ᠤᠶᠢᠷ᠎ᠠ ᠶᠢᠨ ᠡᠳᠦᠷ᠂ ᠬᠤᠰᠢᠭᠤᠨ ᠤ ᠰᠤᠷᠭᠠᠨ ᠬᠥᠮᠦᠵᠢᠯ ᠪᠡᠶ᠎ᠡ ᠲᠠᠮᠢᠷ ᠤᠨ ᠲᠣᠪᠴᠢᠶ᠎ᠠ ᠠᠴᠠ ᠭᠤᠣᠯᠯᠠᠨ | ᠡᠷᠭᠢᠯᠡᠵᠦ᠂ ᠵᠠᠯᠠᠭᠤᠴᠤᠳ ᠪᠠᠭᠠᠴᠤᠳ ᠤᠨ ᠬᠥᠳᠡᠯᠭᠡᠭᠡᠨ ᠤ ᠲᠥᠪ ᠠᠴᠠ ᠳᠠᠭᠠᠭᠠᠴᠢᠯᠠᠨ ᠡᠷᠭᠢᠯᠡᠭᠰᠡᠨ ᠪᠥᠬᠦ | ᠬᠤᠰᠢᠭᠤᠨ ᠤ ᠬᠡᠦᠬᠡᠳ ᠤᠨ ᠴᠡᠴᠡᠷᠯᠢᠭ ᠤᠨ ︽ᠦᠨᠳᠦᠰᠦᠲᠡᠨ ᠤ ᠪᠦᠯᠬᠦᠮᠳᠡᠯ ᠢᠶᠠᠷ ᠭᠠᠷ ᠭᠠᠷ ᠢᠶᠠᠨ ᠬᠤᠯᠪᠣᠯᠴᠠᠨ | ᠰᠡᠳᠬᠢᠯ ᠵᠢᠷᠦᠬᠡ ᠪᠠᠨ ᠨᠢᠭᠡᠳᠬᠡᠨ ᠢᠷᠡᠭᠡᠳᠦᠢ ᠵᠦᠭ ᠤᠷᠤᠭᠰᠢᠯᠠᠶ᠎ᠠ︾ ᠭᠡᠬᠦ ᠭᠤᠣᠯ ᠰᠡᠳᠦᠪᠲᠦ ᠰᠣᠨᠢᠷᠬᠠᠯᠲᠤ | ᠲᠠᠮᠢᠷ ᠤᠨ ᠴᠤᠭᠯᠠᠭᠠᠨ ᠬᠤᠰᠢᠭᠤᠨ ᠤ ᠬᠥᠯ ᠪᠥᠮᠪᠦᠭᠡ ᠶᠢᠨ ᠣᠷᠳᠣᠨ ᠳᠤ ᠶᠠᠪᠤᠭᠳᠠᠪᠠ᠃ ᠪᠥᠬᠦ ᠬᠤᠰᠢᠭᠤᠨ ᠤ 4 | ᠬᠡᠦᠬᠡᠳ ᠤᠨ ᠴᠡᠴᠡᠷᠯᠢᠭ ᠤᠨ 200 ᠭᠠᠷᠤᠢ ᠪᠠᠭᠠᠴᠤᠳ ᠬᠡᠦᠬᠡᠳ ᠭᠡᠷ ᠤᠨ ᠠᠬᠠᠮᠠᠳ ᠲᠠᠢ ᠪᠠᠨ ᠴᠤᠭᠯᠠᠷᠠᠵᠤ᠂ | ᠪᠡᠶ᠎ᠡ ᠶᠢᠨ ᠲᠠᠮᠢᠷ ᠤᠨ ᠬᠥᠳᠡᠯᠭᠡᠭᠡᠨ ᠤ ᠬᠠᠪᠤ ᠴᠡᠩᠭᠡᠯ ᠢ ᠬᠠᠮᠲᠤ ᠪᠠᠷ ᠡᠳ᠋ᠯᠡᠪᠡ᠃ | ᠳᠠᠭᠤᠤ ᠬᠥᠭᠵᠢᠮ ᠤᠨ ᠠᠶ᠎ᠠ ᠶᠢ ᠲᠠᠭᠠᠨ᠂ ᠬᠡᠦᠬᠡᠳ ᠤᠳ ᠪᠠᠭᠰᠢ ᠶᠢᠨ ᠢᠶᠠᠨ ᠳᠠᠭᠠᠭᠤᠯᠭ᠎ᠠ ᠪᠠᠷ ᠬᠤᠷᠠᠯ ᠤᠨ | ᠲᠠᠯᠠᠪᠠᠢ ᠳᠤ ᠣᠷᠣᠵᠤ᠂ ᠲᠤᠰ ᠤᠳᠠᠭ᠎ᠠ ᠶᠢᠨ ᠲᠠᠮᠢᠷ ᠤᠨ ᠴᠤᠭᠯᠠᠭᠠᠨ ᠤ ᠬᠥᠰᠢᠭᠡ ᠶᠢ ᠰᠡᠬᠦᠪᠡ᠃ ᠲᠣᠰ | ᠤᠳᠠᠭᠠᠨ ᠤ ᠰᠤᠨᠢᠷᠬᠠᠯᠲᠤ ᠲᠠᠮᠢᠷ ᠤᠨ ᠴᠤᠭᠯᠠᠭᠠᠨ ᠪᠠᠭᠠᠴᠤᠳ ᠬᠡᠦᠬᠡᠳ ᠤᠨ ᠨᠠᠰᠤᠨ ᠤ ᠣᠨᠴᠠᠯᠢᠭ ᠢ | ᠦᠨᠳᠦᠰᠦᠯᠡᠵᠦ᠂ ᠠᠳᠠᠯᠢ ᠪᠤᠰᠤ ᠲᠠᠮᠢᠷ ᠤᠨ ᠲᠣᠭᠯᠠᠭᠠᠮ ᠭᠠᠷᠭᠠᠭᠰᠠᠨ ᠪᠠᠶᠢᠨ᠎ᠠ᠃ ᠤᠷᠤᠯᠳᠤᠭᠠᠨ ᠤ ᠲᠠᠯᠠᠪᠠᠢ ᠳᠤ | ᠪᠢᠴᠢᠬᠠᠨ ᠲᠠᠮᠢᠷᠴᠢᠳ ᠮᠠᠨᠢ ᠴᠤᠭ ᠵᠢᠪᠬᠤᠭ᠎ᠠ ᠲᠠᠢ᠂ ᠵᠤᠷᠢᠭ ᠪᠠᠳᠠᠷᠠᠩᠭᠤᠢ ᠪᠠᠷ ᠤᠷᠤᠯᠳᠤᠭᠠᠨ ᠳᠠᠭᠠᠨ | ᠮᠠᠷᠠᠶᠢᠵᠠᠭᠠᠨᠠ᠃ ᠬᠤᠷᠳᠤᠨ ᠬᠦᠶᠦᠬᠦ᠂ ᠴᠢᠯᠠᠭᠤ ᠲᠡᠮᠲᠡᠷᠢᠨ ᠭᠤᠣᠯ ᠭᠠᠲᠤᠯᠬᠤ᠂ ᠪᠥᠮᠪᠦᠭᠡ ᠢᠰᠭᠦᠯᠦᠨ ᠰᠠᠭᠠᠳ | ᠲᠣᠭᠤᠷᠢᠨ ᠭᠦᠶᠦᠬᠦ᠂ ᠳᠡᠭᠡᠰᠦ ᠲᠠᠲᠠᠬᠤ ᠵᠡᠷᠭᠡ ᠡᠯ᠎ᠡ ᠵᠦᠢᠯ ᠤᠨ ᠰᠣᠨᠢᠷᠬᠠᠯᠲᠠᠢ ᠲᠠᠮᠢᠷ ᠤᠨ ᠬᠥᠳᠡᠯᠭᠡᠭᠡᠨ ᠨᠢ | ᠪᠠᠭᠠᠴᠤᠳ ᠤᠨ ᠤᠷᠮ᠎ᠠ ᠶᠢ ᠲᠠᠲᠠᠵᠤ᠂ ᠬᠡᠦᠬᠡᠳ ᠤᠳ ᠰᠡᠳᠬᠢᠯ ᠰᠠᠨᠠᠭ᠎ᠠ ᠪᠠᠨ ᠨᠢᠭᠡᠳᠬᠡᠨ ᠬᠠᠮᠵᠢᠯᠴᠠᠵᠤ᠂ | ᠬᠠᠷᠢᠯᠴᠠᠨ ᠬᠠᠪᠰᠤᠷᠤᠯᠴᠠᠨ᠂ ᠳᠠᠪᠬᠤᠷ ᠳᠠᠪᠬᠤᠷ ᠪᠣᠭᠤᠮᠲᠠ ᠶᠢ ᠰᠢᠪᠲᠤᠯᠬᠤ ᠪᠠᠷ ᠬᠦᠴᠦᠯᠡᠨ ᠴᠢᠷᠮᠠᠶᠢᠵᠤ᠂ | ᠲᠠᠯᠠᠪᠠᠢ ᠳᠤ ᠤᠤᠬᠠᠢ ᠶᠢᠨ ᠬᠠᠰᠬᠢᠷᠤᠯᠲᠠ᠂ ᠤᠷᠠᠶᠢᠯᠠᠬᠤ ᠲᠠᠭᠤᠨ ᠲᠠᠰᠤᠷᠠᠯᠳᠠ ᠦᠭᠡᠢ ᠴᠤᠤᠷᠢᠶᠠᠲᠤᠵᠤ᠂ ᠪᠦᠬᠦ | ᠲᠠᠮᠢᠷ ᠤᠨ ᠲᠠᠯᠠᠪᠠᠢ ᠳᠤ ᠪᠠᠶᠠᠷᠯᠠᠨ ᠬᠥᠭᠡᠷᠦᠯᠳᠦᠬᠦ ᠳᠠᠭᠤᠨ ᠴᠤᠤᠷᠢᠶᠠᠳᠤᠨ᠂ ᠲᠠᠮᠢᠷ ᠤᠨ ᠴᠤᠭᠯᠠᠭᠠᠨ ᠲᠡᠭᠦᠰ | ᠠᠮᠵᠢᠯᠲᠠᠳᠠᠢ ᠪᠤᠯᠪᠠ᠃ |