ᠪᠠᠶᠠᠨᠳᠤᠤᠷᠠᠢ ᠰᠤᠮᠤ ᠶᠢᠨ ᠠᠵᠢᠯᠴᠢᠨ ᠤ ᠡᠪᠯᠡᠯ ᠤᠨ ᠬᠤᠯᠪᠣᠭᠠᠲᠤ ᠬᠤᠷᠠᠯ ᠤᠨ ᠠᠩᠬᠠᠳᠤᠭᠠᠷ ᠬᠤᠭᠤᠴᠠᠭᠠᠨ ᠤ ᠬᠤᠷᠠᠯ ᠵᠢᠴᠢ ᠰᠣᠩᠭᠤᠭᠤᠯᠢ ᠶᠢᠨ ᠶᠡᠭᠡ ᠬᠤᠷᠠᠯ ᠤᠷᠤᠭᠰᠢᠲᠠᠢ ᠬᠤᠷᠠᠯᠳᠤᠪᠠ
ᠨᠡᠶᠢᠲᠡᠯᠡᠭᠰᠡᠨ ᠴᠠᠭ᠄
2023/10/9
      ᠠᠵᠢᠯᠴᠢᠨ ᠤ ᠡᠪᠯᠡᠯ ᠤᠨ ᠠᠵᠢᠯᠯᠠᠭᠠᠨ ᠤ ᠲᠣᠭᠲᠠᠴᠠ ᠶᠢ ᠤᠯᠠᠮ ᠨᠢᠭᠡ ᠠᠯᠬᠤᠮ ᠰᠢᠯᠢᠳᠡᠭᠵᠢᠭᠦᠯᠵᠦ ᠂ ᠠᠵᠢᠯ ᠤᠨ ᠬᠦᠷᠢᠶ᠎ᠡ ᠶᠢ ᠤᠷᠲᠤᠳᠬᠠᠵᠤ ᠂ ᠣᠷᠣᠨ ᠪᠦᠰᠡᠴᠢᠯᠡᠭᠰᠡᠨ ᠵᠣᠬᠢᠶᠠᠨ ᠪᠠᠶᠢᠭᠤᠯᠤᠯᠲᠠ ᠶᠢᠨ ᠪᠦᠷᠬᠦᠴᠡ ᠶᠢ ᠥᠷᠭᠡᠳᠬᠡᠵᠦ ᠂ ᠦᠨᠳᠦᠰᠦᠨ ᠱᠠᠲᠤᠨ ᠤ ᠠᠮᠢᠵᠢᠷᠠᠯ ᠤᠨ ᠬᠦᠴᠦᠨ ᠢ ᠬᠥᠭᠵᠢᠭᠡᠬᠦ ᠶᠢᠨ ᠲᠥᠯᠥᠭᠡ ᠂ ᠥᠢᠷ᠎ᠠ ᠤᠨ ᠡᠳᠦᠷ᠂ ᠪᠠᠶᠠᠨᠳᠤᠤᠷᠠᠢ ᠰᠤᠮᠤ ᠶᠢᠨ ᠠᠵᠢᠯᠴᠢᠨ ᠤ ᠡᠪᠯᠡᠯ ᠤᠨ ᠬᠤᠯᠪᠣᠭᠠᠲᠤ ᠬᠤᠷᠠᠯ ᠠᠩᠬᠠᠳᠤᠭᠠᠷ ᠬᠤᠭᠤᠴᠠᠭᠠᠨ ᠤ ᠠᠵᠢᠯᠴᠢᠨ ᠤ ᠡᠪᠯᠡᠯ ᠤᠨ ᠭᠡᠰᠢᠭᠦᠳ ᠤᠨ ᠶᠡᠭᠡ ᠬᠤᠷᠠᠯ ᠵᠢᠴᠢ ᠰᠣᠩᠭᠤᠭᠤᠯᠢ ᠶᠢᠨ ᠶᠡᠭᠡ ᠬᠤᠷᠠᠯ ᠢ ᠬᠤᠷᠠᠯᠳᠤᠭᠤᠯᠵᠤ ᠂ ᠬᠠᠷᠢᠶ᠎ᠠ ᠣᠷᠣᠨ ᠤ ᠪᠠᠶᠢᠭᠤᠯᠤᠯᠭ᠎ᠠ ᠵᠢᠴᠢ ᠠᠵᠤ ᠠᠬᠤᠶᠢᠯᠠᠯ ᠤᠨ 32 ᠭᠡᠰᠢᠭᠦᠨ ᠬᠤᠷᠠᠯ ᠳᠤ ᠣᠷᠣᠯᠴᠠᠪᠠ ᠃      ᠬᠤᠷᠠᠯ ᠰᠦᠷ ᠵᠢᠪᠬᠤᠯᠠᠩᠲᠤ ᠤᠯᠤᠰ ᠤᠨ ᠰᠦᠯᠳᠡ ᠳᠠᠭᠤᠤ ᠶᠢᠨ ᠳᠤᠮᠳᠠ ᠬᠥᠰᠢᠭᠡ ᠪᠠᠨ ᠰᠡᠬᠦᠵᠦ ᠂ ᠶᠡᠭᠡ ᠬᠤᠷᠠᠯ ᠠᠴᠠ ᠪᠠᠶᠠᠨᠳᠤᠤᠷᠠᠢ ᠰᠤᠮᠤ ᠶᠢᠨ ᠠᠵᠢᠯᠴᠢᠨ ᠤ ᠡᠪᠯᠡᠯ ᠤᠨ ᠵᠥᠪᠯᠡᠯ ᠤᠨ ᠠᠵᠢᠯ ᠤᠨ ᠮᠡᠳᠡᠭᠦᠯᠦᠯᠲᠡ ᠶᠢ ᠰᠣᠨᠣᠰᠤᠭᠰᠠᠨ ᠪᠥᠭᠡᠳ ︽ ᠪᠠᠶᠠᠨᠳᠤᠤᠷᠠᠢ ᠰᠤᠮᠤ ᠶᠢᠨ ᠠᠵᠢᠯᠴᠢᠨ ᠤ ᠡᠪᠯᠡᠯ ᠤᠨ ᠬᠤᠯᠪᠣᠭᠠᠲᠤ ᠬᠤᠷᠠᠯ ᠤᠨ ᠰᠣᠩᠭᠤᠭᠤᠯᠢ ᠶᠢᠨ ᠠᠷᠭ᠎ᠠ ︾ ︵ᠲᠥᠰᠥᠯ︶ ᠂ ᠠᠵᠢᠯᠴᠢᠨ ᠤ ᠡᠪᠯᠡᠯ ᠤᠨ ᠵᠥᠪᠯᠡᠯ ᠂ ᠵᠠᠷᠤᠳᠠᠯ ᠢ ᠬᠢᠨᠠᠨ ᠪᠠᠶᠢᠴᠠᠭᠠᠬᠤ ᠵᠥᠪᠯᠡᠯ ᠂ ᠡᠮᠡᠭᠲᠡᠢ ᠠᠵᠢᠯᠲᠠᠨ ᠠᠵᠢᠯᠴᠢᠨ ᠤ ᠵᠥᠪᠯᠡᠯ ᠤᠨ ᠵᠢᠱᠢᠭᠳᠡᠭᠴᠢ ᠶᠢᠨ ᠨᠡᠷᠡᠰ ᠵᠢᠴᠢ ᠶᠡᠷᠦᠩᠬᠡᠢ ᠪᠢᠯᠧᠲ ᠬᠢᠨᠠᠭᠴᠢ ᠂ ᠪᠢᠯᠧᠲ ᠬᠢᠨᠠᠭᠴᠢ ᠂ ᠪᠢᠯᠧᠲ ᠪᠦᠷᠢᠳᠬᠡᠭᠴᠢ ᠶᠢᠨ ᠨᠡᠷᠡᠰ ︵ᠲᠥᠰᠥᠯ︶᠎ ᠢ ᠪᠠᠲᠤᠯᠠᠪᠠ ᠃      ᠶᠡᠭᠡ ᠬᠤᠷᠠᠯ ᠠᠴᠠ ︽ ᠪᠦᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠵᠢᠯᠴᠢᠨ ᠤ ᠡᠪᠯᠡᠯ ᠤᠨ ᠬᠠᠤᠯᠢ ︾ ᠂ ︽ ᠳᠤᠮᠳᠠᠳᠤ ᠤᠯᠤᠰ ᠤᠨ ᠠᠵᠢᠯᠴᠢᠨ ᠤ ᠡᠪᠯᠡᠯ ᠤᠨ ᠳᠦᠷᠢᠮ ︾ ᠂ ︽ ᠠᠵᠢᠯᠴᠢᠨ ᠤ ᠡᠪᠯᠡᠯ ᠤᠨ ᠦᠨᠳᠦᠰᠦᠨ ᠱᠠᠲᠤᠨ ᠤ ᠵᠣᠬᠢᠶᠠᠨ ᠪᠠᠶᠢᠭᠤᠯᠤᠯᠲᠠ ᠶᠢᠨ ᠰᠣᠩᠭᠤᠭᠤᠯᠢ ᠶᠢᠨ ᠠᠵᠢᠯ ᠤᠨ ᠳᠦᠷᠢᠮ ︾ ᠎ ᠳᠤ ᠲᠣᠭᠲᠠᠭᠠᠭᠰᠠᠨ ᠲᠡᠰ ᠳᠠᠷᠠᠭᠠᠯᠠᠯ ᠢ ᠴᠢᠩᠭ᠎ᠠ ᠵᠢᠷᠤᠮᠯᠠᠨ᠂ ᠨᠡᠷ᠎ᠡ ᠲᠡᠮᠳᠡᠭᠯᠡᠬᠦ ᠦᠭᠡᠢ ᠪᠠᠷ ᠪᠢᠯᠧᠲ ᠥᠭᠬᠦ ᠠᠷᠭ᠎ᠠ ᠪᠠᠷ ᠪᠠᠶᠠᠨᠳᠤᠤᠷᠠᠢ ᠰᠤᠮᠤ ᠶᠢᠨ ᠠᠵᠢᠯᠴᠢᠨ ᠤ ᠡᠪᠯᠡᠯ ᠤᠨ ᠬᠤᠯᠪᠣᠭᠠᠲᠤ ᠬᠤᠷᠠᠯ ᠤᠨ ᠠᠩᠬᠠᠳᠤᠭᠠᠷ ᠬᠤᠭᠤᠴᠠᠭᠠᠨ ᠤ ᠠᠵᠢᠯᠴᠢᠨ ᠤ ᠡᠪᠯᠡᠯ ᠤᠨ ᠵᠥᠪᠯᠡᠯ ᠤᠨ ᠭᠡᠰᠢᠭᠦᠨ 5 ᠬᠥᠮᠥᠨ᠂ ᠵᠠᠷᠤᠳᠠᠯ ᠢ ᠬᠢᠨᠠᠨ ᠪᠠᠶᠢᠴᠠᠭᠠᠬᠤ ᠵᠥᠪᠯᠡᠯ ᠤᠨ ᠭᠡᠰᠢᠭᠦᠨ 3 ᠬᠥᠮᠥᠨ᠂ ᠡᠮᠡᠭᠲᠡᠢ ᠠᠵᠢᠯᠲᠠᠨ ᠠᠵᠢᠯᠴᠢᠨ ᠤ ᠵᠥᠪᠯᠡᠯ ᠤᠨ ᠭᠡᠰᠢᠭᠦᠨ 3 ᠬᠥᠮᠥᠨ ᠢ ᠰᠣᠩᠭᠤᠨ ᠭᠠᠷᠭᠠᠵᠠᠢ ᠃ ᠳᠠᠷᠠᠭ᠎ᠠ ᠨᠢ ᠂ ᠰᠢᠨ᠎ᠡ ᠨᠢᠭᠡ ᠬᠤᠭᠤᠴᠠᠭᠠᠨ ᠤ ᠠᠵᠢᠯᠴᠢᠨ ᠤ ᠡᠪᠯᠡᠯ ᠤᠨ ᠵᠥᠪᠯᠡᠯ᠂ ᠵᠠᠷᠤᠳᠠᠯ ᠢ ᠬᠢᠨᠠᠨ ᠪᠠᠶᠢᠴᠠᠭᠠᠬᠤ ᠵᠥᠪᠯᠡᠯ᠂ ᠡᠮᠡᠭᠲᠡᠢ ᠠᠵᠢᠯᠲᠠᠨ ᠠᠵᠢᠯᠴᠢᠨ ᠤ ᠵᠥᠪᠯᠡᠯ ᠠᠩᠬᠠᠳᠤᠭᠠᠷ ᠤᠳᠠᠭᠠᠨ ᠤ ᠪᠥᠬᠦᠳᠡ ᠬᠤᠷᠠᠯ ᠬᠤᠷᠠᠯᠳᠤᠭᠤᠯᠵᠤ  ᠶᠦᠡᠭ ᠰᠠᠷᠠᠨ᠎ᠠ ᠨᠥᠬᠦᠷ ᠢ ᠪᠠᠶᠠᠨᠳᠤᠤᠷᠠᠢ ᠰᠤᠮᠤ ᠶᠢᠨ ᠠᠵᠢᠯᠴᠢᠨ ᠤ ᠡᠪᠯᠡᠯ ᠤᠨ ᠬᠤᠯᠪᠣᠭᠠᠲᠤ ᠬᠤᠷᠠᠯ ᠤᠨ ᠠᠩᠬᠠᠳᠤᠭᠠᠷ ᠬᠤᠭᠤᠴᠠᠭᠠᠨ ᠤ ᠠᠵᠢᠯᠴᠢᠨ ᠤ ᠡᠪᠯᠡᠯ ᠤᠨ ᠵᠥᠪᠯᠡᠯ ᠤᠨ ᠲᠡᠷᠢᠭᠦᠯᠡᠭᠴᠢ ᠪᠠᠷ ᠰᠣᠩᠭᠤᠵᠤ ᠂ ᠭᠤᠣ ᠰᠢᠩ ᠯᠢ ᠨᠥᠬᠦᠷ ᠢ ᠬᠤᠯᠪᠣᠭᠠᠲᠤ ᠬᠤᠷᠠᠯ ᠤᠨ ᠠᠩᠬᠠᠳᠤᠭᠠᠷ ᠬᠤᠭᠤᠴᠠᠭᠠᠨ ᠤ ᠵᠠᠷᠤᠳᠠᠯ ᠢ ᠬᠢᠨᠠᠨ ᠪᠠᠶᠢᠴᠠᠭᠠᠬᠤ ᠵᠥᠪᠯᠡᠯ ᠤᠨ ᠡᠷᠬᠢᠯᠡᠭᠴᠢ ᠪᠠᠷ ᠰᠣᠩᠭᠤᠵᠤ ᠂ ᠎ ᠶᠢᠨ ᠨᠠ ᠨᠥᠬᠦᠷ ᠢ ᠬᠤᠯᠪᠣᠭᠠᠲᠤ ᠬᠤᠷᠠᠯ ᠤᠨ ᠠᠩᠬᠠᠳᠤᠭᠠᠷ ᠬᠤᠭᠤᠴᠠᠭᠠᠨ ᠤ ᠡᠮᠡᠭᠲᠡᠢ ᠠᠵᠢᠯᠲᠠᠨ ᠠᠵᠢᠯᠴᠢᠨ ᠤ ᠵᠥᠪᠯᠡᠯ ᠤᠨ ᠡᠷᠬᠢᠯᠡᠭᠴᠢ ᠪᠠᠷ ᠰᠣᠩᠭᠤᠪᠠ ᠃      ᠰᠤᠮᠤᠨ ᠤ ᠨᠠᠮ ᠤᠨ ᠬᠤᠷᠢᠶᠠᠨ ᠤ ᠱᠦᠵᠢ ᠯᠢᠨ ᠵᠢᠶᠠᠩ ᠬᠤᠷᠠᠯ ᠤᠨ ᠲᠡᠭᠦᠰ ᠠᠮᠵᠢᠯᠲᠠ ᠲᠠᠢ ᠬᠤᠷᠠᠯᠳᠤᠭᠰᠠᠨ ᠳᠤ ᠪᠠᠶᠠᠷ ᠬᠦᠷᠭᠡᠵᠦ ᠪᠠᠶᠢᠬᠤ ᠪᠠᠨ ᠢᠯᠡᠳᠬᠡᠵᠦ᠂ ᠲᠡᠷᠡᠴᠢᠯᠡᠨ ᠰᠢᠨ᠎ᠡ ᠪᠠᠷ ᠪᠠᠶᠢᠭᠤᠯᠤᠭᠳᠠᠭᠰᠠᠨ ᠠᠵᠢᠯᠴᠢᠨ ᠤ ᠡᠪᠯᠡᠯ ᠤᠨ ᠬᠤᠯᠪᠣᠭᠠᠲᠤ ᠬᠤᠷᠠᠯ ᠨᠢ ᠨᠠᠮ ᠤᠨ ᠪᠦᠬᠦ ᠰᠡᠳᠬᠢᠯ ᠪᠦᠬᠦ ᠵᠣᠷᠢᠭ ᠢᠶᠠᠷ ᠢᠶᠠᠨ ᠠᠵᠢᠯᠴᠢᠨ ᠠᠩᠭᠢ ᠳᠤ ᠲᠦᠰᠢᠭᠯᠡᠬᠦ ᠵᠢᠯᠤᠭᠤᠳᠬᠤ ᠴᠢᠭᠯᠡᠯᠲᠡ ᠶᠢ ᠢᠮᠠᠭᠲᠠ ᠪᠠᠷᠢᠮᠲᠠᠯᠠᠵᠤ᠂ ᠡᠭᠦᠷᠭᠡ ᠴᠢᠳᠠᠪᠤᠷᠢ ᠶᠢᠨ ᠦᠢᠯᠡᠳᠦᠯ ᠢᠶᠠᠨ ᠦᠨᠡᠨᠬᠦ ᠪᠠᠳᠠᠷᠠᠭᠤᠯᠵᠤ᠂ ᠠᠵᠢᠯᠲᠠᠨ ᠠᠵᠢᠯᠴᠢᠨ ᠲᠦᠮᠡᠨ ᠲᠠᠢ ᠨᠢᠭᠲᠠ ᠬᠠᠷᠢᠯᠴᠠᠵᠤ᠂ ᠠᠵᠢᠯᠲᠠᠨ ᠠᠵᠢᠯᠴᠢᠨ ᠳᠤ ᠪᠣᠳᠠᠲᠠᠢ ᠶᠠᠪᠤᠳᠠᠯ ᠬᠢᠵᠦ᠂ ᠰᠠᠶᠢᠨ ᠶᠠᠪᠤᠳᠠᠯ ᠬᠢᠵᠦ᠂ ᠬᠦᠴᠢᠷ ᠠᠰᠠᠭᠤᠳᠠᠯ ᠢ ᠨᠢ ᠰᠢᠢᠳᠪᠦᠷᠢᠯᠡᠵᠦ᠂ ᠠᠵᠢᠯᠲᠠᠨ ᠠᠵᠢᠯᠴᠢᠨ ᠢ ᠤᠯᠠᠮ ᠨᠢᠭᠡ ᠠᠯᠬᠤᠮ ᠬᠠᠪᠰᠤᠷᠤᠨ ᠵᠦᠢ ᠶᠣᠰᠣᠨ ᠤ ᠠᠰᠢᠭ ᠲᠤᠰᠠ ᠶᠢ ᠨᠢ ᠡᠷᠢᠯᠬᠢᠯᠡᠭᠦᠯᠵᠦ᠂ ᠠᠵᠢᠯᠲᠠᠨ ᠠᠵᠢᠯᠴᠢᠨ ᠤ ᠬᠠᠤᠯᠢ ᠶᠣᠰᠣᠨ ᠤ ᠡᠷᠬᠡ ᠠᠰᠢᠭ ᠢ ᠦᠨᠡᠨᠬᠦ ᠬᠠᠮᠠᠭᠠᠯᠠᠨ᠂ ᠰᠤᠮᠤ ᠶᠢᠨ ᠠᠵᠢᠯᠴᠢᠨ ᠤ ᠡᠪᠯᠡᠯ ᠤᠨ ᠬᠤᠯᠪᠣᠭᠠᠲᠤ ᠬᠤᠷᠠᠯ ᠢ ᠺᠠᠳ᠋ᠷ ᠠᠵᠢᠯᠲᠠᠨ ᠠᠵᠢᠯᠴᠢᠨ ᠤ ︽ᠳᠣᠲᠣᠨᠣ ᠬᠥᠮᠥᠨ︾ ᠪᠣᠯᠭᠠᠵᠤ᠂ ᠥᠷᠭᠡᠨ ᠣᠯᠠᠨ ᠠᠵᠢᠯᠲᠠᠨ ᠠᠵᠢᠯᠴᠢᠨ ᠤ ᠢᠳᠡᠪᠬᠢᠵᠢᠯ ᠢ ᠭᠦᠢᠴᠡᠳ ᠳᠠᠶᠢᠴᠢᠯᠠᠨ ᠪᠠᠳᠠᠷᠠᠭᠤᠯᠵᠤ᠂ ᠬᠥᠳᠡᠯᠮᠦᠷᠢ ᠶᠢᠨ ᠬᠠᠷᠢᠴᠠᠭ᠎ᠠ ᠶᠢ ᠵᠣᠬᠢᠴᠠᠭᠤᠯᠤᠨ᠂ ᠦᠵᠡᠰᠬᠦᠯᠡᠩᠲᠦ ᠰᠠᠶᠢᠬᠠᠨ ᠪᠠᠶᠠᠨᠳᠤᠤᠷᠠᠢ ᠶᠢ ᠪᠦᠲᠦᠭᠡᠨ ᠪᠠᠶᠢᠭᠤᠯᠬᠤ ᠳᠤ ᠬᠦᠴᠦᠨ ᠴᠢᠳᠠᠯ ᠢᠶᠠᠨ ᠡᠷᠭᠦᠬᠦ ᠬᠡᠷᠡᠭᠲᠡᠢ ᠬᠡᠵᠤ ᠱᠠᠭᠠᠷᠳᠠᠪᠠ ᠃  
 
ᠢᠷᠡᠯᠲᠡ᠄ ᠪᠠᠶᠠᠨᠳᠤᠤᠷᠠᠢ ᠰᠤᠮᠤ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号