ᠬᠠᠷ᠎ᠠ ᠪᠦᠷᠭᠦᠳ ᠤᠨ ᠠᠭᠤᠯᠠ ᠪᠠᠯᠭᠠᠰᠤ ᠭᠠᠵᠢᠭᠤ ᠨᠣᠮᠯᠠᠯ ᠢ ᠡᠰᠡᠷᠭᠦᠴᠡᠬᠦ ᠤᠬᠠᠭᠤᠯᠭ᠎ᠠ ᠶᠢᠨ ᠰᠠᠷ᠎ᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2023/10/9
      ᠭᠠᠵᠢᠭᠤ ᠨᠣᠮᠯᠠᠯ ᠢ ᠡᠰᠡᠷᠭᠦᠴᠡᠬᠦ ᠤᠬᠠᠭᠤᠯᠭ᠎ᠠ ᠬᠥᠮᠦᠵᠢᠯ ᠤᠨ ᠠᠵᠢᠯ ᠢ ᠭᠦᠨᠵᠡᠭᠡᠢ ᠲᠦᠯᠬᠢᠨ ᠠᠬᠢᠭᠤᠯᠵᠤ᠂ ᠬᠠᠷᠢᠶ᠎ᠠ ᠮᠠᠯᠴᠢᠨ ᠲᠠᠷᠢᠶᠠᠴᠢᠨ ᠣᠯᠠᠨ ᠲᠦᠮᠡᠨ ᠤ ᠭᠠᠵᠢᠭᠤ ᠨᠣᠮᠯᠠᠯ ᠢ ᠰᠡᠷᠭᠡᠶᠢᠯᠡᠬᠦ ᠪᠠ ᠭᠠᠵᠢᠭᠤ ᠨᠣᠮᠯᠠᠯ ᠢ ᠡᠰᠡᠷᠭᠦᠴᠡᠬᠦ ᠴᠢᠳᠠᠪᠤᠷᠢ ᠶᠢ ᠳᠡᠭᠡᠭᠰᠢᠯᠡᠭᠦᠯᠦᠨ᠂ ᠭᠠᠵᠢᠭᠤ ᠨᠣᠮᠯᠠᠯ ᠤᠨ ᠬᠠᠯᠳᠠᠯᠭ᠎ᠠ ᠠᠴᠠ ᠬᠤᠯᠠ ᠪᠠᠶᠢᠯᠭᠠᠵᠤ᠂       ︽ᠰᠢᠨᠵᠢᠯᠡᠬᠦ ᠤᠬᠠᠭᠠᠨ  ᠢ ᠡᠷᠬᠢᠮᠯᠡᠨ᠂ ᠭᠠᠵᠢᠭᠤ ᠨᠣᠮᠯᠠᠯ ᠢ ᠡᠰᠡᠷᠭᠦᠴᠡᠬᠦ︾ ᠠᠮᠤᠷ ᠲᠦᠪᠰᠢᠨ ᠤ ᠣᠶᠢᠯᠠᠭᠠᠭᠳᠠᠬᠤᠨ ᠢ ᠪᠠᠲᠤ ᠪᠠᠬᠢ ᠪᠣᠶ ᠪᠣᠯᠭᠠᠬᠤ ᠶᠢᠨ ᠲᠥᠯᠥᠭᠡ᠂ ᠣᠶᠢᠷ᠎ᠠ  ᠶᠢᠨ ᠬᠤᠭᠤᠴᠠᠭᠠᠨ ᠳᠤ  ᠬᠠᠷ᠎ᠠ ᠪᠦᠷᠭᠦᠳ ᠤᠨ ᠠᠭᠤᠯᠠ ᠪᠠᠯᠭᠠᠰᠤᠨ ᠤ ᠬᠢᠨ ᠠᠵᠢᠯᠲᠠᠳ ᠢ ᠵᠣᠬᠢᠶᠠᠨ ᠪᠠᠶᠢᠭᠤᠯᠵᠤ ᠭᠠᠴᠠᠭ᠎ᠠ᠂ ᠮᠠᠯᠵᠢᠬᠤ ᠡᠷᠦᠬᠡ᠂ ᠬᠠᠷᠢᠶ᠎ᠠ ᠣᠷᠣᠨ ᠤ ᠠᠵᠤ ᠠᠬᠤᠶᠢᠯᠠᠯ ᠂ ᠬᠤᠳᠠᠯᠳᠤᠭᠠᠨ ᠤ ᠫᠦᠰᠡᠨ ᠳᠤ ᠭᠦᠨᠵᠡᠭᠡᠶᠢᠷᠡᠭᠦᠯᠦᠨ ᠭᠠᠵᠢᠭᠤ ᠨᠣᠮᠯᠠᠯ ᠢ ᠡᠰᠡᠷᠭᠦᠴᠡᠬᠦ ᠤᠬᠠᠭᠤᠯᠭ᠎ᠠ ᠶᠢᠨ ᠰᠠᠷ᠎ᠠ ᠶᠢᠨ ᠣᠬᠠᠭᠤᠯᠬᠤ ᠬᠥᠮᠦᠵᠢᠯ ᠤᠨ ᠠᠵᠢᠯᠯᠠᠭ᠎ᠠ ᠥᠷᠨᠢᠭᠦᠯᠪᠡ᠃      ᠠᠵᠢᠯᠯᠠᠭ᠎ᠠ ᠶᠢᠨ ᠳᠤᠮᠳᠠ᠂ ᠠᠵᠢᠯᠲᠠᠳ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠬᠤ ᠶᠢᠨ ᠬᠠᠮᠲᠤ᠂ ᠭᠠᠵᠢᠭᠤ ᠨᠣᠮᠯᠠᠯ ᠤᠨ ᠲᠥᠷᠥᠯ ᠵᠦᠢᠯ᠂ ᠭᠠᠵᠢᠭᠤ ᠨᠣᠮᠯᠠᠯ ᠤᠨ ᠬᠤᠣᠷ ᠬᠥᠨᠥᠭᠡᠯ ᠪᠠ ᠭᠠᠵᠢᠭᠤ ᠨᠣᠮᠯᠠᠯ ᠢ ᠡᠰᠡᠷᠭᠦᠴᠡᠬᠦ ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠤᠨ ᠠᠭᠤᠯᠭ᠎ᠠ ᠶᠢᠨ ᠲᠣᠭᠤᠷᠢᠨ ᠳᠤ᠂ ᠮᠠᠯᠴᠢᠳ ᠲᠦᠮᠡᠨ ᠳᠡᠭᠡᠨ ᠭᠠᠵᠢᠭᠤ ᠨᠣᠮᠯᠠᠯ ᠡᠰᠡᠷᠭᠦᠴᠡᠬᠦ ᠮᠡᠳᠡᠯᠭᠡ᠂ ᠭᠠᠵᠢᠭᠤ ᠨᠣᠮᠯᠠᠯ ᠤᠨ ᠮᠡᠬᠡᠯᠡᠬᠦ ᠠᠷᠭ᠎ᠠ       ᠪᠠᠷᠢᠯ᠂ ᠭᠠᠵᠢᠭᠤ ᠨᠣᠮᠯᠠᠯ ᠬᠢᠭᠡᠳ ᠱᠠᠰᠢᠨ ᠰᠤᠷᠲᠠᠬᠤᠨ ᠤ ᠢᠯᠭᠠᠭ᠎ᠠ ᠶᠢ ᠨᠠᠷᠢᠨ ᠨᠢᠮᠪᠠᠢ ᠲᠦᠭᠡᠮᠡᠯᠵᠢᠭᠦᠯᠦᠨ᠂ ᠭᠠᠵᠢᠭᠤ ᠨᠣᠮᠯᠠᠯ ᠢ ᠡᠰᠡᠷᠭᠦᠴᠡᠬᠦ ᠴᠢᠳᠠᠪᠤᠷᠢ ᠪᠠᠨ ᠳᠡᠭᠡᠭᠰᠢᠯᠡᠭᠦᠯᠬᠦ ᠠᠷᠭ᠎ᠠ ᠬᠡᠮᠵᠢᠶ᠎ᠡ ᠶᠢ ᠰᠡᠳᠬᠢᠯ ᠲᠠᠯᠪᠢᠨ ᠲᠠᠶᠢᠯᠪᠤᠷᠢᠯᠠᠵᠤ᠂ ᠠᠮᠢᠳᠤᠷᠠᠯ  ᠤᠨ ᠳᠤᠮᠳᠠ ᠭᠠᠵᠢᠭᠤ ᠨᠣᠮᠯᠠᠯ ᠳᠤ ᠤᠴᠠᠷᠠᠬᠤ ᠳᠤ᠂ ᠬᠠᠤᠯᠢ ᠴᠠᠭᠠᠵᠠ ᠶᠢᠨ ᠵᠡᠪᠰᠡᠭ ᠢᠶᠠᠷ ᠥᠪᠡᠷ ᠤᠨ ᠪᠡᠶ᠎ᠡ ᠮᠠᠬᠠᠪᠤᠳ ᠪᠣᠯᠣᠨ ᠡᠳ᠋ ᠮᠦᠩᠭᠦ ᠶᠢᠨ ᠠᠮᠤᠷ ᠲᠦᠪᠰᠢᠨ ᠢ ᠬᠠᠮᠠᠭᠠᠯᠠᠬᠤ ᠶᠢ ᠮᠡᠳᠡᠵᠤ᠂ ᠭᠠᠵᠢᠭᠤ ᠨᠣᠮᠯᠠᠯ ᠠᠴᠠ ᠰᠡᠷᠭᠡᠶᠢᠯᠡᠬᠦ ᠦᠵᠡᠯ ᠤᠬᠠᠮᠰᠠᠷ ᠢᠶᠠᠨ ᠳᠡᠭᠡᠭᠰᠢᠯᠡᠭᠦᠯᠬᠦ ᠬᠡᠷᠡᠭᠲᠡᠢ ᠭᠡᠵᠦ ᠤᠬᠠᠭᠤᠯᠪᠠ᠃ ᠡᠭᠦᠨ ᠤ ᠵᠡᠷᠭᠡ ᠳᠤ᠂  ᠬᠠᠷ᠎ᠠ ᠪᠦᠷᠭᠦᠳ ᠤᠨ ᠠᠭᠤᠯᠠ ᠪᠠᠯᠭᠠᠰᠤᠨ ᠤ ᠸᠢᠴᠠᠲ ᠤᠨ ᠨᠡᠶᠢᠲᠡ ᠶᠢᠨ ᠲᠠᠪᠴᠠᠩ᠂ LED ᠲᠣᠮᠣ ᠳᠡᠯᠭᠡᠴᠡ ᠵᠡᠷᠭᠡ ᠬᠡᠯᠪᠡᠷᠢ ᠶᠢ ᠠᠰᠢᠭᠯᠠᠨ ᠭᠠᠵᠢᠭᠤ ᠨᠣᠮᠯᠠᠯ ᠢ ᠡᠰᠡᠷᠭᠦᠴᠡᠬᠦ ᠲᠥᠷᠥ ᠶᠢᠨ ᠪᠣᠳᠣᠯᠭ᠎ᠠ ᠶᠢᠨ ᠮᠡᠳᠡᠯᠭᠡ ᠶᠢ ᠤᠬᠠᠭᠤᠯᠵᠤ᠂ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠶᠢᠨ ᠣᠯᠠᠨ ᠬᠠᠷᠠᠭᠠᠰᠤ᠂ ᠪᠦᠬᠦᠨ ᠢ ᠬᠠᠮᠤᠷᠬᠤ ᠤᠬᠠᠭᠤᠯᠭ᠎ᠠ ᠶᠢᠨ ᠵᠠᠭᠪᠤᠷ ᠢ ᠪᠣᠶ ᠪᠣᠯᠭᠠᠵᠤ᠂ ᠭᠠᠵᠢᠭᠤ ᠨᠣᠮᠯᠠᠯ ᠢ ᠡᠰᠡᠷᠭᠦᠴᠡᠬᠦ ᠭᠦᠨ ᠵᠤᠵᠠᠭᠠᠨ ᠠᠭᠤᠷ ᠠᠮᠢᠰᠬᠤᠯ ᠢ ᠪᠣᠶ ᠪᠣᠯᠭᠠᠪᠠ᠃ ᠲᠣᠰ ᠤᠳᠠᠭᠠᠨ ᠤ ᠠᠵᠢᠯᠯᠠᠭ᠎ᠠ ᠳᠤ ᠨᠡᠶᠢᠲᠡ 100 ᠭᠠᠷᠤᠢ ᠬᠤᠪᠢ ᠤᠬᠠᠭᠤᠯᠬᠤ ᠮᠠᠲ᠋ᠧᠷᠢᠶᠠᠯ ᠢ ᠲᠠᠷᠬᠠᠭᠠᠵᠤ᠂ ᠭᠥᠯᠢᠶᠡᠨ ᠠᠪᠤᠭᠴᠢᠳ ᠨᠢ100 ᠭᠠᠷᠤᠢ ᠬᠥᠮᠥᠨ ᠪᠠᠶᠢᠵᠤ᠂ ᠬᠠᠷᠢᠶᠠᠲᠤ ᠣᠷᠣᠨ ᠳᠠᠬᠢ ᠮᠠᠯᠴᠢᠨ ᠲᠦᠮᠡᠨ ᠤ ᠭᠠᠵᠢᠭᠤ ᠨᠣᠮᠯᠠᠯ ᠢ ᠰᠡᠷᠭᠡᠶᠢᠯᠡᠬᠦ ᠪᠠ ᠡᠰᠡᠷᠭᠦᠴᠡᠬᠦ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠪᠡ᠃      ᠳᠠᠷᠠᠭᠠᠴᠢ ᠶᠢᠨ ᠠᠯᠬᠤᠮ ᠳᠤ᠂ ᠬᠠᠷ᠎ᠠ ᠪᠦᠷᠭᠦᠳ ᠤᠨ ᠠᠭᠤᠯᠠ ᠪᠠᠯᠭᠠᠰᠤ ᠬᠠᠤᠯᠢ ᠳᠦᠷᠢᠮ ᠤᠨ ᠤᠬᠠᠭᠤᠯᠭ᠎ᠠ ᠬᠥᠮᠦᠵᠢᠯ ᠤᠨ ᠠᠷᠭ᠎ᠠ ᠵᠠᠮ ᠢᠶᠠᠨ ᠲᠠᠰᠤᠷᠠᠯᠲᠠ ᠦᠭᠡᠢ ᠥᠷᠭᠡᠳᠬᠡᠵᠦ᠂ ᠭᠠᠵᠢᠭᠤ ᠨᠣᠮᠯᠠᠯ ᠢ ᠡᠰᠡᠷᠭᠦᠴᠡᠬᠦ ᠮᠡᠳᠡᠯᠭᠡ ᠶᠢ ᠲᠦᠭᠡᠮᠡᠯᠵᠢᠭᠦᠯᠬᠦ ᠬᠡᠪᠴᠢᠶ᠎ᠡ᠂ ᠬᠦᠯᠢᠶᠡᠨ ᠠᠪᠤᠭᠴᠢᠳ ᠤᠨ ᠬᠡᠪᠴᠢᠶ᠎ᠡ᠂ ᠬᠠᠮᠤᠷᠬᠤ ᠬᠡᠪᠴᠢᠶ᠎ᠡ ᠶᠢ ᠤᠷᠲᠤᠳᠬᠠᠵᠤ᠂ ᠬᠠᠷᠢᠶ᠎ᠠ ᠣᠷᠣᠨ ᠤ ᠨᠡᠩ ᠤᠯᠠᠨ ᠮᠠᠯᠴᠢᠨ ᠲᠦᠮᠡᠨ ᠳᠤ ᠭᠠᠵᠢᠭᠤ ᠨᠣᠮᠯᠠᠯ ᠢ ᠢᠯᠭᠠᠨ ᠲᠠᠨᠢᠭᠤᠯᠵᠤ᠂ ᠭᠠᠵᠢᠭᠤ ᠨᠣᠮᠯᠠᠯ ᠠᠴᠠ ᠰᠠᠨᠠᠭᠠᠴᠢᠯᠠᠭ᠎ᠠ ᠠᠴᠠ ᠪᠠᠨ ᠵᠠᠶᠢᠳᠠᠵᠤ᠂ ᠠᠮᠤᠷ ᠠᠮᠤᠭᠤᠯᠠᠩ ᠬᠠᠷ᠎ᠠ ᠪᠦᠷᠭᠦᠳ ᠤᠨ ᠠᠭᠤᠯᠠ ᠪᠠᠯᠭᠠᠰᠤ ᠶᠢ ᠡᠭᠦᠳᠦᠨ ᠪᠠᠶᠢᠭᠤᠯᠬᠤ ᠠᠵᠢᠯ ᠳᠤ ᠤᠬᠠᠮᠰᠠᠷ ᠠᠴᠠ ᠪᠠᠨ ᠣᠷᠣᠯᠴᠠᠵᠤ᠂ ︽ᠠᠮᠤᠷ ᠠᠮᠤᠭᠤᠯᠠᠩ᠂ ᠡᠶ᠎ᠡ ᠵᠣᠬᠢᠴᠠᠩᠭᠤᠢ᠂ ᠲᠣᠭᠲᠠᠭᠤᠨ︾ ᠨᠡᠶᠢᠭᠡᠮ ᠤᠨ ᠠᠭᠤᠷ ᠠᠮᠢᠰᠬᠤᠯ ᠢ ᠬᠠᠮᠲᠤᠪᠠᠷ ᠪᠤᠢ ᠪᠣᠯᠭᠠᠵᠤ᠂ ᠡᠬᠡ ᠤᠯᠤᠰ ᠤᠨ ᠤᠮᠠᠷᠠᠲᠤ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠪᠣᠯᠣᠨ ᠡᠬᠡ ᠤᠯᠤᠰ ᠤᠨ ᠤᠮᠠᠷᠠᠲᠤ ᠶᠢᠨ ᠭᠠᠵᠢᠭᠤ ᠨᠣᠮᠯᠠᠯ ᠢ ᠡᠰᠡᠷᠭᠦᠴᠡᠬᠦ ᠰᠡᠷᠭᠡᠶᠢᠯᠡᠯᠲᠡ ᠶᠢᠨ ᠱᠤᠭᠤᠮ ᠢ ᠪᠠᠬᠢᠵᠢᠭᠦᠯᠬᠦ ᠰᠠᠭᠤᠷᠢ ᠶᠢ ᠪᠠᠲᠤᠳᠬᠠᠨ᠎ᠠ᠃
 
ᠢᠷᠡᠯᠲᠡ᠄ ᠬᠠᠷ᠎ᠠ ᠪᠦᠷᠭᠦᠳ ᠤᠨ ᠠᠭᠤᠯᠠ ᠪᠠᠯᠭᠠᠰᠤ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号