ᠥᠪᠥᠷ ᠮᠣᠩᠭᠤᠯ ᠪᠥᠬᠦ ᠣᠷᠣᠨ ᠳᠠᠬᠢ 9 ᠸᠠᠯᠧᠨ᠋ᠲᠲᠤ HPV ᠸᠠᠺᠼᠢᠨ ᠤ ᠬᠠᠩᠭᠠᠯᠭ᠎ᠠ ᠶᠢ ᠨᠡᠮᠡᠭᠳᠡᠭᠦᠯᠬᠦ ᠪᠠᠷ ᠪᠠᠶᠢᠨ᠎ᠠ
ᠨᠡᠶᠢᠲᠡᠯᠡᠭᠰᠡᠨ ᠴᠠᠭ᠄
2023/11/5
      ᠥᠪᠥᠷ ᠮᠣᠩᠭᠤᠯ 11 ᠳ᠋ᠦ᠋ᠭᠡᠷ ᠰᠠᠷ᠎ᠠ ᠠᠴᠠ ᠡᠬᠢᠯᠡᠨ ᠪᠥᠬᠦ ᠣᠷᠣᠨ ᠤ ᠡᠯ᠎ᠡ ᠠᠶᠢᠮᠠᠭ ᠬᠤᠲᠠ ᠳᠠᠬᠢ 9 ᠸᠠᠯᠧᠨ᠋ᠲᠲᠤ HPV ᠸᠠᠺᠼᠢᠨ ᠤ ᠬᠠᠩᠭᠠᠯᠭ᠎ᠠ ᠶᠢ  ᠨᠡᠮᠡᠭᠳᠡᠭᠦᠯᠦᠨ᠎ᠡ᠃       ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠠᠵᠢᠯ ᠤᠨ ᠪᠠᠶᠢᠷᠢᠯᠠᠭᠤᠯᠤᠯᠲᠠ ᠶᠣᠰᠣᠭᠠᠷ᠂ ᠥᠪᠥᠷ ᠮᠣᠩᠭᠤᠯ ᠤᠨ ᠥᠷᠭᠡᠨ ᠣᠯᠠᠨ ᠵᠣᠬᠢᠬᠤ ᠨᠠᠰᠤᠨ ᠤ ᠡᠮᠡᠭᠲᠡᠶᠢᠴᠦᠳ ᠤᠨ HPV ᠸᠠᠺᠼᠢᠨ ᠲᠠᠷᠢᠬᠤ ᠱᠠᠭᠠᠷᠳᠠᠯᠭ᠎ᠠ ᠶᠢ ᠤᠯᠠᠮ ᠢᠯᠡᠭᠦᠦ ᠬᠠᠩᠭᠠᠨ᠂ ᠥᠷᠭᠡᠨ ᠣᠯᠠᠨ ᠡᠮᠡᠭᠲᠡᠶᠢᠴᠦᠳ ᠤᠨ ᠪᠡᠶ᠎ᠡ ᠶᠢᠨ ᠡᠷᠡᠭᠦᠯ ᠮᠡᠨᠳᠦ ᠪᠠ ᠬᠤᠪᠢ ᠶᠢᠨ ᠠᠰᠢᠭ ᠲᠤᠰᠠ ᠶᠢ ᠨᠢ ᠬᠠᠮᠠᠭᠠᠯᠠᠬᠤ ᠶᠢᠨ ᠲᠤᠯᠠᠳᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠲᠣᠪᠴᠢᠶ᠎ᠠ HPV ᠸᠠᠺᠼᠢᠨ ᠬᠠᠩᠭᠠᠬᠤ ᠠᠵᠤ ᠠᠬᠤᠶᠢᠯᠠᠯ ᠤᠳ ᠲᠠᠢ ᠢᠳᠡᠪᠬᠢᠲᠡᠢ ᠪᠠᠷ ᠵᠥᠪᠳᠡᠯᠴᠡᠵᠦ ᠪᠠᠶᠢᠭᠠᠳ ᠸᠠᠺᠼᠢᠨ ᠤ ᠬᠠᠩᠭᠠᠯᠭ᠎ᠠ ᠶᠢ ᠨᠡᠮᠡᠭᠳᠡᠭᠦᠯᠬᠦ ᠪᠠᠷ ᠪᠠᠶᠢᠨ᠎ᠠ᠃ ᠣᠳᠣᠬᠠᠨ ᠳᠤ᠂ ᠡᠯ᠎ᠡ ᠠᠶᠢᠮᠠᠭ ᠬᠤᠲᠠ ᠶᠢᠨ HPV ᠸᠠᠺᠼᠢᠨ ᠢ ᠵᠠᠯᠭᠠᠭ᠎ᠠ ᠪᠠᠷ ᠬᠦᠷᠭᠡᠭᠰᠡᠨ ᠪᠣᠯᠬᠤᠷ 11 ᠳ᠋ᠦ᠋ᠭᠡᠷ ᠰᠠᠷ᠎ᠠ ᠶᠢᠨ ᠳᠤᠮᠳᠠᠴᠢ ᠠᠴᠠ ᠡᠬᠢᠯᠡᠨ ︽ᠮᠥᠩᠬᠡ ᠰᠤᠪᠠᠭ︾᠎ ᠢᠶᠠᠷ ᠪᠥᠬᠦ ᠣᠷᠣᠨ ᠳᠤ ᠸᠠᠺᠼᠢᠨ ᠤ ᠲᠠᠷᠢᠯᠭ᠎ᠠ ᠪᠣᠯᠵᠣᠬᠤ ᠳ᠋ᠤᠭᠠᠷ  ᠲᠠᠯᠪᠢᠨ᠎ᠠ᠃       HPV ᠸᠠᠺᠼᠢᠨ ᠤ ᠲᠠᠷᠢᠯᠭ᠎ᠠ ᠪᠣᠯ ᠰᠠᠪᠠᠨ ᠬᠦᠵᠦᠭᠦᠨ ᠤ ᠥᠮᠡᠨ ᠵᠢᠴᠢ ᠬᠤᠯᠪᠣᠭᠳᠠᠯ ᠪᠦᠬᠦᠢ ᠡᠪᠡᠳᠴᠢᠨ ᠡᠮᠭᠡᠭ ᠤᠳ ᠢ ᠰᠡᠷᠭᠡᠶᠢᠯᠡᠬᠦ ᠪᠦᠲᠦᠮᠵᠢᠲᠡᠶ ᠠᠷᠭ᠎ᠠ  ᠪᠥᠭᠡᠳ ᠲᠣᠰ ᠸᠠᠺᠼᠢᠨ ᠨᠢ ᠡᠭᠡᠯᠢᠯᠡᠭᠡ ᠶᠢᠨ ᠪᠤᠰᠤ ᠲᠥᠯᠥᠪᠯᠡᠭᠡ ᠶᠢᠨ ᠸᠠᠺᠼᠢᠨ ᠮᠥᠨ᠂ ᠣᠯᠠᠨ ᠲᠦᠮᠡᠨ ᠰᠠᠶᠢᠨ ᠳᠤᠷ᠎ᠠ ᠠᠴᠠ ᠪᠠᠨ ᠥᠪᠡᠷ ᠤᠨ  ᠰᠦᠢᠳᠬᠡᠯ ᠢᠶᠠᠷ ᠢᠶᠠᠨ ᠲᠠᠷᠢᠭᠤᠯᠵᠤ  ᠪᠣᠯᠣᠨ᠎ᠠ᠂ 9᠎ ᠠᠴᠠ 45 ᠨᠠᠰᠤᠨ ᠤ ᠡᠮᠡᠭᠲᠡᠶᠢᠴᠦᠳ ᠲᠤ ᠲᠣᠬᠢᠷᠠᠨ᠎ᠠ᠃ ᠲᠠᠷᠢᠭᠤᠯᠬᠤ ᠱᠠᠭᠠᠷᠳᠠᠯᠭ᠎ᠠ ᠲᠠᠢ ᠲᠣᠬᠢᠷᠠᠬᠤ ᠨᠠᠰᠤᠨ ᠤ  ᠬᠥᠮᠥᠰ ︽ᠮᠥᠩᠬᠡ ᠰᠤᠪᠠᠭ︾ ᠳᠡᠭᠡᠷ᠎ᠡ ᠳᠠᠩᠰᠠᠯᠠᠭᠤᠯᠤᠭᠰᠠᠨ ᠤ ᠳᠠᠷᠠᠭ᠎ᠠ᠂ ᠲᠦᠷᠦᠭᠦᠸ ᠨᠢᠭᠤᠷ ᠲᠠᠬᠢ HPV ᠸᠠᠺᠼᠢᠨ ᠲᠠᠷᠢᠭᠤᠯᠬᠤ ᠳᠠᠷᠤᠪᠴᠢ ᠶᠢ ᠳᠠᠷᠤᠵᠤ  ᠪᠣᠯᠵᠣᠵᠤ ᠪᠣᠯᠣᠨ᠎ᠠ᠃       9 ᠸᠠᠯᠧᠨ᠋ᠲᠲᠤ HPV ᠸᠠᠺᠼᠢᠨ ᠲᠠᠷᠢᠭᠤᠯᠬᠤ ᠬᠥᠮᠥᠨ ᠨᠡᠯᠢᠶᠡᠳ ᠣᠯᠠᠨ ᠪᠣᠯᠬᠤᠷ ᠪᠣᠯᠵᠤᠭ᠎ᠠ ᠦᠭᠡᠢ ᠬᠥᠮᠥᠰ ᠲᠡᠪᠴᠢᠶᠡᠷᠢᠲᠡᠢ ᠬᠦᠯᠢᠶᠡᠮᠦ᠂ ᠲᠠᠷᠢᠯᠭ᠎ᠠ ᠪᠣᠯᠵᠣᠬᠤ ᠳ᠋ᠤᠭᠠᠷ ᠢ ᠰᠠᠷ᠎ᠠ ᠪᠦᠷᠢ ᠲᠠᠯᠪᠢᠨ᠂ ᠸᠠᠺᠼᠢᠨ ᠲᠠᠷᠢᠭᠤᠯᠬᠤ ᠬᠦᠰᠡᠯ ᠲᠠᠢ ᠬᠥᠮᠥᠨ ᠪᠦᠬᠦᠨ ᠳᠤ ᠲᠠᠷᠢᠵᠤ ᠥᠭᠬᠦ ᠪᠠᠷ ᠴᠢᠷᠮᠠᠶᠢᠨ᠎ᠠ ᠭᠡᠵᠦ ᠥᠪᠥᠷ  ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠲᠣᠪᠴᠢᠶᠠᠨ ᠠᠴᠠ ᠰᠠᠨᠠᠭᠤᠯᠵᠤ ᠪᠠᠶᠢᠨ᠎ᠠ᠃  
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号