︽ᠰᠢᠳᠤ ᠬᠤᠷᠣᠬᠠᠶᠢᠲᠤᠬᠤ︾᠎ ᠨᠢ ᠰᠢᠳᠤ ᠶᠢ ᠬᠤᠷᠣᠬᠠᠢ ᠢᠳᠡᠭᠰᠡᠨ ᠤᠴᠢᠷ ᠪᠢᠰᠢ
ᠨᠡᠶᠢᠲᠡᠯᠡᠭᠰᠡᠨ ᠴᠠᠭ᠄
2023/11/7
      ᠬᠥᠮᠥᠰ ᠶᠡᠷᠦ ᠳᠤ ᠪᠠᠨ ︽ᠰᠢᠳᠤ ᠬᠤᠷᠣᠬᠠᠶᠢᠲᠤᠬᠤ︾᠎ ᠨᠢ ᠰᠢᠳᠤ ᠶᠢ ᠬᠤᠷᠣᠬᠠᠢ ᠢᠳᠡᠭᠰᠡᠨ ᠠᠴᠠ ᠪᠣᠯᠵᠠᠢ ᠭᠡᠵᠦ ᠬᠡᠯᠡᠳᠡᠭ᠃ ᠠᠮᠠ ᠪᠠᠨ ᠠᠩᠭᠠᠶᠢᠵᠤ  ᠲᠣᠯᠢᠨ ᠳᠤ ᠦᠵᠡᠪᠡᠯ ᠰᠢᠳᠤᠨ ᠳᠡᠭᠡᠷ᠎ᠡ ᠨᠢ ᠦᠨᠡᠬᠡᠷ ᠨᠦᠬᠡ ᠪᠠᠶᠢᠬᠤ ᠪᠥᠭᠡᠳ ᠪᠠᠰᠠ ᠬᠠᠷ᠎ᠠ ᠥᠩᠭᠡᠲᠡᠢ ᠲᠤᠯᠠ ᠶᠠᠭ ᠯᠠ ᠬᠤᠷᠣᠬᠠᠢ ᠢᠳᠡᠭᠰᠡᠨ ᠰᠢᠭ᠃ ᠦᠨᠡᠨ ᠳᠤ ᠪᠠᠨ ︽ᠰᠢᠳᠤ ᠬᠤᠷᠣᠬᠠᠶᠢᠲᠤᠬᠤ︾᠎ ᠨᠢ ᠰᠢᠳᠤ ᠶᠢ ᠬᠤᠷᠣᠬᠠᠢ ᠢᠳᠡᠭᠰᠡᠨ ᠪᠢᠰᠢ᠂ ᠬᠠᠷᠢᠨ ᠪᠠᠺᠲ᠋ᠧᠷᠢ ᠬᠤᠣᠷ ᠬᠢᠭᠰᠡᠨ ᠪᠠᠶᠢᠨ᠎ᠠ᠃ ᠠᠨᠠᠭᠠᠬᠤ ᠤᠬᠠᠭᠠᠨ ᠳᠡᠭᠡᠷ᠎ᠡ ᠪᠣᠯ ᠡᠭᠦᠨ ᠢ ︽ᠰᠢᠳᠤ ᠬᠤᠷᠣᠬᠠᠶᠢᠲᠤᠬᠤ︾ ᠭᠡᠵᠦ ᠬᠡᠯᠡᠳᠡᠭ ᠦᠭᠡᠢ᠂ ᠬᠠᠷᠢᠨ ︽ᠰᠢᠳᠤ ᠬᠥᠨᠳᠡᠶᠢᠷᠡᠬᠦ︾ ᠬᠡᠳᠡᠭ᠃ ᠪᠢᠳᠠ ᠢᠳᠡᠬᠡᠨ ᠢᠳᠡᠬᠦ ᠪᠦᠷᠢ  ᠢᠳᠡᠬᠡᠨ ᠤ ᠰᠢᠪᠬᠠᠷᠤᠤ ᠨᠢ ᠰᠢᠳᠤᠨ ᠵᠠᠪᠰᠠᠷ ᠪᠤᠶᠤ ᠰᠢᠳᠤᠨ ᠳᠡᠭᠡᠷ᠎ᠡ ᠪᠠᠭ᠎ᠠ ᠰᠠᠭ᠎ᠠ ᠨᠠᠭᠠᠯᠳᠤᠨ ᠬᠤᠴᠣᠷᠳᠠᠭ᠃ ᠬᠡᠷᠪᠡ ᠰᠢᠳᠤᠨ ᠤ ᠠᠷᠢᠭᠤᠨ ᠴᠡᠪᠡᠷ ᠢ ᠠᠩᠬᠠᠷᠬᠤ ᠦᠭᠡᠢ ᠪᠣᠯ ᠠᠮᠠᠨ ᠳᠣᠲᠣᠷᠠᠬᠢ ᠪᠠᠺᠲ᠋ᠧᠷᠢ ᠨᠢ ᠢᠳᠡᠬᠡᠨ ᠤ ᠰᠢᠪᠬᠠᠷᠤᠤ ᠳᠤ ᠣᠷᠣᠭᠠᠳ ᠲᠡᠭᠦᠨ ᠢ ᠢᠰᠦᠯᠳᠦᠭᠦᠯᠵᠦ ᠬᠦᠴᠢᠯ ᠴᠢᠨᠠᠷᠲᠠᠢ ᠡᠳ᠋ ᠪᠣᠯᠭᠠᠳᠠᠭ᠃ ᠰᠢᠳᠤᠨ ᠤ ᠭᠤᠣᠯ ᠪᠦᠷᠢᠯᠳᠦᠭᠦᠨ ᠺᠠᠯᠼ ᠨᠢ ᠬᠦᠴᠢᠯ ᠲᠠᠢ ᠠᠭᠤᠯᠵᠠᠪᠠᠯ ᠳᠠᠷᠤᠢ ᠬᠢᠯᠪᠠᠷᠬᠠᠨ ᠠᠭᠤᠰᠳᠠᠭ᠂ ᠬᠥᠮᠥᠨ ᠬᠡᠷᠪᠡ ᠤᠷᠳᠤ ᠬᠤᠭᠤᠴᠠᠭ᠎ᠠ ᠰᠢᠳᠤ ᠪᠠᠨ ᠱᠤᠸᠠᠰᠠᠳᠠᠵᠤ ᠠᠮᠠ ᠪᠠᠨ ᠵᠠᠶᠢᠯᠬᠤ ᠦᠭᠡᠢ ᠪᠣᠯ ᠤᠳᠠᠭᠠᠨ ᠳᠤ ᠪᠠᠨ ᠦᠩᠬᠡᠨ ᠲᠠᠯ᠎ᠠ ᠳᠠᠪᠬᠤᠷᠭ᠎ᠠ ᠳᠠᠬᠢ ᠰᠢᠳᠤᠨ ᠤ ᠹᠠᠯᠠᠨ ᠨᠢ ᠭᠡᠮᠲᠦᠬᠦ ᠪᠣᠯᠣᠨ᠎ᠠ᠃ ᠰᠢᠳᠤᠨ ᠤ  ᠬᠤᠲᠣᠶᠢᠵᠤ ᠣᠷᠣᠭᠰᠠᠨ ᠬᠡᠰᠡᠭ ᠲᠤ ᠨᠢ ᠢᠳᠡᠬᠡᠨ ᠤ ᠰᠢᠪᠬᠠᠷᠤᠤ ᠨᠠᠩ ᠠᠮᠠᠷᠬᠠᠨ ᠬᠤᠷᠠᠮᠳᠤᠳᠠᠭ ᠪᠣᠯᠬᠤᠷ ᠳᠠᠷᠠ ᠨᠢ ᠪᠠᠺᠲ᠋ᠧᠷᠢ ᠶᠢᠨ ᠦᠷᠡᠵᠢᠵᠦ ᠥᠰᠬᠦ ᠳᠠᠯᠠᠪᠠᠢ ᠪᠤᠯᠳᠠᠭ᠃ ᠢᠳᠡᠭᠳᠡᠬᠦ ᠳᠤᠳᠤᠮ ᠤᠯᠠᠮ ᠭᠦᠨ ᠪᠣᠯᠵᠤ᠂ ᠶᠠᠭ ᠯᠠ ᠬᠤᠷᠣᠬᠠᠢ ᠳᠤ ᠢᠳᠡᠭᠳᠡᠭᠰᠡᠨ ᠰᠢᠭ ᠨᠦᠬᠡ ᠭᠠᠷᠳᠠᠭ᠃ ᠬᠥᠮᠥᠰ ︽ᠰᠢᠳᠤ ᠡᠪᠡᠳᠬᠦ ᠨᠢ ᠡᠪᠡᠳᠴᠢᠨ ᠳᠤ ᠲᠣᠭᠠᠴᠠᠭᠳᠠᠬᠤ ᠦᠭᠡᠢ᠂ ᠡᠪᠡᠳᠦᠭᠡᠳ ᠡᠬᠢᠯᠡᠪᠡᠯ ᠠᠮᠢ ᠠᠪᠤᠮᠠᠷ︾ ᠭᠡᠵᠦ ᠬᠡᠯᠡᠳᠡᠭ᠃ ᠰᠢᠳᠤᠨ ᠤ ᠹᠠᠯᠠᠨ ᠡᠳ᠋ ᠨᠢ ᠬᠤᠪᠬᠤᠷᠠᠵᠤ ᠤᠨᠠᠭᠠᠳ ᠰᠢᠳᠤᠨ ᠡᠳ᠋ ᠨᠢ ᠢᠯᠡᠷᠡᠭᠰᠡᠨ ᠦᠶ᠎ᠡ ᠳᠤ ᠬᠦᠴᠢᠲᠡᠢ᠂ ᠠᠮᠲᠠᠲᠠᠢ᠂ ᠬᠦᠢᠲᠡᠨ᠂ ᠬᠠᠯᠠᠭᠤᠨ ᠵᠡᠷᠭᠡ ᠰᠡᠳᠦᠯᠲᠡ ᠳᠤ ᠲᠣᠬᠢᠶᠠᠯᠳᠤᠪᠠᠯ ᠲᠡᠰᠪᠦᠷᠢᠯᠡᠬᠦᠶ᠎ᠡ ᠪᠡᠷᠬᠡ ᠪᠤᠯᠳᠠᠯ᠎ᠠ ᠱᠠᠷᠬᠢᠷᠠᠵᠤ ᠡᠪᠡᠳᠳᠡᠭ᠃ ᠬᠡᠷᠪᠡ ᠪᠠᠺᠲ᠋ᠧᠷᠢ ᠨᠢ ᠰᠢᠳᠤᠨ ᠡᠳ᠋ ᠤᠨ ᠲᠥᠪ ᠊᠊᠊᠊ ᠰᠢᠳᠤᠨ ᠤ ᠴᠢᠮᠦᠭᠡᠨ ᠳᠤ ᠰᠢᠷᠭᠤᠨ ᠣᠷᠣᠪᠠᠯ ᠦᠷᠪᠢᠰᠦᠯ ᠡᠭᠦᠰᠬᠡᠵᠦ ᠢᠳᠡᠭᠡᠯᠡᠳᠡᠭ  ᠲᠤᠯᠠ ᠨᠠᠩ ᠰᠦᠷᠡᠬᠡᠢ ᠡᠪᠡᠳᠦᠭᠦᠯᠳᠡᠭ᠃ ᠰᠦᠷᠡᠬᠡᠢ ᠡᠪᠡᠳᠳᠡᠭ ᠤᠨ ᠰᠢᠯᠲᠠᠭᠠᠨ ᠨᠢ ᠰᠢᠳᠤᠨ ᠤ ᠴᠢᠮᠦᠭᠡ ᠪᠣᠯ ᠪᠠᠲᠤ ᠪᠠᠬᠢ ᠶᠠᠰᠤᠯᠢᠭ ᠡᠳ᠋ ᠲᠤ ᠪᠠᠭᠯᠠᠭᠳᠠᠵᠤ᠂ ᠠᠭᠰᠢᠵᠤ ᠲᠡᠯᠡᠭᠳᠡᠬᠦ ᠪᠣᠯᠣᠯᠴᠠᠭ᠎ᠠ ᠦᠭᠡᠢ ᠪᠣᠯᠬᠤᠷ ᠬᠡᠷᠪᠡ ᠬᠠᠪᠤᠳᠪᠠᠯ ᠰᠢᠳᠤᠨ ᠤ ᠮᠡᠳᠡᠷᠡᠯ ᠢ ᠴᠢᠩᠭ᠎ᠠ ᠳᠠᠷᠤᠭᠠᠳ᠂ ᠰᠦᠷᠡᠬᠡᠢ ᠡᠪᠡᠳᠦᠭᠦᠯᠳᠡᠭ᠃ ︽ᠰᠢᠳᠤ ᠬᠤᠷᠣᠬᠠᠶᠢᠲᠤᠬᠤ︾᠎ ᠶᠢ ᠤᠷᠢᠳᠴᠢᠯᠠᠨ ᠰᠡᠷᠭᠡᠶᠢᠯᠡᠵᠦ ᠪᠣᠯᠣᠨ᠎ᠠ᠃ ᠡᠭᠦᠨ ᠳᠤ ᠪᠡᠶ᠎ᠡ ᠶᠢᠨ ᠪᠣᠯᠪᠠᠰᠤᠷᠠᠯ ᠢ ᠠᠩᠬᠠᠷᠬᠤ ᠶᠢᠨ ᠬᠠᠮᠲᠤ᠂ ᠡᠳᠦᠷ ᠪᠦᠷᠢ ᠰᠢᠳᠤ ᠪᠠᠨ ᠱᠤᠸᠠᠰᠠᠳᠠᠨ ᠠᠮᠠ ᠪᠠᠨ ᠵᠠᠶᠢᠯᠵᠤ᠂ ᠠᠮᠠᠨ ᠬᠥᠨᠳᠡᠢ ᠶᠢ ᠠᠷᠢᠭᠤᠨ ᠴᠡᠪᠡᠷ ᠪᠠᠶᠢᠯᠭᠠᠵᠤ᠂ ᠪᠠᠺᠲ᠋ᠧᠷᠢ ᠶᠡᠭᠡ ᠬᠡᠮᠵᠢᠶ᠎ᠡ ᠪᠠᠷ ᠦᠷᠡᠵᠢᠬᠦ ᠵᠠᠪᠰᠢᠶᠠᠨ ᠢ ᠦᠬᠡᠶᠢᠰᠬᠡᠬᠦ  ᠬᠡᠷᠡᠭᠲᠡᠢ᠃
 
ᠢᠷᠡᠯᠲᠡ᠄ ᠰᠢᠯᠤᠭᠤᠨ ᠬᠥᠬᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号