11 ᠰᠠᠷ᠎ᠠ ᠶᠢᠨ 2 ᠤᠨ ᠡᠳᠦᠷ ᠪᠣᠯᠲᠠᠯ᠎ᠠ᠂ ᠴᠡᠭᠡ ᠪᠣᠭᠤᠮᠲᠠ ᠪᠠᠷ ᠥᠩᠭᠡᠷᠡᠬᠦ ᠪᠠᠷᠠᠭᠠᠨ ᠤ ᠬᠡᠮᠵᠢᠶ᠎ᠡ 1419. | 71 ᠲᠦᠮᠡᠨ ᠲᠣᠨ ᠳᠤ ᠬᠦᠷᠴᠦ᠂ ᠪᠣᠭᠤᠮᠲᠠ ᠨᠡᠭᠡᠭᠡᠭᠰᠡᠨ 31 ᠵᠢᠯ ᠤᠨ ᠲᠤᠷᠰᠢᠬᠢ ᠬᠠᠮᠤᠭ ᠤᠨ ᠥᠨᠳᠥᠷ | ᠲᠡᠮᠳᠡᠭᠯᠡᠯ ᠢ ᠡᠭᠦᠳᠴᠦ᠂ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠠᠷᠠᠯᠵᠢᠶᠠᠨ ᠤ ᠥᠷᠲᠡᠭ 94. | 41 ᠳ᠋ᠦᠩᠰᠢᠭᠤᠷ ᠲᠥᠭᠦᠷᠢᠭ ᠲᠤ ᠬᠦᠷᠴᠦ᠂ ᠬᠢᠯᠢ ᠪᠠᠷ ᠣᠷᠣᠵᠤ ᠭᠠᠷᠬᠤ ᠲᠡᠷᠭᠡ 22.15 ᠲᠦᠮᠡᠨ ᠤᠳᠠᠭ᠎ᠠ ᠳᠤ | ᠬᠦᠷᠴᠦ᠂ ᠬᠢᠯᠢ ᠪᠠᠷ ᠣᠷᠣᠵᠤ ᠭᠠᠷᠬᠤ ᠬᠥᠮᠥᠨ 24.14 ᠲᠦᠮᠡᠨ ᠬᠥᠮᠥᠨ ᠤᠳᠠᠭ᠎ᠠ ᠳᠤ ᠬᠦᠷᠴᠡᠢ᠃ | ᠴᠡᠭᠡ ᠪᠣᠭᠤᠮᠲᠠ ᠨᠡᠭᠡᠭᠡᠭᠰᠡᠨ 31 ᠵᠢᠯ ᠤᠨ ᠲᠤᠷᠰᠢ᠂ ᠲᠦᠷ ᠴᠠᠭ ᠤᠨ ᠪᠠᠷᠠᠭ᠎ᠠ ᠶᠢ ᠥᠩᠭᠡᠷᠡᠭᠦᠯᠬᠦ ᠠᠴᠠ | ᠤᠯᠠᠷᠢᠯ ᠤᠨ ᠴᠢᠨᠠᠷ ᠲᠠᠢ ᠪᠣᠭᠤᠮᠲᠠ ᠬᠦᠷᠲᠡᠯ᠎ᠡ᠂ ᠲᠠᠬᠢᠨ ᠤᠯᠤᠰ ᠤᠨ ᠪᠠᠶᠢᠩᠭᠤ ᠶᠢᠨ ᠬᠢᠯᠢ ᠶᠢᠨ ᠪᠣᠭᠤᠮᠲᠠ | ᠬᠦᠷᠲᠡᠯ᠎ᠡ᠂ ᠦᠰᠦᠷᠦᠯᠲᠡ ᠶᠢᠨ ᠮᠠᠶ᠋ᠢᠭ ᠤᠨ ᠬᠥᠭᠵᠢᠯᠲᠡ ᠶᠢ ᠪᠡᠶᠡᠯᠡᠭᠦᠯᠵᠦ᠂ ᠡᠭᠦᠨ ᠳᠤ ᠭᠠᠳᠠᠭᠠᠳᠤ ᠠᠴᠠ | ᠣᠷᠣᠭᠤᠯᠵᠤ ᠭᠠᠳᠠᠭᠠᠳᠤ ᠳᠤ ᠭᠠᠷᠭᠠᠭᠰᠠᠨ ᠪᠠᠷᠠᠭ᠎ᠠ 1.48 ᠳ᠋ᠦᠩᠰᠢᠭᠤᠷ ᠲᠣᠨ᠂ ᠠᠷᠠᠯᠵᠢᠶᠠᠨ ᠤ ᠥᠷᠲᠡᠭ 561. | 33 ᠳ᠋ᠦᠩᠰᠢᠭᠤᠷ ᠲᠥᠭᠦᠷᠢᠭ ᠲᠤ ᠬᠦᠷᠦᠨ᠂ ᠬᠢᠯᠢ ᠪᠠᠷ ᠣᠷᠣᠵᠤ ᠭᠠᠷᠤᠭᠰᠠᠨ ᠬᠥᠮᠥᠨ 440.83 ᠲᠦᠮᠡᠨ | ᠬᠥᠮᠥᠨ ᠤᠳᠠᠭ᠎ᠠ ᠳᠤ ᠬᠦᠷᠴᠦ᠂ ᠬᠢᠯᠢ ᠪᠠᠷ ᠣᠷᠣᠵᠤ ᠭᠠᠷᠤᠭᠰᠠᠨ ᠲᠡᠷᠭᠡ 344.84 ᠲᠦᠮᠡᠨ ᠤᠳᠠᠭ᠎ᠠ ᠳᠤ | ᠬᠦᠷᠴᠡᠢ᠃ ᠪᠣᠭᠤᠮᠲᠠ ᠶᠢᠨ ᠬᠢᠨ ᠦᠷᠳᠡᠭ ᠤᠨ ᠨᠡᠮᠡᠭᠳᠡᠯ ᠤᠨ ᠭᠠᠶᠢᠯᠢ᠂ ᠪᠣᠭᠤᠮᠲᠠ ᠶᠢᠨ ᠭᠠᠶᠢᠯᠢ ᠶᠢ 56 | ᠳ᠋ᠦᠩᠰᠢᠭᠤᠷ ᠲᠥᠭᠦᠷᠢᠭ ᠢᠶᠠᠷ ᠣᠷᠣᠯᠠᠨ ᠲᠠᠲᠠᠪᠤᠷᠢᠯᠠᠵᠤ᠂ ᠭᠠᠶᠢᠯᠢ ᠶᠢᠨ ᠶᠠᠪᠤᠳᠠᠯ ᠤᠨ ᠰᠠᠯᠠᠭ᠎ᠠ ᠮᠥᠴᠢᠷ 23 | ᠳ᠋ᠦᠩᠰᠢᠭᠤᠷ ᠲᠥᠭᠦᠷᠢᠭ ᠭᠠᠶᠢᠯᠢ ᠶᠢ ᠪᠡᠶᠡᠯᠡᠭᠦᠯᠪᠡ᠃ | ᠡᠨᠡ ᠵᠢᠯ ᠠᠴᠠ ᠨᠠᠰᠢ᠂ ᠴᠡᠭᠡ ᠪᠣᠭᠤᠮᠲᠠ ᠶᠢᠨ ᠠᠵᠤ ᠠᠬᠤᠢ ᠶᠢᠨ ᠨᠡᠭᠡᠭᠡᠯᠳᠡ ᠶᠢᠨ ᠤᠷᠤᠨ ᠨᠢ ᠤᠮᠠᠷᠠᠰᠢ | ᠨᠡᠭᠡᠭᠡᠯᠲᠡ ᠬᠢᠬᠦ ᠴᠢᠬᠤᠯᠠ ᠪᠠᠬᠢᠯᠡᠯᠲᠡ ᠶᠢᠨ ᠪᠦᠲᠦᠭᠡᠨ ᠪᠠᠶᠢᠭᠤᠯᠤᠯᠲᠠ ᠪᠠᠷ ᠪᠣᠭᠤᠮᠲᠠ ᠶᠢᠨ ᠨᠡᠭᠡᠭᠡᠯᠲᠡ | ᠬᠥᠭᠵᠢᠯᠲᠡ ᠶᠢ ᠠᠬᠢᠭᠤᠯᠬᠤ ᠶᠡᠷᠦᠩᠬᠡᠶᠢᠯᠡᠨ ᠵᠢᠯᠤᠭᠤᠳᠬᠤ ᠴᠢᠨᠠᠷᠲᠠᠢ ᠭᠠᠷᠳᠠᠴᠠ ᠪᠣᠯᠭᠠᠵᠤ᠂ ᠬᠠᠷᠢᠶᠠᠲᠤ ᠣᠷᠣᠨ ᠤ | ᠬᠠᠮᠲᠤᠷᠠᠨ ᠪᠠᠶᠢᠴᠠᠭᠠᠬᠤ ᠰᠠᠯᠠᠭ᠎ᠠ ᠮᠥᠴᠢᠷ ᠵᠢᠴᠢ ᠮᠣᠩᠭᠤᠯ ᠤᠯᠤᠰ ᠤᠨ ᠰᠢᠪᠡᠭᠡ ᠬᠦᠷᠡᠩ ᠪᠣᠭᠤᠮᠲᠠ ᠶᠢᠨ | ᠬᠠᠮᠲᠤᠷᠠᠨ ᠪᠠᠶᠢᠴᠠᠭᠠᠬᠤ ᠨᠢᠭᠡᠴᠡ ᠯᠦᠭᠡ ᠶᠢᠨ ᠨᠢᠭᠲᠠ ᠬᠠᠮᠲᠤᠷᠠᠯᠴᠠᠭ᠎ᠠ ᠪᠠᠨ ᠲᠠᠰᠤᠷᠠᠯᠲᠠ ᠦᠭᠡᠢ | ᠭᠦᠨᠵᠡᠭᠡᠶᠢᠷᠡᠬᠦᠯᠦᠨ᠂ ᠤᠯᠤᠰ ᠤᠨ ᠪᠠᠷᠢᠮᠵᠢᠶ᠎ᠠ ᠶᠢᠨ ᠬᠡᠪ ᠤᠨ ︽ᠭᠠᠭᠴᠠ ᠴᠣᠩᠬᠤᠪᠴᠢ︾ ᠶᠢ ᠵᠠᠯᠭᠠᠨ ᠬᠡᠷᠡᠭᠯᠡᠬᠦ ᠶᠢ | ᠪᠦᠬᠦ ᠲᠠᠯ᠎ᠠ ᠪᠠᠷ ᠠᠬᠢᠭᠤᠯᠵᠤ᠂ ᠠᠷᠠᠯᠵᠢᠶᠠᠨ ᠤ ᠲᠤᠭ᠎ᠠ ᠪᠠᠷᠢᠮᠲᠠ ᠶᠢᠨ ᠬᠠᠮᠵᠢᠯᠴᠠᠭ᠎ᠠ ᠶᠢ ᠲᠦᠷᠭᠡᠳᠬᠡᠨ | ᠬᠡᠷᠡᠭᠵᠢᠭᠦᠯᠵᠦ᠂ ᠠᠵᠤ ᠠᠬᠤᠶᠢᠯᠠᠯ ᠤᠨ ᠢᠲᠡᠭᠡᠮᠵᠢ ᠶᠢᠨ ᠬᠠᠮᠢᠶᠠᠷᠤᠯᠲᠠ ᠶᠢ ᠴᠢᠩᠭᠠᠳᠬᠠᠨ᠂ ᠭᠠᠭᠴᠠ | ᠴᠤᠩᠬᠤᠪᠴᠢ ᠪᠠᠷ ᠡᠯᠧᠺᠲᠷᠣᠨ ᠢᠶᠠᠷ ᠪᠠᠶᠢᠴᠠᠭᠠᠨ ᠰᠢᠯᠭᠠᠬᠤ᠂ ︽ᠠᠷᠪᠠ ᠣᠷᠣᠭᠤᠯᠵᠤ ᠵᠢᠷᠭᠤᠭ᠎ᠠ ᠭᠠᠷᠭᠠᠬᠤ︾ | ᠨᠡᠭᠦᠷᠡᠰᠦ ᠲᠡᠭᠡᠭᠡᠪᠦᠷᠢᠯᠡᠬᠦ ᠵᠠᠮ ᠱᠤᠭᠤᠮ ᠢ ᠥᠭᠡᠷᠡᠴᠢᠯᠡᠵᠦ ᠥᠷᠭᠡᠳᠬᠡᠨ ᠪᠠᠶᠢᠭᠤᠯᠬᠤ ᠶᠢ ᠪᠡᠶᠡᠯᠡᠬᠦᠯᠬᠦ᠂ ᠬᠢᠯᠢ | ᠠᠯᠤᠰᠯᠠᠨ ᠲᠡᠭᠡᠭᠡᠪᠦᠷᠢᠯᠡᠬᠦ᠂ AGV ᠵᠢᠯᠣᠭᠤᠴᠢ ᠦᠭᠡᠢ ᠲᠡᠭᠡᠭᠡᠪᠤᠷᠢ ᠶᠢᠨ ᠲᠡᠷᠭᠡ ᠵᠢᠴᠢ ᠣᠶᠤᠨᠲᠤ ᠬᠦᠨᠳᠦ | ᠠᠴᠢᠶᠠᠨ ᠤ ᠲᠡᠷᠭᠡ ᠪᠠᠷ ᠲᠡᠭᠡᠭᠡᠪᠦᠷᠢᠯᠡᠬᠦ ᠠᠷᠭ᠎ᠠ ᠮᠠᠶ᠋ᠢᠭ ᠲᠤ ᠰᠢᠨ᠎ᠡ ᠶᠢ ᠡᠭᠦᠳᠬᠦ᠂ ︽ᠬᠠᠮᠲᠤᠷᠠᠨ ᠪᠠᠶᠢᠴᠠᠭᠠᠨ | ᠰᠢᠯᠭᠠᠬᠤ︾ ᠪᠣᠭᠤᠮᠲᠠ ᠪᠠᠷ ᠥᠩᠭᠡᠷᠡᠭᠦᠯᠬᠦ ᠦᠢᠯᠡᠴᠢᠯᠡᠭᠡᠨ ᠤ ᠰᠢᠨ᠎ᠡ ᠵᠠᠭᠪᠤᠷ ᠢ ᠬᠡᠷᠡᠭᠯᠡᠬᠦ᠂ ᠪᠠᠷᠠᠭᠠᠨ ᠤ ᠬᠢᠨᠠᠯᠲᠠ | ᠬᠠᠮᠢᠶᠠᠷᠤᠯᠲᠠ ᠶᠢᠨ ᠲᠤᠬᠠᠢ ᠶᠢᠨ ᠲᠠᠯᠠᠪᠤᠷ ᠲᠤ ︽ᠪᠠᠶᠢᠴᠠᠭᠠᠨ ᠰᠢᠯᠭᠠᠬᠤ ᠶᠢ ᠨᠢᠭᠡᠳᠬᠡᠬᠦ︾ ᠠᠵᠢᠯ ᠢ ᠦᠷᠨᠢᠬᠦᠯᠬᠦ᠂ | ᠬᠢᠯᠢ ᠶᠢᠨ ᠭᠠᠳᠠᠨᠠᠬᠢ ᠨᠡᠭᠦᠷᠡᠰᠦ ᠶᠢ ᠰᠢᠯᠭᠠᠨ ᠪᠠᠶᠢᠴᠠᠭᠠᠵᠤ ᠢᠲᠡᠭᠡᠮᠵᠢᠯᠡᠬᠦ ᠦᠢᠯᠡᠴᠢᠯᠡᠭᠡ ᠶᠢ ᠬᠠᠩᠭᠠᠬᠤ ᠵᠡᠷᠭᠡ | ᠪᠦᠲᠦᠮᠵᠢᠲᠡᠶ ᠠᠷᠭ᠎ᠠ ᠬᠡᠮᠵᠢᠶ᠎ᠡ ᠪᠠᠷ ᠲᠠᠮᠵᠢᠭᠤᠯᠤᠨ᠂ ᠨᠡᠭᠦᠷᠡᠰᠦᠨ ᠤ ᠭᠠᠳᠠᠭᠠᠳᠤ ᠣᠷᠣᠭᠤᠯᠤᠯᠲᠠ ᠶᠢᠨ ᠬᠡᠮᠵᠢᠶᠡᠨ ᠤ | ᠲᠣᠭᠲᠠᠭᠤᠨ ᠢᠶᠠᠷ ᠨᠡᠮᠡᠭᠳᠡᠬᠦ ᠶᠢ ᠠᠬᠢᠭᠤᠯᠵᠤ᠂ ᠡᠳᠦᠷ ᠪᠦᠷᠢ ᠶᠢᠨ ᠥᠩᠭᠡᠷᠡᠬᠦ ᠪᠠᠷᠠᠭᠠᠨ ᠤ ᠬᠡᠮᠵᠢᠶ᠎ᠡ ᠪᠠ ᠪᠦᠬᠦ | ᠥᠩᠭᠡᠷᠡᠭᠰᠡᠨ ᠪᠠᠷᠠᠭᠠᠨ ᠤ ᠬᠡᠮᠵᠢᠶ᠎ᠡ ᠶᠢᠨ ᠲᠡᠦᠬᠡᠨ ︽ᠬᠤᠣᠰ ᠰᠢᠪᠲᠤᠯᠤᠯᠲᠠ︾ ᠶᠢ ᠪᠡᠶᠡᠯᠡᠬᠦᠯᠪᠡ᠃ | ᠳᠠᠷᠠᠭᠠᠴᠢ ᠶᠢᠨ ᠠᠯᠬᠤᠮ ᠳᠤ᠂ ᠴᠡᠭᠡ ᠪᠣᠭᠤᠮᠲᠠ ᠶᠢᠨ ᠬᠢᠨ ᠤᠯᠤᠰ ᠤᠨ ᠤᠮᠠᠷᠠᠰᠢ ᠨᠡᠭᠡᠭᠡᠯᠲᠡ ᠬᠢᠬᠦ | ᠴᠢᠬᠤᠯᠠ ᠪᠠᠬᠢᠯᠡᠯᠲᠡ ᠶᠢᠨ ᠪᠦᠲᠦᠭᠡᠨ ᠪᠠᠶᠢᠭᠤᠯᠤᠯᠲᠠ ᠳᠤ ᠠᠩᠬᠠᠷᠤᠯ ᠢᠶᠠᠨ ᠲᠥᠪᠯᠡᠷᠡᠭᠦᠯᠵᠦ᠂ ᠦᠢᠯᠡᠴᠢᠯᠡᠭᠡᠨ ᠤ | ᠶᠠᠰᠤ ᠴᠢᠨᠠᠷ ᠢᠶᠠᠨ ᠲᠡᠭᠡᠭᠰᠢᠯᠡᠬᠦᠯᠬᠦ᠂ ᠪᠣᠭᠤᠮᠲᠠ ᠪᠠᠷ ᠥᠩᠭᠡᠷᠡᠬᠦ ᠶᠠᠪᠤᠴᠠ ᠶᠢ ᠰᠢᠯᠢᠳᠡᠭᠵᠢᠭᠦᠯᠬᠦ᠂ ᠰᠢᠯᠭᠠᠨ | ᠪᠠᠶᠢᠴᠠᠭᠠᠵᠤ ᠲᠠᠯᠪᠢᠵᠤ ᠶᠠᠪᠤᠭᠤᠯᠬᠤ ᠦᠷ᠎ᠡ ᠪᠦᠲᠦᠮᠵᠢ ᠶᠢ ᠳᠡᠭᠡᠭᠰᠢᠯᠡᠭᠦᠯᠬᠦ ᠵᠡᠷᠭᠡ ᠲᠠᠯ᠎ᠠ ᠪᠠᠷ ᠦᠷᠭᠦᠯᠵᠢᠯᠡᠨ | ᠬᠦᠴᠦᠯᠡᠵᠦ᠂ ︽ᠠᠷᠪᠠ ᠣᠷᠣᠭᠤᠯᠵᠤ ᠵᠢᠷᠭᠤᠭ᠎ᠠ ᠭᠠᠷᠭᠠᠬᠤ︾ ᠪᠠᠷᠠᠭᠠᠨ ᠤ ᠲᠡᠭᠡᠭᠡᠪᠦᠷᠢ ᠶᠢᠨ ᠨᠡᠪᠲᠡᠷᠡᠬᠦ ᠵᠠᠮ᠂ | ᠵᠢᠯᠣᠭᠤᠴᠢ ᠦᠭᠡᠢ ᠬᠢᠯᠢ ᠠᠯᠤᠰᠯᠠᠭᠰᠠᠨ ᠲᠡᠭᠡᠭᠡᠪᠦᠷᠢ ᠶᠢᠨ ᠠᠵᠢᠯ ᠤᠨ ᠴᠢᠳᠠᠪᠬᠢ ᠶᠢ ᠪᠦᠬᠦ ᠲᠠᠯ᠎ᠠ ᠪᠠᠷ | ᠪᠠᠳᠠᠷᠠᠭᠤᠯᠤᠨ᠂ ᠣᠶᠤᠨᠲᠤ ᠪᠣᠭᠤᠮᠲᠠ ᠶᠢᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠴᠢᠨᠠᠷ | ᠰᠠᠶᠢᠲᠠᠢ ᠬᠥᠭᠵᠢᠯᠲᠡ ᠶᠢ ᠪᠡᠶᠡᠯᠡᠭᠦᠯᠬᠦ ᠳᠤ ᠰᠢᠨ᠎ᠡ ᠬᠥᠳᠡᠯᠭᠡᠬᠦ ᠬᠦᠴᠦᠨ ᠨᠡᠮᠡᠷᠢᠯᠡᠨ᠎ᠡ᠃ |