᠠᠲᠤ ᠪᠠᠶᠢᠭᠤᠯᠤᠮᠵᠢ ᠵᠢᠴᠢ ᠠᠵᠤ ᠠᠬᠤᠶᠢᠯᠠᠯ ᠤᠳ ᠨᠡᠭᠦᠷᠡᠰᠦᠲᠥ᠋ᠷᠥᠭᠴᠢ ᠦᠭᠡᠢ ᠤᠯᠠᠨ ᠤᠯᠤᠰ ᠤᠨ ᠪᠠᠷᠢᠮᠵᠢᠶᠠᠲᠤ ᠪᠦᠲᠦᠭᠡᠨ ᠪᠠᠶᠢᠭᠤᠯᠤᠯᠲᠠ ᠵᠢᠴᠢ ᠪᠣᠬᠢᠷᠲᠤᠯ ᠦᠭᠡᠢ ᠠᠷᠠᠯᠵᠢᠶᠠᠨ ᠤ ᠣᠷᠳᠣᠰ ᠲᠠᠬᠢ ᠠᠵᠢᠯᠯᠠᠭ᠎ᠠ ᠶᠢ ᠬᠠᠮᠲᠤ ᠪᠠᠷ ᠡᠬᠢᠯᠡᠭᠦᠯᠪᠡ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号