ᠦᠪᠦᠷ ᠮᠤᠩᠭᠤᠯ ᠤᠨ ᠡᠵᠡᠨ᠎ᠡ ᠶᠢᠨ ᠲᠤᠤᠷᠠᠢ ᠶᠢᠨ ᠤᠢ ᠶᠢ ᠲᠤᠭᠤᠢ ᠲᠡᠷᠭᠡ ᠪᠠᠷ ᠲᠤᠭᠤᠷᠢᠬᠤ ᠵᠠᠮ ᠱᠤᠭᠤᠮ ᠨᠢ 2023 ᠤᠨ ᠤ ᠳᠤᠮᠳᠠᠳᠤ ᠤᠯᠤᠰ ᠤᠨ ᠬᠡᠭᠡᠷ᠎ᠡ ᠶᠢᠨ ᠬᠦᠳᠡᠯᠭᠡᠭᠡᠨ ᠤ ᠳᠤᠭᠤᠢ ᠲᠡᠷᠭᠡ ᠪᠠᠷ ᠲᠤᠭᠤᠷᠢᠬᠤ ᠰᠤᠳᠤᠨ ᠵᠠᠮ ᠱᠤᠭᠤᠮ ᠢᠶᠠᠷ ᠰᠤᠩᠭᠤᠭᠳᠠᠪᠠ
ᠨᠡᠶᠢᠲᠡᠯᠡᠭᠰᠡᠨ ᠴᠠᠭ᠄
2023/11/6
      ᠤᠶᠢᠷ᠎ᠠ ᠶᠢᠨ ᠡᠳᠦᠷ᠂ 2023 ᠤᠨ ᠤ ᠳᠤᠮᠳᠠᠳᠤ ᠤᠯᠤᠰ ᠤᠨ ᠬᠡᠭᠡᠷ᠎ᠡ ᠶᠢᠨ ᠬᠦᠳᠡᠯᠭᠡᠭᠡᠨ ᠤ ᠠᠵᠤ ᠦᠢᠯᠡᠰ ᠤᠨ ᠶᠡᠭᠡ ᠬᠤᠷᠠᠯ ᠤᠨ ᠡᠬᠢᠯᠡᠯᠲᠡ ᠶᠢᠨ ᠶᠤᠰᠤᠯᠠᠯ ᠶᠦᠨᠨᠠᠨ ᠮᠤᠵᠢ ᠶᠢᠨ ᠳ᠋ᠠᠯᠢ ᠳᠤ ᠶᠠᠪᠤᠭᠳᠠᠪᠠ᠃ ᠡᠬᠢᠯᠡᠯᠲᠡ ᠶᠢᠨ ᠶᠤᠰᠤᠯᠠᠯ ᠳᠤ ︽2023 ᠤᠨ ᠤ ᠳᠤᠮᠳᠠᠳᠤ ᠤᠯᠤᠰ ᠤᠨ ᠬᠡᠭᠡᠷ᠎ᠡ ᠶᠢᠨ ᠬᠦᠳᠡᠯᠭᠡᠭᠡᠨ ᠤ ᠲᠤᠭᠤᠢ ᠲᠡᠷᠭᠡ ᠪᠠᠷ ᠲᠤᠭᠤᠷᠢᠬᠤ ᠰᠤᠳᠤᠨ ᠵᠠᠮ ᠱᠤᠭᠤᠮ︾᠎ ᠢ ᠨᠡᠶᠢᠲᠡᠯᠡᠵᠦ᠂ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠡᠵᠡᠨ᠎ᠡ ᠶᠢᠨ ᠲᠤᠤᠷᠠᠢ ᠶᠢᠨ ᠤᠢ ᠶᠢ ᠳᠤᠭᠤᠢ ᠲᠡᠷᠭᠡ ᠪᠠᠷ ᠲᠤᠭᠤᠷᠢᠬᠤ ᠰᠤᠳᠤᠨ ᠵᠠᠮ ᠱᠤᠭᠤᠮ ᠠᠮᠵᠢᠯᠲᠠᠢ ᠰᠣᠩᠭᠤᠭᠳᠠᠨ ᠤᠷᠤᠭᠰᠠᠨ ᠪᠠᠶᠢᠨ᠎ᠠ᠃      2016 ᠤᠨ ᠠᠴᠠ ᠨᠠᠰᠢ᠂ ᠳᠤᠮᠳᠠᠳᠤ ᠤᠯᠤᠰ ᠤᠨ ᠡᠵᠡᠨ᠎ᠡ ᠶᠢᠨ ︽ᠲᠤᠤᠷᠠᠢ ᠶᠢᠨ ᠤᠢ ᠶᠢ ᠲᠤᠭᠤᠷᠢᠬᠤ ᠳᠤᠭᠤᠢ ᠶᠢᠨ ᠲᠡᠷᠭᠡᠨ ᠤ ᠤᠷᠢᠯᠭ᠎ᠠ ᠶᠢᠨ ᠤᠷᠤᠯᠳᠤᠭᠠᠨ︾᠎ ᠢ ᠳᠤᠯᠤᠭ᠎ᠠ ᠤᠳᠠᠭ᠎ᠠ ᠪᠠᠨ ᠠᠮᠵᠢᠯᠲᠠᠢ ᠪᠠᠷ ᠶᠠᠪᠤᠭᠳᠠᠭᠤᠯᠤᠭᠰᠠᠨ ᠪᠠᠶᠢᠵᠤ᠂ ᠤᠷᠤᠯᠳᠤᠭᠠᠨ ᠨᠢ ᠡᠵᠡᠨ᠎ᠡ ᠶᠢᠨ ᠭᠠᠵᠠᠷ ᠰᠢᠨᠵᠢᠯᠡᠭᠡ᠂ ᠪᠠᠶᠢᠭᠠᠯᠢ᠂ ᠲᠡᠤᠬᠡ ᠰᠤᠶᠤᠯ ᠵᠡᠷᠭᠡ ᠨᠢᠭᠡ ᠰᠢᠷᠢᠰ ᠡᠬᠢ ᠪᠠᠶᠠᠯᠢᠭ ᠤᠨ ᠳᠠᠪᠠᠭᠤᠯᠢᠭ ᠢ ᠭᠦᠢᠴᠡᠳ ᠪᠠᠳᠠᠷᠠᠭᠤᠯᠤᠨ᠂ ᠡᠵᠡᠨ᠎ᠡ ᠶᠢᠨ ᠦᠪᠡᠷ ᠤᠨ ᠨᠡᠷᠡᠲᠤ ᠲᠡᠮᠳᠡᠭᠲᠦ ᠤᠷᠤᠯᠳᠤᠭᠠᠨ ᠤ IP᠎ ᠢ ᠠᠯᠬᠤᠮ ᠠᠯᠬᠤᠮ ᠢᠶᠠᠷ ᠪᠤᠢ ᠪᠤᠯᠭᠠᠪᠠ᠃ ᠳᠤᠮᠳᠠᠳᠤ ᠤᠯᠤᠰ ᠤᠨ ᠡᠵᠡᠨ᠎ᠡ ᠶᠢᠨ ︽ᠲᠤᠤᠷᠠᠢ ᠶᠢᠨ ᠤᠢ ᠶᠢ ᠲᠤᠭᠤᠷᠢᠬᠤ ᠳᠤᠭᠤᠢ ᠶᠢᠨ ᠲᠡᠷᠭᠡᠨ ᠤ ᠤᠷᠢᠯᠭ᠎ᠠ ᠶᠢᠨ ᠤᠷᠤᠯᠳᠤᠭᠠᠨ︾ ᠎ ᠨᠢ ᠡᠵᠡᠨ᠎ᠡ ᠶᠢᠨ ᠳᠠᠪᠠᠭᠤᠯᠢᠭ ᠭᠠᠵᠠᠷ ᠵᠦᠢ ᠶᠢᠨ ᠤᠷᠴᠢᠨ ᠲᠤᠭᠤᠷᠢᠨ ᠢ ᠲᠦᠰᠢᠭᠯᠡᠵᠦ᠂ ᠵᠤᠭᠠᠴᠠᠭᠰᠠᠳ ᠢ ᠵᠤᠴᠢᠯᠠᠬᠤ ᠰᠢᠯᠢᠳᠡᠭ ᠲᠤᠷᠰᠢᠯᠭ᠎ᠠ᠂ ᠲᠤᠰᠬᠠᠢ ᠮᠡᠷᠭᠡᠵᠢᠯ ᠤᠨ ᠤᠷᠤᠯᠳᠤᠭᠠᠨ ᠤ ᠪᠠᠷᠢᠮᠵᠢᠶ᠎ᠠ ᠶᠢ ᠪᠠᠷᠢᠮᠲᠠᠯᠠᠵᠤ᠂ ᠤᠯᠤᠰ ᠤᠨ ᠳᠤᠲᠤᠭᠠᠳᠤ ᠶᠢᠨ ᠠᠩᠬᠠᠳᠠᠭᠴᠢ ᠳᠡᠯᠡᠬᠡᠢ ᠳᠤ ᠬᠠᠨᠳᠤᠭᠤᠯᠤᠭᠰᠠᠨ ᠲᠤᠰᠬᠠᠢ ᠮᠡᠷᠭᠡᠵᠢᠯ ᠤᠨ ᠪᠤᠰᠤ ᠳᠤᠭᠤᠢ ᠲᠡᠷᠭᠡᠨ ᠤ ᠠᠩᠭᠢ ᠶᠢᠨ ᠳᠡᠭᠡᠳᠦ ᠲᠡᠰ ᠤᠨ ᠤᠷᠤᠯᠳᠤᠭᠠᠨ ᠤ ᠰᠢᠰᠲ᠋ᠧᠮ ᠢ ᠪᠠᠶᠢᠭᠤᠯᠪᠠ᠃      ᠤᠷᠤᠯᠳᠤᠭᠠᠨ ᠤ ᠵᠠᠮ ᠤᠨ ᠳᠠᠭᠠᠤ ᠳᠤ ᠲᠤᠤᠷᠠᠢ ᠶᠢᠨ ᠤᠢ᠂ ᠭᠤᠪᠢ ᠬᠦᠨᠳᠡᠢ᠂ ᠡᠯᠡᠰᠦᠨ ᠴᠦᠯ᠂       ᠶᠠᠷᠳᠠᠨ ᠤ ᠭᠠᠵᠠᠷ ᠤᠨ ᠪᠠᠶᠢᠷᠢᠰᠢᠯ ᠤᠳ ᠢᠶᠠᠷ ᠦᠩᠭᠡᠷᠴᠦ᠂ ᠥᠷᠢᠰᠦᠯᠳᠦᠭᠡᠨ ᠤ ᠴᠢᠨᠠᠷ ᠪᠠ ᠰᠣᠨᠢᠷᠬᠠᠯ ᠤᠨ ᠴᠢᠨᠠᠷ ᠢᠶᠠᠷ ᠲᠤᠶᠢᠯ ᠤᠨ ᠶᠡᠭᠡ ᠶᠤᠮ᠃ ᠣᠶᠢᠯᠠᠭᠠᠭᠰᠠᠨ ᠢᠶᠠᠷ᠂ 2019 ᠣᠨ ᠠᠴᠠ ᠡᠬᠢᠯᠡᠨ᠂ ᠲᠣᠣᠷᠠᠢ ᠶᠢᠨ ᠤᠢ ᠶᠢ ᠲᠤᠭᠤᠷᠢᠬᠤ ᠳᠤᠭᠤᠢ ᠲᠡᠷᠭᠡᠨ ᠤ ᠤᠷᠤᠯᠳᠤᠭᠠᠨ ᠨᠢ ᠳᠤᠮᠳᠠᠳᠤ ᠤᠯᠤᠰ ᠤᠨ ᠳᠤᠭᠤᠢ ᠲᠡᠷᠭᠡᠨ ᠤ ᠬᠥᠳᠡᠯᠭᠡᠭᠡᠨ ᠤ ᠨᠡᠶᠢᠭᠡᠮᠯᠢᠭ ᠤᠨ ᠵᠢᠯᠣᠭᠤᠳᠤᠯᠭ᠎ᠠ ᠪᠠᠷ ᠵᠢᠩᠬᠢᠨᠢ ᠪᠠᠷ ᠤᠯᠤᠰ ᠤᠨ ᠲᠠᠰ ᠤᠨ ᠭᠡᠷᠡᠴᠢᠯᠡᠯ ᠤᠨ ᠤᠷᠤᠯᠳᠤᠭᠠᠨ ᠪᠣᠯᠤᠭᠰᠠᠨ ᠪᠥᠭᠡᠳ ᠳᠤᠮᠳᠠᠳᠤ ᠤᠯᠤᠰ ᠤᠨ ᠲᠤᠭᠤᠢ ᠲᠡᠷᠭᠡᠨ ᠤ ᠨᠡᠶᠢᠭᠡᠮᠯᠢᠭ ᠤᠨ ᠣᠨ ᠤ ᠤᠷᠤᠯᠳᠤᠭᠠᠨ ᠤ ᠬᠤᠭᠤᠴᠠᠭᠠᠨ ᠳᠤ ᠣᠷᠣᠭᠰᠠᠨ ᠪᠠᠶᠢᠨ᠎ᠠ᠃
 
ᠢᠷᠡᠯᠲᠡ᠄ ᠡᠵᠡᠨ᠎ᠡ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号