ᠮᠠᠨ ᠤ ᠬᠤᠰᠢᠭᠤ ᠲᠦᠷᠢᠶᠡᠰᠦᠨ ᠮᠠᠰᠢᠨ ᠲᠡᠷᠭᠡᠨ ᠤ ᠵᠢᠯᠣᠭᠤᠴᠢ ᠶᠢ ᠬᠠᠯᠠᠮᠵᠢᠯᠠᠨ ᠲᠣᠬᠤᠨᠢᠭᠤᠯᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2023/11/6
      11 ᠰᠠᠷ᠎ᠠ ᠶᠢᠨ 2᠎ ᠤᠨ ᠡᠳᠦᠷ᠂ ᠬᠤᠰᠢᠭᠤᠨ ᠤ ᠠᠵᠢᠯᠴᠢᠨ ᠤ ᠶᠡᠷᠦᠩᠬᠡᠢ ᠡᠪᠯᠡᠯ ᠵᠠᠮ ᠲᠡᠭᠡᠭᠡᠪᠦᠷᠢ ᠶᠢᠨ ᠲᠣᠪᠴᠢᠶ᠎ᠠ ᠲᠠᠢ ᠬᠠᠮᠲᠤᠷᠠᠨ ᠲᠦᠷᠢᠶᠡᠰᠦᠨ ᠮᠠᠰᠢᠨ ᠲᠡᠷᠭᠡᠨ ᠤ ᠵᠢᠯᠣᠭᠤᠴᠢ ᠶᠢ ᠬᠠᠯᠠᠮᠵᠢᠯᠠᠨ ᠲᠣᠬᠤᠨᠢᠭᠤᠯᠬᠤ ᠠᠵᠢᠯᠯᠠᠭ᠎ᠠ ᠥᠷᠨᠢᠭᠦᠯᠵᠦ᠂ ᠳᠡᠳᠡᠨᠡᠷ ᠲᠤ ᠲᠣᠬᠤᠨᠢᠭᠤᠯᠬᠤ ᠪᠣᠳᠠᠰ ᠢ ᠬᠦᠷᠭᠡᠨ᠂ ᠰᠢᠨ᠎ᠡ ᠠᠵᠢᠯ ᠣᠯᠭᠤᠯᠲᠠ ᠶᠢᠨ ᠬᠡᠯᠪᠡᠷᠢ ᠶᠢᠨ ᠬᠥᠳᠡᠯᠮᠦᠷᠢᠴᠢᠳ ᠢ ᠬᠠᠯᠠᠮᠵᠢᠯᠠᠨ ᠬᠠᠶᠢᠷᠠᠯᠠᠬᠤ ᠠᠵᠢᠯ ᠢ ᠤᠯᠠᠮ ᠨᠢᠭᠡ ᠠᠯᠬᠤᠮ ᠴᠢᠩᠭᠠᠳᠬᠠᠵᠤ᠂ ᠰᠢᠨ᠎ᠡ ᠠᠵᠢᠯ ᠣᠯᠭᠤᠯᠲᠠ ᠶᠢᠨ ᠬᠡᠯᠪᠡᠷᠢ ᠶᠢᠨ ᠬᠥᠳᠡᠯᠮᠦᠷᠢᠴᠢᠳ ᠤᠨ ᠬᠦᠷᠲᠡᠮᠵᠢ ᠶᠢᠨ ᠲᠥᠷᠥᠭᠳᠡᠯ᠂ ᠵᠣᠯ ᠵᠢᠷᠭᠠᠯᠲᠤ ᠲᠥᠷᠥᠭᠳᠡᠯ ᠪᠠ ᠠᠮᠤᠷ ᠲᠦᠪᠰᠢᠨ ᠤ ᠲᠥᠷᠥᠭᠳᠡᠯ ᠢ ᠲᠠᠰᠤᠷᠠᠯᠲᠠ ᠦᠭᠡᠢ ᠳᠡᠭᠡᠭᠰᠢᠯᠡᠬᠦᠯᠪᠡ᠃      ᠲᠣᠰ ᠤᠳᠠᠭᠠᠨ ᠤ ᠠᠵᠢᠯᠯᠠᠭ᠎ᠠ ᠳᠤ 3 ᠲᠦᠷᠢᠶᠡᠰᠦᠨ ᠮᠠᠰᠢᠨ ᠲᠡᠷᠭᠡᠨ ᠤ ᠺᠣᠮᠫᠠᠨᠢ ᠶᠢᠨ 166 ᠠᠵᠢᠯᠴᠢᠨ ᠤ ᠡᠪᠯᠡᠯ ᠤᠨ ᠭᠡᠰᠢᠭᠦᠨ ᠳᠤ 3.32 ᠲᠦᠮᠡᠨ ᠲᠥᠭᠦᠷᠢᠭ ᠤᠨ ᠲᠣᠬᠤᠨᠢᠭᠤᠯᠬᠤ ᠪᠡᠯᠡᠭ ᠲᠦᠭᠡᠭᠡᠵᠡᠢ᠃ ᠠᠵᠢᠯᠯᠠᠭ᠎ᠠ ᠶᠢᠨ ᠠᠬᠤᠢ ᠲᠠᠯᠠᠪᠠᠶ ᠳᠤ᠂ ᠠᠵᠢᠯᠲᠠᠳ ᠲᠦᠷᠢᠶᠡᠰᠦᠨ ᠮᠠᠰᠢᠨ ᠲᠡᠷᠭᠡᠨ ᠤ ᠵᠢᠯᠣᠭᠤᠴᠢ ᠶᠢᠨ ︽ᠤᠮᠠᠷᠠᠲᠤ ᠬᠢᠯᠢ ᠶᠢᠨ ᠠᠵᠢᠯᠴᠢᠨ ᠤ ᠠᠰᠢᠭ ᠲᠤᠰᠠ︾ ᠭᠡᠬᠦ ᠳᠤᠰᠬᠠᠢ APP᠎ ᠶᠢ ᠪᠠᠭᠤᠯᠭᠠᠨ ᠠᠪᠬᠤ ᠶᠢ ᠬᠦᠯᠢᠴᠡᠩᠭᠦᠢ ᠪᠠᠷ ᠵᠢᠭᠠᠨ ᠵᠢᠯᠤᠭᠤᠳᠬᠤ ᠶᠢᠨ ᠬᠠᠮᠲᠤ ᠦᠨᠡᠨ ᠨᠡᠷ᠎ᠡ ᠪᠠᠷ ᠳᠠᠩᠰᠠᠯᠠᠭᠤᠯᠬᠤ᠂ ᠠᠵᠢᠯᠴᠢᠨ ᠤ ᠡᠪᠯᠡᠯ ᠳᠤ ᠪᠦᠷᠢᠳᠬᠡᠭᠦᠯᠬᠦ ᠵᠡᠷᠭᠡ ᠠᠵᠢᠯᠯᠠᠭ᠎ᠠ ᠶᠢ ᠪᠡᠶᠡᠯᠡᠭᠦᠯᠵᠦ᠂ ᠲᠦᠷᠢᠶᠡᠰᠦᠨ ᠮᠠᠰᠢᠨ ᠲᠡᠷᠭᠡᠨ ᠤ ᠵᠢᠯᠣᠭᠤᠴᠢ ᠶᠢᠨ ᠠᠵᠢᠯᠴᠢᠨ ᠤ ᠡᠪᠯᠡᠯ ᠤᠨ ᠭᠡᠰᠢᠭᠦᠨ ᠤ ᠠᠰᠠᠷᠠᠮᠵᠢ᠂ ᠦᠢᠯᠡᠴᠢᠯᠡᠭᠡᠨ ᠤ ᠴᠢᠳᠠᠮᠵᠢ᠂ ᠡᠷᠬᠡ ᠠᠰᠢᠭ ᠤᠨ ᠪᠠᠲᠤᠯᠠᠭ᠎ᠠ ᠵᠡᠷᠭᠡ ᠮᠡᠳᠡᠭᠡ ᠵᠠᠩᠭᠢ ᠶᠢ ᠨᠠᠷᠢᠨ ᠳᠠᠶᠢᠯᠪᠤᠷᠢᠯᠡᠨ᠂ ᠲᠦᠷᠢᠶᠡᠰᠦᠨ ᠮᠠᠰᠢᠨ ᠲᠡᠷᠭᠡᠨ ᠤ ᠵᠢᠯᠣᠭᠤᠴᠢ ᠳᠤ ᠠᠵᠢᠯᠴᠢᠨ ᠤ ᠡᠪᠯᠡᠯ ᠤᠨ ᠬᠠᠩᠭᠠᠭᠰᠠᠨ ᠡᠯ᠎ᠡ ᠲᠥᠷᠥᠯ ᠤᠨ ᠲᠦᠭᠡᠮᠡᠯ ᠬᠠᠷᠠᠭᠠᠯᠵᠠᠯ ᠤᠨ ᠠᠵᠢᠯᠯᠠᠭ᠎ᠠ ᠶᠢ ᠨᠠᠩ ᠲᠦᠷᠭᠡᠨ ᠪᠠ ᠪᠥᠬᠦ ᠲᠠᠯ᠎ᠠ ᠪᠠᠷ ᠬᠦᠷᠲᠡᠭᠡᠵᠦ᠂ ᠠᠵᠢᠯᠴᠢᠨ ᠤ ᠡᠪᠯᠡᠯ ᠤᠨ ᠵᠣᠬᠢᠶᠠᠨ ᠪᠠᠶᠢᠭᠤᠯᠤᠯᠲᠠ ᠶᠢᠨ ᠬᠠᠶᠢᠷ᠎ᠠ ᠬᠠᠯᠠᠮᠵᠢ ᠶᠢ ᠦᠨᠡᠨ ᠬᠦ ᠬᠦᠷᠲᠡᠭᠡᠭᠰᠡᠨ ᠪᠠᠶᠢᠨ᠎ᠠ᠃      ᠲᠦᠷᠢᠶᠡᠰᠦᠨ ᠲᠡᠷᠭᠡᠨ ᠤ ᠵᠢᠯᠣᠭᠤᠴᠢ ᠴᠢᠦ ᠶᠢᠨ ᠵᠢᠶᠠᠩ᠄ ︽ᠡᠨᠡ ᠤᠳᠠᠭᠠᠨ ᠤ ᠬᠥᠳᠡᠯᠭᠡᠭᠡᠨ ᠢᠶᠠᠷ       ᠳᠠᠮᠵᠢᠨ᠂ ᠬᠤᠶᠢᠰᠢᠳᠠ ᠶᠢᠨ ᠠᠵᠢᠯ ᠢᠶᠠᠨ ᠪᠢᠳᠠ ᠨᠡᠩ ᠰᠠᠶᠢᠨ ᠬᠢᠬᠦ ᠳᠤ ᠪᠠᠲᠤ ᠢᠲᠡᠭᠡᠯ ᠲᠠᠢ ᠪᠠᠶᠢᠨ᠎ᠠ᠂ ᠪᠢᠳᠡ ᠬᠠᠮᠤᠭ ᠤᠨ ᠦᠨᠡᠨᠴᠢ ᠦᠢᠯᠡᠴᠢᠯᠡᠭᠡ ᠪᠠᠷ ᠢᠶᠠᠨ ᠬᠡᠷᠡᠭᠯᠡᠭᠴᠢ ᠪᠣᠯᠭᠠᠨ ᠤ ᠲᠡᠷᠭᠡᠨ ᠳᠤ ᠰᠠᠭᠤᠬᠤ ᠱᠠᠭᠠᠷᠳᠠᠯᠭ᠎ᠠ ᠶᠢ ᠰᠠᠶᠢᠲᠤᠷ  ᠬᠠᠩᠭᠠᠨ᠎ᠠ︾ ᠭᠡᠪᠡ᠃      ᠣᠶᠢᠷ᠎ᠠ ᠶᠢᠨ ᠵᠢᠯ ᠤᠳ ᠲᠤ᠂ ᠬᠤᠲᠠ ᠪᠠᠯᠭᠠᠰᠤᠵᠢᠯᠲᠠ ᠶᠢᠨ ᠠᠬᠢᠴᠠ ᠶᠢᠨ ᠲᠠᠰᠤᠷᠠᠯᠲᠠ ᠦᠭᠡᠢ ᠬᠥᠭᠵᠢᠬᠦ ᠶᠢ ᠳᠠᠭᠠᠯᠳᠤᠨ᠂ ᠲᠦᠷᠢᠶᠡᠰᠦᠨ ᠮᠠᠰᠢᠨ ᠲᠡᠷᠭᠡᠨ ᠤ ᠠᠵᠢᠯ ᠲᠥᠷᠥᠯ ᠨᠢ ᠬᠤᠲᠠ ᠪᠠᠯᠭᠠᠰᠤᠨ ᠤ ᠵᠠᠮ ᠬᠠᠷᠢᠯᠴᠠᠭᠠᠨ ᠤ ᠠᠶᠠᠨᠴᠢᠳ ᠤᠨ ᠲᠡᠭᠡᠭᠡᠪᠦᠷᠢ ᠶᠢᠨ ᠴᠢᠬᠤᠯᠡ ᠪᠦᠷᠢᠯᠳᠦᠬᠦᠨ ᠬᠡᠰᠡᠭ ᠨᠢ ᠪᠣᠯᠣᠭᠰᠠᠨ ᠪᠠᠶᠢᠨ᠎ᠠ᠃ ᠲᠦᠷᠢᠶᠡᠰᠦᠨ ᠮᠠᠰᠢᠨ ᠲᠡᠷᠭᠡᠨ ᠤ ᠵᠢᠯᠣᠭᠤᠴᠢ ᠶᠢ ᠲᠣᠬᠤᠨᠢᠭᠤᠯᠬᠤ ᠠᠵᠢᠯᠯᠠᠭ᠎ᠠ ᠶᠢ ᠥᠷᠨᠢᠬᠦᠯᠦᠭᠰᠡᠨ ᠨᠢ ᠲᠦᠷᠢᠶᠡᠰᠦᠨ ᠮᠠᠰᠢᠨ ᠲᠡᠷᠭᠡᠨ ᠤ ᠵᠢᠯᠣᠭᠤᠴᠢ ᠶᠢ ᠬᠠᠯᠠᠮᠵᠢᠯᠠᠨ ᠬᠠᠶᠢᠷᠠᠯᠠᠵᠤ᠂ ᠳᠡᠳᠡᠨᠡᠷ ᠲᠤ ᠨᠠᠩ ᠢᠯᠡᠭᠦᠦ ᠬᠠᠶᠢᠷ᠎ᠠ ᠬᠠᠯᠠᠮᠵᠢ ᠶᠢ ᠬᠦᠷᠲᠡᠭᠡᠬᠦ ᠶᠢᠨ ᠤᠯᠠᠮ ᠠᠴᠠ ᠲᠦᠷᠢᠶᠡᠰᠦᠨ ᠮᠠᠰᠢᠨ ᠲᠡᠷᠭᠡᠨ ᠤ ᠵᠢᠯᠣᠭᠤᠴᠢ ᠶᠢᠨ ᠢᠳᠡᠪᠬᠢᠵᠢᠯ ᠢ ᠳᠠᠶᠢᠴᠢᠯᠠᠵᠤ᠂ ᠮᠠᠨ ᠤ ᠬᠤᠰᠢᠭᠤᠨ ᠤ ᠪᠣᠯᠪᠠᠰᠤᠨ ᠨᠠᠷᠠᠲᠤ ᠬᠤᠲᠠ ᠶᠢ ᠡᠭᠦᠳᠦᠨ ᠪᠠᠶᠢᠭᠤᠯᠬᠤ ᠳᠤ ᠢᠳᠡᠪᠬᠢᠲᠡᠢ ᠬᠤᠪᠢ ᠨᠡᠮᠡᠷᠢ ᠦᠵᠡᠭᠦᠯᠦᠭᠰᠡᠨ ᠪᠠᠶᠢᠨ᠎ᠠ᠃      ᠬᠤᠰᠢᠭᠤᠨ ᠤ ᠠᠵᠢᠯᠴᠢᠨ ᠤ ᠶᠡᠷᠦᠩᠬᠡᠢ ᠡᠪᠯᠡᠯ ᠤᠨ ᠨᠠᠮ ᠤᠨ ᠡᠭᠦᠷ ᠤᠨ ᠱᠦᠵᠢ᠂ ᠲᠡᠷᠢᠭᠦᠯᠡᠭᠴᠢ ᠯᠢᠦ ᠵᠢᠶᠦ᠋ᠨ᠄ ︽ᠬᠤᠰᠢᠭᠤᠨ ᠤ ᠠᠵᠢᠯᠴᠢᠨ ᠤ ᠶᠡᠷᠦᠩᠬᠡᠢ ᠡᠪᠯᠡᠯ ᠨᠢ ᠵᠣᠬᠢᠶᠠᠨ ᠪᠠᠶᠢᠭᠤᠯᠤᠯᠲᠠ ᠶᠢᠨ ᠳᠠᠪᠠᠭᠤᠯᠢᠭ ᠪᠠ ᠡᠭᠦᠷᠭᠡ ᠴᠢᠳᠠᠪᠤᠷᠢ ᠶᠢᠨ ᠦᠢᠯᠡᠳᠦᠯ ᠢᠶᠠᠨ ᠭᠦᠢᠴᠡᠳ ᠪᠠᠳᠠᠷᠠᠭᠤᠯᠵᠤ᠂ ᠲᠦᠷᠢᠶᠡᠰᠦᠨ ᠮᠠᠰᠢᠨ ᠲᠡᠷᠭᠡᠨ ᠤ ᠵᠢᠯᠣᠭᠤᠴᠢ ᠶᠢᠨ ᠪᠠᠭ ᠤᠨ ᠣᠨᠴᠠᠯᠢᠭ ᠪᠠ ᠪᠣᠳᠠᠲᠠᠢ ᠬᠡᠷᠡᠭᠴᠡᠭᠡ ᠱᠠᠭᠠᠷᠳᠠᠯᠭ᠎ᠠ ᠲᠠᠢ ᠤᠶᠠᠯᠳᠤᠭᠤᠯᠤᠨ᠂ ᠰᠢᠨ᠎ᠡ ᠠᠵᠢᠯ ᠣᠯᠭᠤᠯᠲᠠ ᠶᠢᠨ ᠬᠡᠯᠪᠡᠷᠢ ᠶᠢᠨ ᠬᠥᠳᠡᠯᠮᠦᠷᠢᠴᠢᠳ ᠢ ᠦᠷᠭᠦᠯᠵᠢᠯᠡᠨ ᠬᠠᠯᠠᠮᠵᠢᠯᠠᠨ ᠬᠠᠶᠢᠷᠠᠯᠠᠵᠤ᠂ ᠲᠦᠷᠢᠶᠡᠰᠦᠨ ᠮᠠᠰᠢᠨ ᠲᠡᠷᠭᠡᠨ ᠤ ᠠᠵᠢᠯ ᠲᠥᠷᠥᠯ ᠤᠨ ᠨᠡᠶᠢᠭᠡᠮᠯᠢᠭ ᠪᠠᠶᠢᠭᠤᠯᠬᠤ ᠠᠵᠢᠯ ᠵᠢᠴᠢ ᠠᠯᠢ ᠣᠯᠠᠨ ᠬᠠᠯᠠᠭᠤᠨ ᠳᠤᠯᠠᠭᠠᠨ ᠬᠦᠴᠦᠨ ᠲᠠᠢ ᠬᠠᠶᠢᠷ᠎ᠠ ᠬᠠᠯᠠᠮᠵᠢ ᠶᠢᠨ ᠠᠵᠢᠯᠯᠠᠭ᠎ᠠ ᠥᠷᠨᠢᠭᠦᠯᠵᠦ᠂ ᠲᠦᠷᠢᠶᠡᠰᠦᠨ ᠮᠠᠰᠢᠨ ᠲᠡᠷᠭᠡᠨ ᠤ ᠵᠢᠯᠣᠭᠤᠴᠢ ᠳᠤ ᠦᠨᠡᠨ ᠬᠦ ᠪᠣᠳᠠᠲᠠᠢ ᠶᠠᠪᠤᠳᠠᠯ ᠬᠢᠵᠦ᠂ ᠳᠡᠳᠡᠨᠡᠷ ᠲᠤ ᠬᠠᠯᠠᠭᠤᠨ ᠳᠤᠯᠠᠭᠠᠨ ᠭᠡᠷ ᠪᠦᠯᠢ ᠶᠢ ᠪᠠᠶᠢᠭᠤᠯᠤᠨ ᠥᠭᠴᠦ᠂ ᠰᠢᠨ᠎ᠡ ᠠᠵᠢᠯ ᠣᠯᠭᠤᠯᠲᠠ ᠶᠢᠨ ᠬᠡᠯᠪᠡᠷᠢ ᠶᠢᠨ ᠬᠥᠳᠡᠯᠮᠦᠷᠢᠴᠢᠳ ᠤᠨ ᠬᠦᠷᠲᠡᠮᠵᠢ ᠶᠢᠨ ᠲᠥᠷᠥᠭᠳᠡᠯ ᠵᠣᠯ ᠵᠢᠷᠭᠠᠯᠳᠤ ᠲᠥᠷᠥᠭᠳᠡᠯ ᠪᠠ ᠠᠮᠤᠷ ᠲᠦᠪᠰᠢᠨ ᠤ ᠲᠥᠷᠥᠭᠳᠡᠯ ᠢ ᠦᠨᠡᠨ ᠬᠦ ᠳᠡᠭᠡᠭᠰᠢᠯᠡᠭᠦᠯᠦᠨ᠎ᠡ︾ ᠭᠡᠪᠡ᠃
 
ᠢᠷᠡᠯᠲᠡ᠄ ᠡᠵᠡᠨ᠎ᠡ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号