ᠠᠷᠢᠭᠤᠨ ᠴᠢᠬᠡᠴᠢ ᠰᠣᠶᠣᠯ ᠢ ᠰᠠᠭᠤᠭᠠᠯᠢ ᠠᠷᠠᠳ ᠤᠨ ᠲᠣᠭᠤᠷᠢᠭ ᠲᠤ ᠣᠷᠣᠭᠤᠯᠵᠤ ᠠᠷᠢᠭᠤᠨ ᠴᠢᠬᠡᠴᠢ ᠶᠢ ᠡᠷᠬᠢᠮᠯᠡᠬᠦ ᠰᠤᠷᠲᠠᠯ ᠢ ᠪᠤᠢ ᠪᠣᠯᠭᠠᠨ᠎ᠠ
ᠨᠡᠶᠢᠲᠡᠯᠡᠭᠰᠡᠨ ᠴᠠᠭ᠄
2023/11/14
      ᠲᠠᠯᠠᠶᠢᠬᠦ᠋ᠪ ᠪᠠᠯᠭᠠᠰᠤ ᠶᠢᠨ ᠲᠦᠰᠦᠪᠯᠡᠨ ᠵᠢᠷᠤᠭᠰᠠᠨ ᠰᠤᠪᠨᠠᠭᠤᠷ ᠵᠠᠮ ᠨᠡᠶᠢᠭᠡᠮ ᠲᠣᠭᠤᠷᠢᠭ ᠤᠨ ᠯᠤ᠋ ᠾᠧ ᠶᠤᠸᠠᠨ ᠰᠠᠭᠤᠭᠠᠯᠢ ᠠᠷᠠᠳ ᠤᠨ ᠲᠣᠭᠤᠷᠢᠭ ᠤᠨ ᠬᠡᠷᠡᠮ ᠤᠨ ᠭᠠᠳᠠᠷᠭᠤ ᠳᠠᠬᠢ ᠠᠷᠢᠭᠤᠨ ᠴᠢᠬᠡᠴᠢ ᠰᠣᠶᠣᠯ ᠤᠨ ᠲᠤᠬᠠᠢ ᠤᠬᠠᠭᠤᠯᠭ᠎ᠠ ᠶᠢᠨ ᠤᠷᠢᠶ᠎ᠠ ᠯᠣᠽᠦ᠋ᠩ ᠤᠨ ᠵᠢᠷᠤᠭ ᠨᠢ ᠬᠥᠮᠥᠰ ᠤᠨ ᠠᠩᠬᠠᠷᠤᠯ ᠢ ᠶᠡᠬᠡᠳᠡ ᠲᠠᠳᠠᠪᠠ᠃      ᠠᠷᠢᠭᠤᠨ ᠴᠢᠬᠡᠴᠢ ᠬᠥᠮᠦᠵᠢᠯ ᠢ ᠬᠦᠮᠦᠰ ᠤᠨ ᠰᠡᠳᠬᠢᠯ ᠳᠤ ᠬᠠᠳᠠᠩᠰᠢᠭᠤᠯᠬᠤ ᠶᠢᠨ ᠲᠤᠰᠠᠳᠠ᠂ ᠲᠠᠯᠠᠶᠢᠬᠦ᠋ᠪ ᠪᠠᠯᠭᠠᠰᠤ ᠶᠢᠨ ᠬᠢᠨ ᠨᠠᠷᠢᠨ ᠨᠢᠮᠪᠠᠢ ᠲᠦᠰᠦᠪᠯᠡᠵᠤ᠂ ᠠᠷᠢᠭᠤᠨ ᠴᠢᠬᠡᠴᠢ ᠰᠣᠶᠣᠯ᠂ ᠦᠨᠡᠨᠴᠢ ᠢᠲᠡᠭᠡᠮᠵᠢᠲᠡᠢ       ᠰᠣᠶᠣᠯ᠂ ᠭᠡᠷ ᠤᠨ ᠰᠤᠷᠲᠠᠯ ᠭᠡᠷ ᠤᠨ ᠰᠤᠷᠭᠠᠯ ᠪᠠ ᠨᠡᠶᠢᠭᠡᠮ ᠵᠢᠷᠤᠮ ᠤᠨ ᠭᠤᠣᠯᠯᠠᠭᠴᠢ ᠥᠷᠲᠡᠭ ᠤᠨ ᠦᠵᠡᠯᠲᠡ ᠵᠡᠷᠭᠡ ᠠᠭᠤᠯᠭ᠎ᠠ ᠶᠢ ᠰᠠᠭᠤᠭᠠᠯᠢ ᠠᠷᠠᠳ ᠤᠨ ᠲᠣᠭᠤᠷᠢᠭ ᠤᠨ 400 ᠲᠡᠭᠰᠢ ᠳᠥᠷᠪᠡᠯᠵᠢᠨ ᠮᠧᠲᠷ ᠤᠨ 20 ᠬᠡᠰᠡᠭ ᠬᠤᠭᠤᠰᠤᠨ ᠬᠡᠷᠡᠮ ᠲᠡᠭᠡᠷ᠎ᠡ ᠦᠰᠦᠭ ᠪᠢᠴᠢᠭ᠂ ᠱᠤᠭ ᠵᠢᠷᠤᠭ ᠵᠡᠷᠭᠡ ᠦᠵᠡᠵᠦ ᠰᠣᠨᠢᠷᠬᠠᠬᠤ ᠳᠤᠷᠠᠲᠠᠢ ᠬᠡᠯᠪᠡᠷᠢ ᠪᠠᠷ ᠵᠢᠷᠤᠵᠤ ᠢᠯᠡᠷᠡᠬᠦᠯᠦᠨ᠂ ᠠᠷᠢᠭᠤᠨ ᠴᠢᠬᠡᠴᠢ ᠰᠣᠶᠣᠯ ᠤᠨ ᠬᠡᠷᠡᠮ ᠢ ᠪᠤᠢ ᠪᠣᠯᠭᠠᠵᠤ᠂ ᠰᠠᠭᠤᠭᠠᠯᠢ ᠠᠷᠠᠳ ᠤᠨ ᠲᠣᠭᠤᠷᠢᠭ ᠤᠨ ᠤᠷᠴᠢᠨ ᠲᠤᠭᠤᠷᠢᠨ ᠢ ᠰᠠᠶᠢᠵᠢᠷᠠᠭᠤᠯᠬᠤ ᠶᠢᠨ ᠬᠠᠮᠳᠤ ᠰᠠᠭᠤᠭᠠᠯᠢ ᠠᠷᠠᠳ ᠤᠳ ᠲᠤ ᠰᠣᠶᠣᠯ ᠤᠨ ᠨᠥᠯᠥᠭᠡ ᠶᠢ ᠬᠦᠷᠲᠡᠭᠡᠨ᠎ᠡ᠃      ᠲᠤᠰ ᠤᠳᠠᠭᠠᠨ ᠤ ᠯᠦ ᠾᠧ ᠶᠤᠸᠠᠨ ᠰᠠᠭᠤᠭᠠᠯᠢ ᠠᠷᠠᠳ ᠤᠨ ᠲᠣᠭᠤᠷᠢᠭ ᠤᠨ ᠠᠷᠢᠭᠤᠨ ᠴᠢᠬᠡᠴᠢ ᠰᠣᠶᠣᠯ ᠤᠨ ᠬᠡᠷᠡᠮ ᠢ ᠪᠠᠶᠢᠭᠤᠯᠤᠭᠰᠠᠨ ᠨᠢ ᠲᠠᠯᠠᠶᠢᠬᠦ᠋ᠪ ᠪᠠᠯᠭᠠᠰᠤ ᠶᠢᠨ ᠭᠤᠣᠯ ᠰᠡᠳᠦᠪᠲᠦ ᠬᠥᠮᠦᠵᠢᠯ ᠤᠨ ᠠᠵᠢᠯᠯᠭᠠᠨ ᠳᠤ ᠠᠷᠠᠳ ᠲᠤ ᠪᠣᠳᠠᠲᠤ ᠶᠠᠪᠤᠳᠠᠯ ᠬᠢᠵᠦ ᠥᠭᠭᠦᠭᠰᠡᠨ ᠪᠣᠳᠠᠲᠠᠢ ᠦᠢᠯᠡᠳᠦᠯᠭᠡ ᠪᠣᠯᠣᠨ᠎ᠠ᠂ ᠮᠥᠨᠴᠦ ᠲᠠᠯᠠᠶᠢᠬᠦ᠋ᠪ ᠪᠠᠯᠭᠠᠰᠤ ᠶᠢᠨ ︽ᠱᠦᠵᠢ ᠲᠠᠢ ᠲᠤᠳᠤᠨᠤᠰᠤᠭ︾᠎ ᠢᠶᠠᠷ ᠶᠠᠷᠢᠯᠴᠠᠬᠤ ᠠᠵᠢᠯᠯᠠᠭ᠎ᠠ ᠪᠠᠷ ᠵᠠᠭᠤᠴᠢ       ᠪᠣᠯᠭᠠᠵᠤ᠂ ᠠᠷᠠᠳ ᠤᠨ ᠰᠠᠨᠠᠭ᠎ᠠ ᠶᠢ ᠰᠣᠨᠣᠰᠴᠤ᠂ ᠠᠷᠠᠳ ᠤᠨ ᠰᠠᠨᠠᠯ ᠢ ᠬᠤᠷᠠᠮᠳᠤᠭᠤᠯᠤᠨ᠂ ᠠᠷᠠᠳ ᠤᠨ ᠠᠮᠢᠳᠤᠷᠠᠯ ᠤᠨ ᠦᠢᠯᠡᠴᠢᠯᠡᠭᠡᠨ ᠤ ︽ᠡᠴᠦᠰ ᠤᠨ ᠨᠢᠭᠡ ᠺᠢᠯᠣᠮᠧᠲᠷ︾᠎ ᠢ ᠨᠡᠪᠲᠡᠷᠡᠭᠦᠯᠬᠦ ᠠᠵᠢᠯ ᠤᠨ ᠦᠷᠭᠦᠯᠵᠢᠯᠡᠯ ᠪᠣᠯᠣᠨ᠎ᠠ᠃
 
ᠢᠷᠡᠯᠲᠡ᠄ ᠡᠵᠡᠨ᠎ᠡ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号