11 ᠰᠠᠷ᠎ᠠ ᠶᠢᠨ 22 ᠤᠨ ᠡᠳᠦᠷ ᠦᠨ ᠦᠳᠡ ᠶᠢᠨ ᠬᠣᠶᠢᠨᠠ ᠂ ᠬᠣᠰᠢᠭᠤᠨ ᠤ ᠨᠠᠮ ᠤᠨ ᠬᠣᠷᠢᠶᠠᠨ ᠤ | ᠪᠠᠶᠢᠩᠭ᠋ᠤ ᠶᠢᠨ ᠭᠡᠰᠢᠭᠦᠨ ᠂ ᠬᠣᠰᠢᠭᠤᠨ ᠤ ᠨᠠᠮ ᠤᠨ ᠬᠣᠷᠢᠶᠠᠨ ᠤ ᠠᠯᠪᠠᠨ ᠬᠡᠷ ᠦᠨ | ᠡᠷᠭᠢᠯᠡᠭᠴᠢ ᠯᠢ ᠵᠦᠩ ᠭᠤᠸᠠᠩ ᠬᠣᠯᠪᠣᠭᠠᠯᠠᠨ ᠳᠠᠭᠠᠭᠠᠴᠢᠯᠠᠭᠰᠠᠨ ᠦᠰᠦᠷᠦᠩᠭᠦᠢ ᠭᠠᠴᠠᠭ᠎ᠠ ᠳᠤ | ᠭᠦᠨᠵᠡᠭᠡᠶᠢᠷᠡᠨ ᠲᠤᠰᠬᠠᠶ ᠰᠡᠳᠦᠪᠲᠦ ᠨᠠᠮ ᠤᠨ ᠬᠢᠴᠢᠶᠡᠯ ᠣᠷᠣᠬᠣ ᠶᠢᠨ ᠬᠠᠮᠲᠤ | ᠦᠰᠦᠷᠦᠩᠭᠦᠢ ᠭᠠᠴᠠᠭ᠎ᠠ ᠶᠢᠨ ᠭᠣᠣᠯ ᠰᠡᠳᠦᠪᠲᠦ ᠬᠥᠮᠦᠵᠢᠯ ᠂ ᠭᠠᠴᠠᠭ᠎ᠠ ᠶᠢᠨ ᠪᠦᠲᠦᠭᠡᠨ | ᠪᠠᠶᠢᠭᠤᠯᠤᠯᠲᠠ ᠵᠡᠷᠭᠡ ᠠᠵᠢᠯ ᠳᠤ ᠵᠢᠯᠣᠭᠣᠳᠬᠤ ᠰᠠᠨᠠᠯ ᠳᠤᠷᠠᠳᠪᠠ ᠃ ᠪᠠᠶᠠᠨᠲᠣᠣᠷᠠᠢ | ᠰᠤᠮᠤ ᠶᠢᠨ ᠨᠠᠮ ᠤᠨ ᠬᠣᠷᠢᠶ᠎ᠠ ᠶᠢᠨ ᠱᠦᠵᠢ ᠯᠢᠨ ᠵᠢᠶᠠᠩ ᠂ ᠨᠠᠮ ᠤᠨ ᠬᠣᠷᠢᠶ᠎ᠠ ᠶᠢᠨ ᠭᠡᠰᠢᠭᠦᠨ ᠂ | ᠠᠷᠠᠳ ᠤᠨ ᠲᠥᠯᠥᠭᠡᠯᠡᠭᠴᠢᠳ ᠦᠨ ᠶᠡᠬᠡ ᠬᠤᠷᠠᠯ ᠤᠨ ᠲᠡᠷᠢᠭᠦᠯᠡᠭᠴᠢ ᠶᠦᠩ ᠰᠠᠷᠠᠨ᠎ᠠ ᠂ ᠦᠰᠦᠷᠦᠩᠭᠦᠢ | ᠭᠠᠴᠠᠭ᠎ᠠ ᠶᠢᠨ ︽ ᠬᠣᠶᠠᠷ ᠵᠥᠪᠯᠡᠯ ︾ ᠤᠨ ᠪᠠᠭ ᠤᠨ ᠭᠡᠰᠢᠭᠦᠨ ᠵᠢᠴᠢ ᠭᠠᠴᠠᠭᠠᠨ ᠤ | ᠨᠠᠮ ᠤᠨ ᠭᠡᠰᠢᠭᠦᠨ ᠬᠤᠷᠠᠯ ᠳᠤ ᠣᠷᠣᠯᠴᠠᠵᠠᠶ ᠃ | ᠯᠢ ᠵᠥᠩ ᠭᠤᠸᠠᠩ ᠨᠥᠬᠥᠷ ︽ ᠲᠠᠪᠤᠨ ᠪᠠᠳᠠᠭ ᠦᠭᠡ ᠶᠢᠨ ᠦᠨᠡᠨ ᠶᠠᠪᠤᠳᠠᠯ ᠪᠠ ᠶᠣᠰᠣ ᠤᠴᠢᠷ ᠢ | ᠲᠣᠳᠣᠷᠬᠠᠶ ᠶᠠᠷᠢᠨ᠎ᠠ ︾ᠭᠡᠬᠦ ᠰᠡᠳᠦᠪ ᠢᠶᠡᠷ ᠂ ᠲᠤᠰ ᠪᠡᠶ᠎ᠡ ᠶᠢᠨ ᠠᠵᠢᠯ ᠤᠨ ᠪᠣᠳᠠᠲᠤ ᠪᠠᠶᠢᠳᠠᠯ ᠪᠠ | ᠰᠤᠷᠤᠯᠴᠠᠯᠭ᠎ᠠ ᠲᠠᠨᠢᠯᠲᠠ ᠲᠠᠶ ᠪᠠᠨ ᠤᠶᠠᠯᠳᠤᠭᠤᠯᠤᠨ ᠂ ᠭᠣᠣᠯᠳᠠᠭᠤ ︽ ᠲᠠᠪᠤᠨ ᠪᠠᠳᠠᠭ | ᠦᠭᠡ︾ ᠶᠢᠨ ᠪᠠᠶᠠᠯᠢᠭ ᠠᠭᠤᠯᠬᠤᠨ ᠢ ᠭᠦᠨᠵᠡᠭᠡᠶ ᠲᠠᠨᠢᠨ ᠡᠵᠡᠮᠰᠢᠬᠦ ᠂ ︽ | ᠲᠠᠪᠤᠨ ᠪᠠᠳᠠᠭ ᠦᠭᠡ ︾ ᠶᠢᠨ ᠳᠤᠮᠳᠠ ᠠᠴᠠ ᠡᠷᠡᠯᠬᠡᠭᠯᠡᠨ ᠤᠷᠤᠭᠰᠢᠯᠠᠬᠤ ᠬᠦᠴᠦᠨ ᠢ ᠰᠢᠩᠭᠡᠭᠡᠨ ᠠᠪᠬᠤ | ᠬᠣᠶᠠᠷ ᠲᠠᠯ᠎ᠠ ᠠᠴᠠ ᠨᠠᠷᠢᠨ ᠲᠣᠳᠣᠷᠬᠠᠶ ᠪᠥᠭᠡᠳ ᠠᠮᠢᠳᠤᠯᠢᠭ ᠲᠠᠶᠢᠯᠪᠤᠷᠢᠯᠠᠯᠲᠠ ᠬᠢᠭᠰᠡᠨ ᠪᠦᠭᠡᠳ ᠳᠤᠮᠳᠠᠳᠤ | ᠤᠯᠤᠰ ᠤᠨ ᠡᠪ ᠬᠠᠮᠲᠤ ᠨᠠᠮ ᠤᠨ ᠬᠠᠮᠤᠭ ᠡᠷᠲᠡᠨ ᠦ ᠦᠨᠳᠦᠰᠦᠲᠡᠨ ᠦ ᠣᠷᠣᠨ ᠤ ᠨᠠᠮ ᠤᠨ ᠵᠣᠬᠢᠶᠠᠨ ᠪᠠᠶᠢᠭᠤᠯᠤᠯᠲᠠ ᠶᠢ | ᠪᠠᠶᠢᠭᠤᠯᠤᠭᠰᠠᠨ ᠠᠴᠠ ᠥᠪᠥᠷ ᠮᠣᠩᠭᠣᠯ ᠢ ᠳᠠᠭᠠᠭᠤᠯᠤᠨ ᠣᠳᠣᠬᠢᠴᠢᠯᠠᠯᠲᠠ ᠵᠦᠭ | ᠤᠷᠤᠭᠰᠢᠯᠠᠭᠰᠠᠨ ᠭᠡᠷᠡᠯ ᠰᠠᠴᠤᠷᠠᠩᠭᠤᠶ ᠲᠡᠦᠬᠡ ᠶᠢ ᠰᠢᠰᠲ᠋ᠧᠮ ᠲᠡᠶ ᠡᠷᠭᠢᠴᠡᠭᠦᠯᠵᠦ ᠂ ᠭᠠᠴᠠᠭ᠎ᠠ ᠶᠢᠨ ᠨᠠᠮ ᠤᠨ ᠭᠡᠰᠢᠭᠦᠨ | ᠺᠠᠳ᠋ᠷᠴᠤᠳ ᠤᠨ ᠨᠠᠩ ᠴᠢᠩ ᠰᠡᠳᠬᠢᠯ ᠡᠴᠡ ᠪᠡᠨ ︽ ᠨᠠᠮ ᠤᠨ ᠠᠴᠢ ᠳ᠋ᠣ᠋ ᠲᠠᠯᠠᠷᠬᠠᠵᠣ ᠂ | ᠨᠠᠮ ᠤᠨ ᠦᠭᠡ ᠶᠢ ᠰᠣᠨᠣᠰᠴᠤ ᠂ ᠨᠠᠮ ᠢᠶᠠᠨ ᠳᠠᠭᠠᠵᠤ ︾ ᠂ ᠨᠠᠮ ᠤᠨ ᠭᠡᠰᠢᠭᠦᠨ ᠦ ᠡᠭᠦᠷᠭᠡ ᠪᠡᠨ | ᠤᠬᠠᠮᠰᠠᠷ ᠠᠴᠠ ᠪᠠᠨ ᠭᠦᠶᠴᠡᠳᠬᠡᠵᠦ ᠂ ᠭᠠᠴᠠᠭ᠎ᠠ ᠶᠢᠨ ᠡᠯ᠎ᠡ ᠵᠦᠶᠯ ᠦᠨ | ᠠᠵᠢᠯᠯᠠᠭ᠎ᠠ ᠳᠤ ᠢᠳᠡᠪᠬᠢᠲᠡᠶ ᠣᠷᠣᠯᠴᠠᠨ ᠂ ᠪᠣᠳᠠᠲᠤ ᠠᠵᠢᠯᠯᠠᠭ᠎ᠠ ᠪᠠᠷ ᠢᠶᠠᠨ ᠭᠠᠴᠠᠭ᠎ᠠ ᠶᠢᠨ | ᠮᠠᠯᠴᠢᠨ ᠲᠠᠷᠢᠶᠠᠴᠢᠳ ᠤᠨ ᠠᠰᠠᠭᠤᠳᠠᠯ ᠢ ᠰᠢᠶᠳᠪᠦᠷᠢᠯᠡᠵᠦ ᠂ ᠬᠣᠰᠢᠭᠤᠴᠢ ᠵᠢᠱᠢᠶᠡᠴᠢ ᠦᠶᠯᠡᠳᠦᠯ ᠵᠢᠡᠨ ᠭᠦᠶᠴᠡᠳ | ᠪᠠᠳᠠᠷᠠᠭᠤᠯᠬᠤ ᠣᠷᠮ᠎ᠠ ᠵᠣᠷᠢᠭ ᠢ ᠨᠢ ᠰᠡᠷᠭᠦᠭᠡᠭᠰᠡᠨ ᠪᠠᠢᠨ᠎ᠠ ᠃ | ᠳᠠᠷᠠᠭ᠎ᠠ ᠨᠢ ᠂ ᠯᠢ ᠵᠥᠩ ᠭᠤᠸᠠᠩ ᠡᠷᠬᠢᠯᠡᠭᠴᠢ ᠦᠰᠦᠷᠦᠩᠭᠦᠢ ᠭᠠᠴᠠᠭ᠎ᠠ ᠵᠢᠴᠢ ᠮᠠᠯᠴᠢᠨ ᠲᠠᠷᠢᠶᠠᠴᠢᠨ ᠲᠦᠮᠡᠨ ᠦ | ︽ᠪᠠᠴᠢᠮ ᠪᠡᠷᠬᠡ ᠵᠣᠪᠠᠨᠢᠯ︾ ᠢ ᠬᠡᠷᠬᠢᠨ ᠨᠠᠩ ᠰᠠᠶᠢᠨ ᠰᠢᠶᠳᠪᠦᠷᠢᠯᠡᠬᠦ ᠠᠰᠠᠭᠤᠳᠠᠯ ᠤᠨ ᠲᠣᠭᠣᠷᠢᠨ ᠳᠤ | ᠭᠠᠴᠠᠭ᠎ᠠ ᠶᠢᠨ︽ᠬᠣᠶᠠᠷ ᠵᠥᠪᠯᠡᠯ︾ ᠪᠣᠯᠤᠨ ᠨᠠᠮ ᠤᠨ ᠭᠡᠰᠢᠭᠦᠨ ᠣᠯᠠᠨ ᠲᠦᠮᠡᠨ ᠦ | ᠲᠥᠯᠥᠭᠡᠯᠡᠭᠴᠢᠳ ᠲᠡᠶ ᠶᠠᠷᠢᠯᠴᠠᠵᠤ ᠰᠠᠨᠠᠯ ᠢᠶᠠᠨ ᠰᠣᠯᠢᠯᠴᠠᠪᠠ ᠃ ᠰᠣᠯᠢᠯᠴᠠᠭᠠᠨ ᠤ | ᠳᠤᠮᠳᠠ ᠂ ᠣᠯᠠᠨ ᠢᠶᠠᠷ ᠢᠶᠠᠨ ᠣᠳᠣᠬᠠᠨ ᠤ ᠭᠠᠴᠠᠭᠠᠨ ᠤ ᠬᠥᠭᠵᠢᠯᠲᠡ ᠶᠢᠨ ᠳᠤᠮᠳᠠ ᠂ ᠣᠯᠠᠨ ᠲᠦᠮᠡᠨ ᠦ | ᠦᠶᠯᠡᠳᠪᠦᠷᠢᠯᠡᠯ ᠠᠮᠢᠳᠤᠷᠠᠯ ᠤᠨ ᠳᠤᠮᠳᠠᠬᠢ ᠪᠠᠴᠢᠮ ᠰᠢᠶᠳᠪᠦᠷᠢᠯᠡᠬᠦ ᠴᠢᠬᠤᠯᠠᠲᠠᠶ ᠵᠠᠷᠢᠮ | ᠲᠣᠪᠣᠶᠢᠮ᠎ᠠ ᠠᠰᠠᠭᠤᠳᠠᠯ ᠤᠨ ᠲᠤᠬᠠᠶ ᠠᠭᠤᠵᠢᠷᠠᠲᠠᠯ᠎ᠠ ᠶᠠᠷᠢᠯᠴᠠᠵᠤ ᠂ ᠯᠢ ᠵᠥᠩ ᠭᠤᠸᠠᠩ | ᠡᠷᠬᠢᠯᠡᠭᠴᠢ ᠭᠠᠵᠠᠷ ᠰᠢᠷᠣᠶ ᠶᠢᠨ ᠠᠰᠢᠭᠯᠠᠯᠲᠠ ᠂ ᠬᠠᠮᠲᠤ ᠶᠢᠨ ᠠᠵᠤ ᠠᠬᠤᠶ ᠶᠢᠨ ᠬᠦᠴᠢᠷ | ᠠᠰᠠᠭᠤᠳᠠᠯ ᠳᠤ ᠴᠢᠭᠯᠡᠭᠦᠯᠦᠨ ᠲᠤᠬᠠᠶ ᠶᠢᠨ ᠲᠠᠯᠠᠪᠤᠷ ᠤᠨ ᠮᠠᠳᠠᠭ ᠲᠠᠶ ᠠᠰᠠᠭᠤᠳᠠᠯ ᠢ | ᠬᠠᠷᠢᠭᠤᠯᠵᠤ ᠂ ᠵᠣᠬᠢᠴᠠᠭᠤᠯᠤᠨ ᠰᠢᠢᠳᠪᠦᠷᠢᠯᠡᠭᠰᠡᠨ ᠪᠠᠢᠨ᠎ᠠ ᠃ | ᠯᠢ ᠵᠦᠩ ᠭᠤᠸᠠᠩ ᠡᠴᠡ᠂ ᠨᠢᠭᠡ ᠳᠦ᠂ ᠭᠦᠨᠵᠡᠭᠡᠢ ᠰᠤᠷᠤᠯᠴᠠᠨ ᠨᠠᠷᠢᠯᠢᠭ ᠰᠤᠷᠤᠯᠴᠠᠬᠤ ᠶᠢ ᠪᠠᠷᠢᠮᠲᠠᠯᠠᠵᠤ᠂ | ᠤᠨᠤᠯ ᠢᠶᠠᠷ ᠵᠡᠪᠰᠡᠭᠯᠡᠬᠦ ᠶᠢ ᠴᠢᠬᠤᠯᠠᠴᠢᠯᠠᠬᠤ ᠬᠡᠷᠡᠭᠲᠡᠢ᠃ ︽ᠭᠤᠷᠪᠠᠨ ᠬᠤᠷᠠᠯ ᠨᠢᠭᠡ ᠬᠢᠴᠢᠶᠡᠯ ︾᠂ | ᠭᠣᠸᠯ ᠰᠡᠳᠦᠪᠲᠦ ᠨᠠᠮ ᠤᠨ ᠡᠳᠦᠷ ᠵᠡᠷᠭᠡ ᠠᠴᠢᠶᠠᠯᠠᠪᠤᠷᠢ ᠳᠤ ᠲᠦᠰᠢᠭᠯᠡᠨ ᠂ ᠮᠠᠯᠴᠢᠨ ᠲᠠᠷᠢᠶᠠᠴᠢᠨ ᠤ ᠦᠵᠡᠵᠦ | ᠰᠣᠨᠢᠷᠬᠠᠬᠤ ᠳᠤᠷᠠᠲᠠᠶ ᠠᠷᠭ᠎ᠠ ᠬᠡᠯᠪᠡᠷᠢ ᠶᠢ ᠬᠠᠶᠢᠨ ᠰᠦᠪᠡᠭᠴᠢᠯᠡᠬᠦ ᠪᠡᠷ ᠳᠠᠮᠵᠢᠭᠤᠯᠤᠨ ᠂ ᠣᠯᠠᠨ ᠤ | ᠠᠵᠢᠯᠯᠠᠭ᠎ᠠ ᠳᠤ ᠣᠷᠣᠯᠴᠠᠬᠤ ᠣᠷᠮᠠᠰᠢᠯ ᠪᠠ ᠰᠤᠷᠤᠯᠴᠠᠬᠤ ᠢᠳᠡᠪᠬᠢᠵᠢᠯ ᠢ ᠳᠡᠭᠡᠭᠰᠢᠯᠡᠭᠦᠯᠵᠦ ᠂ ᠬᠡᠯᠪᠡᠷᠢ ᠶᠢᠨ ᠦᠵᠡᠯ ᠢ | ᠴᠢᠩᠭ᠎ᠠ ᠰᠡᠷᠭᠡᠶᠢᠯᠡᠬᠦ ᠬᠡᠷᠡᠭᠲᠡᠶ ᠃ ᠬᠣᠶᠠᠷ ᠲᠤ᠂ ᠬᠠᠯᠠᠮᠵᠢᠯᠠᠨ ᠬᠠᠶᠢᠷᠠᠯᠠᠬᠤ ᠶᠢ ᠪᠠᠷᠢᠮᠲᠠᠯᠠᠵᠤ ᠂ | ᠢᠳᠡᠪᠬᠢᠲᠡᠶ ᠪᠡᠷ︽ᠰᠣᠷᠣᠯᠴᠠᠯᠠᠭᠠ ᠶᠢ ᠬᠡᠷ ᠲᠦᠨᠢ ᠬᠦᠷᠭᠡᠬᠦ ︾ᠬᠡᠷᠡᠭᠲᠡᠶ ᠃ | ᠭᠠᠴᠠᠭᠠᠨ ᠤ︽ᠬᠣᠶᠠᠷ ᠵᠥᠪᠯᠡᠯ︾ ᠤᠨ ᠭᠡᠰᠢᠭᠦᠳ ᠠᠬᠠᠮᠠᠳ ᠨᠠᠮ ᠤᠨ ᠭᠡᠰᠢᠭᠦᠨ ᠪᠠ | ᠬᠦᠴᠢᠷᠳᠡᠯᠲᠡᠶ ᠨᠠᠮ ᠤᠨ ᠭᠡᠰᠢᠭᠦᠨ ᠦ ᠬᠠᠯᠠᠭᠤᠨ ᠬᠦᠢᠲᠡᠨ ᠢ ᠴᠠᠭ ᠢᠮᠠᠭᠲᠠ ᠰᠡᠳᠬᠢᠯ ᠳᠡᠭᠡᠨ | ᠪᠤᠳᠤᠵᠤ ᠂ ᠭᠠᠳᠠᠭᠰᠢ ᠭᠠᠷᠬᠤ ᠳᠤ ᠳᠥᠭᠥᠮ ᠦᠭᠡᠢ ᠠᠬᠠᠮᠠᠳ ᠨᠠᠮ ᠤᠨ ᠭᠡᠰᠢᠭᠦᠨ ᠳᠦ | ︽ᠰᠣᠷᠣᠯᠴᠠᠯᠠᠭᠠ ᠶᠢ ᠬᠡᠷ ᠲᠦᠨᠢ ᠬᠦᠷᠭᠡᠬᠦ ︾ᠠᠵᠢᠯᠯᠠᠭ᠎ᠠ ᠶᠢ ᠢᠳᠡᠪᠬᠢᠲᠡᠶ | ᠥᠷᠨᠢᠭᠦᠯᠵᠦ ᠂ ᠠᠬᠠᠮᠠᠳ ᠨᠠᠮ ᠤᠨ ᠭᠡᠰᠢᠭᠦᠨ ᠦ ᠬᠠᠷᠢᠶᠠᠯᠠᠭᠳᠠᠬᠤ ᠰᠡᠳᠬᠢᠯᠭᠡ ᠂ ᠮᠡᠳᠡᠷᠡᠬᠦ | ᠰᠡᠳᠬᠢᠯᠭᠡ ᠪᠠ ᠵᠣᠯ ᠵᠢᠷᠭᠠᠯᠲᠤ ᠰᠡᠳᠬᠢᠯᠭᠡ ᠶᠢ ᠤᠯᠠᠮ ᠨᠢᠭᠡ ᠠᠯᠬᠤᠮ ᠨᠡᠮᠡᠭᠳᠡᠭᠦᠯᠬᠦ ᠬᠡᠷᠡᠭᠲᠡᠶ ᠃ ᠭᠤᠷᠪᠠ ᠳᠤ᠂ | ᠴᠢᠳᠠᠪᠤᠷᠢᠲᠠᠨ ᠢ ᠳᠡᠭᠡᠳᠦᠯᠡᠬᠦ ᠶᠢ ᠪᠠᠷᠢᠮᠲᠠᠯᠠᠵᠤ᠂ ᠦᠢᠯᠡᠴᠢᠯᠡᠭᠡᠨ ᠦ ᠴᠢᠳᠠᠪᠤᠷᠢ ᠪᠠᠨ ᠨᠡᠮᠡᠭᠳᠡᠭᠦᠯᠬᠦ ᠬᠡᠷᠡᠭᠲᠡᠶ᠃ ᠵᠠᠯᠠᠭᠤ | ᠴᠢᠳᠠᠪᠤᠷᠢᠲᠠᠨ ᠢ ᠢᠳᠡᠪᠬᠢᠲᠡᠶ ᠪᠡᠷ ᠬᠥᠮᠦᠵᠢᠭᠦᠯᠵᠦ ᠂ ᠵᠠᠯᠠᠭᠤᠴᠤᠳ ᠲᠤ | ᠦᠶᠯᠡᠳᠦᠯᠭᠡᠵᠢᠭᠦᠯᠬᠦ ᠪᠠ ᠰᠤᠷᠤᠯᠴᠠᠬᠤ ᠲᠣᠬᠢᠶᠠᠯ ᠢᠯᠡᠭᠦᠬᠡᠨ ᠣᠯᠭᠣᠵᠤ ᠂ | ᠠᠵᠢᠯ ᠠᠮᠢᠳᠤᠷᠠᠯ ᠤᠨ ᠲᠠᠯ᠎ᠠ ᠪᠠᠷ ᠴᠢᠳᠠᠪᠤᠷᠢᠲᠠᠨ ᠢ ᠬᠣᠸᠰ ᠴᠢᠭᠯᠡᠯ ᠢᠶᠡᠷ ᠦᠯᠡᠳᠡᠭᠡᠨ ᠠᠪᠴᠤ ᠂ ᠭᠠᠴᠠᠭ᠎ᠠ ᠶᠢᠨ | ᠮᠠᠯᠴᠢᠨ ᠲᠠᠷᠢᠶᠠᠴᠢᠨ ᠳᠤ ᠦᠶᠯᠡᠴᠢᠯᠡᠬᠦ ᠴᠢᠳᠠᠪᠤᠷᠢ ᠶᠢ ᠤᠯᠠᠮ ᠨᠢᠭᠡ ᠠᠯᠬᠤᠮ ᠨᠡᠮᠡᠭᠳᠡᠭᠦᠯᠬᠦ ᠬᠡᠷᠡᠭᠲᠡᠶ ᠭᠡᠵᠦ | ᠴᠢᠬᠣᠯᠠᠴᠢᠯᠠᠭᠰᠠᠨ ᠪᠠᠢᠨ᠎ᠠ ᠃ | |