ᠬᠤᠨᠤᠭ ᠥᠨᠵᠢᠭᠰᠡᠨ ᠲᠠᠷᠪᠤᠰ ᠬᠤᠣᠷᠲᠠᠢ ᠤᠤ︖
ᠨᠡᠶᠢᠲᠡᠯᠡᠭᠰᠡᠨ ᠴᠠᠭ᠄
2023/11/6
      ᠵᠤᠨ ᠤ ᠠᠭᠠᠭᠢᠮ᠎ᠠ ᠬᠠᠯᠠᠭᠤᠨ ᠳᠤ ᠤᠮᠳᠠ ᠳᠠᠷᠤᠬᠤ ᠵᠢᠮᠢᠰ ᠭᠡᠪᠡᠯ ᠡᠩ ᠲᠡᠷᠢᠭᠦᠨ ᠳᠤ ᠲᠠᠷᠪᠤᠰ ᠳᠤᠷᠠᠳᠤᠭᠳᠠᠳᠠᠭ᠃ ᠭᠡᠲᠡᠯ᠎ᠡ ︽ᠬᠤᠨᠤᠭ ᠥᠨᠵᠢᠭᠰᠡᠨ ᠲᠠᠷᠪᠤᠰ ᠬᠤᠣᠷᠲᠠᠢ︾ ᠭᠡᠬᠦ ᠮᠡᠲᠦ ᠶᠢᠨ ᠮᠡᠳᠡᠭᠡ ᠬᠠᠶᠠ ᠶᠠ ᠦᠭᠡᠢ ᠰᠣᠨᠣᠰᠳᠠᠵᠤ ᠪᠠᠶᠢᠳᠠᠭ᠃ ᠲᠡᠭᠡᠪᠠᠯ ᠲᠠᠷᠪᠤᠰ ᠢ ᠴᠣᠬᠤᠮ ᠬᠡᠷᠬᠢᠨ ᠢᠳᠡᠪᠡᠯ ᠵᠣᠬᠢᠬᠤ ᠪᠤᠢ᠂ ᠬᠥᠯᠳᠡᠭᠡᠭᠦᠷ ᠲᠤ ᠥᠨᠵᠢᠭᠡᠭᠰᠡᠨ ᠲᠠᠷᠪᠤᠰ ᠢ ᠢᠳᠡᠵᠦ ᠪᠤᠯᠬᠤ ᠤᠤ︖ ᠬᠡᠷᠴᠢᠭᠡ ᠦᠭᠡᠢ ᠪᠦᠲᠦᠨ ᠲᠠᠷᠪᠤᠰ ᠲᠤ  ᠪᠠᠷᠤᠭ ᠦᠨᠳᠦᠰᠦᠨ ᠎ ᠳᠡᠭᠡᠨ ᠪᠠᠺᠲ᠋ᠧᠷᠢ ᠪᠠᠶᠢᠳᠠᠭ ᠦᠭᠡᠢ᠂ ᠭᠡᠲᠡᠯ᠎ᠡ ᠬᠡᠷᠴᠢᠭᠰᠡᠨ ᠤ ᠳᠠᠷᠠᠭ᠎ᠠ ᠮᠠᠰᠢ ᠲᠦᠷᠭᠡᠨ  ᠪᠠᠺᠲ᠋ᠧᠷᠢ ᠲᠠᠢ ᠪᠣᠯᠳᠠᠭ ᠪᠥᠭᠡᠳ ᠤᠳᠠᠬᠤ ᠲᠤᠳᠤᠮ ᠢᠶᠠᠨ ᠪᠠᠺᠲ᠋ᠧᠷᠢ ᠨᠢ ᠦᠷᠡᠵᠢᠵᠦ᠂ ᠡᠩ ᠤᠨ ᠠᠭᠠᠷ ᠤᠨ  ᠳᠤᠯᠠᠭᠠᠨ ᠳᠤ ᠤᠳᠠᠯ ᠦᠭᠡᠢ ᠢᠯᠵᠢᠷᠡᠴᠢᠬᠡᠳᠡᠭ᠃ ᠲᠠᠷᠪᠤᠰ ᠬᠤᠳᠠᠯᠳᠤᠵᠤ ᠠᠪᠬᠤ ᠳᠠᠭᠠᠨ ᠲᠠᠯ᠎ᠠ ᠶᠢ ᠨᠢ ᠠᠪᠬᠤ ᠳᠤ ᠬᠦᠷᠪᠡᠯ᠂ ᠬᠡᠷᠴᠢᠭᠰᠡᠨ ᠴᠠᠭ ᠢ ᠨᠢ ᠠᠩᠬᠠᠷᠬᠤ ᠬᠡᠷᠡᠭᠲᠡᠢ᠃ ᠵᠤᠨ ᠤ ᠬᠠᠯᠠᠭᠤᠨ ᠳᠤ ᠬᠡᠷᠴᠢᠭᠡᠳ ᠬᠡᠳᠦᠨ ᠴᠠᠭ ᠪᠣᠯᠤᠭᠰᠠᠨ ᠲᠠᠷᠪᠤᠰ ᠲᠤ ᠪᠠᠺᠲ᠋ᠧᠷᠢ ᠨᠢᠭᠡᠨᠲᠡ ᠶᠡᠬᠡᠪᠡᠷ ᠦᠷᠡᠵᠢᠭᠰᠡᠨ ᠪᠣᠯᠬᠤᠷ ᠬᠥᠯᠳᠡᠭᠡᠭᠦᠷ ᠲᠤ ᠬᠢᠯ᠎ᠡ ᠴᠤ ᠭᠡᠰᠡᠨ  ᠪᠠᠺᠲ᠋ᠧᠷᠢ ᠶᠢᠨ ᠬᠡᠮᠵᠢᠶ᠎ᠡ ᠪᠠᠷᠢᠮᠵᠢᠶᠠᠨ ᠠᠴᠠ ᠬᠡᠲᠦᠷᠡᠭᠰᠡᠨ ᠪᠠᠶᠢᠳᠠᠭ᠃ ᠡᠶᠢᠮᠦ ᠠᠴᠠ ᠳᠣᠣᠷᠠᠬᠢ ᠬᠡᠳᠦᠨ ᠲᠠᠯ᠎ᠠ ᠪᠠᠷ  ᠠᠩᠬᠠᠷᠪᠠᠯ ᠵᠣᠬᠢᠨ᠎ᠠ᠄       ᠨᠢᠭᠡ᠂ ᠲᠠᠷᠪᠤᠰ ᠤᠨ ᠬᠡᠵᠢᠶ᠎ᠡ ᠬᠡᠷᠴᠢᠭᠰᠡᠨ ᠢ ᠨᠢ ᠮᠡᠳᠡᠬᠦ ᠦᠭᠡᠢ ᠪᠣᠯ ᠬᠤᠨᠤᠭ ᠥᠨᠵᠢᠭᠡᠵᠦ ᠪᠣᠯᠬᠤ       ᠦᠭᠡᠢ᠃       ᠬᠤᠶᠠᠷ᠂ ᠬᠥᠯᠳᠡᠭᠡᠭᠦᠷ ᠲᠤ ᠬᠠᠳᠠᠭᠠᠯᠠᠭᠰᠠᠨ ᠦᠭᠡᠢ ᠵᠢᠵᠢᠭᠯᠡᠨ ᠬᠡᠷᠴᠢᠭᠰᠡᠨ ᠲᠠᠷᠪᠤᠰ ᠢ ᠪᠢᠲᠡᠭᠡᠢ  ᠬᠤᠳᠠᠯᠳᠤᠨ ᠠᠪᠤᠭᠠᠷᠠᠢ᠃       ᠭᠤᠷᠪᠠ᠂ ᠲᠠᠷᠪᠤᠰ ᠢ ᠬᠠᠭᠠᠯᠤᠭᠰᠠᠨ ᠬᠤᠶᠢᠨ᠎ᠠ ᠢᠳᠡᠬᠦ ᠬᠡᠰᠡᠭ ᠢᠶᠠᠨ ᠦᠯᠡᠳᠡᠭᠡᠵᠦ᠂ ᠢᠳᠡᠬᠦ ᠦᠭᠡᠢ ᠬᠡᠰᠠᠭ᠋ ᠢᠶᠠᠨ ᠰᠠᠶᠢᠲᠤᠷ ᠪᠦᠲᠡᠭᠡᠵᠦ ᠳᠠᠷᠤᠶᠢᠬᠠᠨ ᠬᠥᠯᠳᠡᠭᠡᠭᠦᠷ ᠲᠤ ᠬᠢᠵᠦ ᠬᠠᠳᠠᠭᠠᠯᠠᠭᠠᠷᠠᠢ᠃       ᠳᠥᠷᠪᠡ᠂ ᠲᠦᠭᠦᠬᠡᠢ ᠢᠳᠡᠭᠡᠨ ᠪᠠ ᠪᠣᠯᠭᠤᠭᠰᠠᠨ ᠢᠳᠡᠭᠡᠨ ᠬᠡᠷᠴᠢᠳᠡᠭ ᠭᠢᠳᠤᠭ᠎ᠠ ᠠᠮᠪᠠᠨ ᠢᠶᠠᠨ ᠡᠷᠬᠡᠪᠰᠢ ᠰᠠᠯᠭᠠᠵᠤ ᠬᠡᠷᠡᠭᠯᠡᠬᠦ ᠬᠡᠷᠡᠭᠲᠡᠢ᠃       ᠲᠠᠪᠤ᠂ ᠬᠥᠯᠳᠡᠭᠡᠭᠦᠷ ᠲᠤ ᠪᠤᠯᠭᠤᠭᠰᠠᠨ ᠢᠳᠡᠭᠡᠨ ᠪᠠ ᠲᠦᠭᠦᠬᠡᠢ ᠢᠳᠡᠭᠡᠨ ᠢ ᠡᠷᠬᠡᠪᠰᠢ ᠰᠠᠯᠭᠠᠨ       ᠬᠠᠳᠠᠭᠠᠯᠠᠵᠤ᠂ ᠲᠠᠷᠪᠤᠰ ᠢᠶᠠᠨ ᠬᠠᠮᠤᠭ ᠳᠡᠭᠡᠷ᠎ᠡ ᠬᠡᠰᠡᠭ ᠲᠤᠨᠢ ᠪᠤᠶᠤ ᠵᠢᠮᠢᠰ ᠬᠠᠳᠠᠭᠠᠯᠠᠳᠠᠭ ᠲᠤᠰᠬᠠᠢ ᠲᠠᠰᠤᠯᠭᠠᠨ ᠎ ᠳᠤᠨᠢ ᠬᠢᠪᠡᠯ ᠵᠣᠬᠢᠨ᠎ᠠ᠃       ᠡᠭᠦᠨ ᠠᠴᠠ ᠭᠠᠳᠠᠨ᠎ᠠ ᠬᠢᠲᠠᠳ ᠡᠮᠨᠡᠯᠭᠡ ᠶᠢᠨ ᠲᠠᠯ᠎ᠠ ᠠᠴᠠ ᠠᠪᠴᠤ ᠬᠡᠯᠡᠪᠡᠯ᠂ ᠲᠠᠷᠪᠤᠰ ᠪᠣᠯ ᠬᠦᠢᠲᠡᠨ ᠰᠡᠷᠢᠭᠦᠨ ᠴᠢᠨᠠᠷ ᠲᠠᠢ ᠪᠣᠯᠬᠤᠷ ᠶᠡᠭᠡ ᠢᠳᠡᠪᠡᠯ ᠭᠡᠳᠡᠰᠦ ᠬᠤᠳᠣᠭᠤᠳᠤᠨ ᠳᠤ ᠮᠠᠭᠤ ᠶᠤᠮ᠃ ᠬᠤᠳᠣᠭᠤᠳᠤ ᠭᠡᠳᠡᠰᠦᠨ ᠤ ᠰᠢᠷᠬᠠᠯᠠᠭ᠎ᠠ ᠲᠠᠢ ᠬᠥᠮᠥᠰ ᠪᠠ ᠰᠠᠷ᠎ᠠ ᠶᠢᠨ ᠭᠬᠢᠷ ᠢᠷᠡᠭᠰᠡᠨ ᠦᠶ᠎ᠡ ᠳᠤ ᠲᠠᠷᠪᠤᠰ ᠢᠳᠡᠬᠦ ᠦᠭᠡᠢ ᠪᠤᠶᠤ  ᠪᠠᠭ᠎ᠠ ᠢᠳᠡᠪᠡᠯ ᠵᠣᠬᠢᠨ᠎ᠠ᠃    
 
ᠢᠷᠡᠯᠲᠡ᠄ ᠪᠤᠭᠤᠲᠤ ᠶᠢᠨ ᠵᠠᠰᠠᠭ ᠤᠨ ᠣᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号