ᠰᠢ ᠶᠢᠨ ᠫᠢᠩ ᠶᠡᠷᠦᠩᠬᠡᠢ ᠱᠦᠵᠢ ᠶᠢᠨ ᠡᠮᠡᠭᠲᠡᠶᠢᠴᠦᠳ ᠬᠡᠦᠬᠡᠳ ᠪᠠ ᠡᠮᠡᠭᠲᠡᠶᠢᠴᠦᠳ ᠤᠨ ᠬᠤᠯᠪᠣᠭ᠎ᠠ ᠶᠢᠨ | ᠠᠵᠢᠯ ᠤᠨ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠡᠮᠡᠭᠲᠡᠶᠢᠴᠦᠳ | ᠬᠡᠦᠬᠡᠳ ᠤᠨ ᠬᠠᠤᠯᠢ ᠶᠣᠰᠣᠨ ᠤ ᠡᠷᠬᠡ ᠠᠰᠢᠭ ᠢ ᠨᠠᠩ ᠰᠠᠶᠢᠨ ᠪᠠᠲᠤᠯᠠᠬᠤ ᠶᠢᠨ ᠲᠥᠯᠥᠭᠡ᠂ ᠣᠶᠢᠷ᠎ᠠ ᠳᠤ | ᠪᠠᠶᠠᠨᠲᠤᠬᠤᠢ ᠰᠤᠮᠤᠨ ᠤ ᠡᠮᠡᠭᠲᠡᠶᠢᠴᠦᠳ ᠤᠨ ᠬᠤᠯᠪᠣᠭ᠎ᠠ ᠡᠮᠡᠭᠲᠡᠶᠢᠴᠦᠳ ᠤᠨ ᠤᠬᠠᠭᠤᠯᠤᠨ ᠲᠠᠶᠢᠯᠪᠤᠷᠢᠯᠠᠬᠤ᠂ | ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠭᠠᠷ ᠳᠡᠪᠲᠡᠷ ᠲᠠᠷᠬᠠᠭᠠᠬᠤ᠂ ᠬᠤᠯᠪᠣᠭᠳᠠᠯ ᠪᠦᠬᠦᠢ | ᠠᠭᠤᠯᠭ᠎ᠠ ᠶᠢ ᠰᠦᠯᠵᠢᠶᠡᠨ ᠳᠡᠭᠡᠷ᠎ᠡ ᠬᠦᠷᠭᠡᠬᠦ ᠵᠡᠷᠭᠡ ᠬᠡᠯᠪᠡᠷᠢ ᠪᠠᠷ ᠳᠠᠮᠵᠢᠭᠤᠯᠤᠨ ︽ᠣᠯᠠᠨ ᠤᠯᠤᠰ ᠤᠨ ᠭᠡᠷ | ᠪᠦᠯᠢ ᠶᠢᠨ ᠬᠦᠴᠦᠷᠬᠡᠭᠯᠡᠯ ᠢ ᠡᠰᠡᠷᠭᠦᠴᠡᠬᠦ ᠡᠳᠦᠷ︾ ᠤᠨ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃ | ᠤᠬᠠᠭᠤᠯᠤᠨ ᠲᠠᠶᠢᠯᠪᠤᠷᠢᠯᠠᠬᠤ ᠬᠤᠷᠠᠯ ᠳᠡᠭᠡᠷ᠎ᠡ᠂ ᠰᠤᠮᠤᠨ ᠤ ᠡᠮᠡᠭᠲᠡᠶᠢᠴᠦᠳ ᠤᠨ ᠬᠤᠯᠪᠣᠭᠠᠲᠤ ᠬᠤᠷᠠᠯ ᠤᠨ | ᠺᠠᠳ᠋ᠷᠴᠤᠳ ︽ᠭᠡᠷ ᠪᠦᠯᠢ ᠶᠢᠨ ᠬᠦᠴᠦᠷᠬᠡᠭᠯᠡᠯ ᠢ ᠡᠰᠡᠷᠭᠦᠴᠡᠵᠦ ᠨᠡᠶᠢᠭᠡᠮ ᠤᠨ ᠠᠮᠤᠷ ᠲᠣᠭᠲᠠᠭᠤᠨ ᠢ ᠬᠠᠮᠠᠭᠠᠯᠠᠶ᠎ᠠ︾ | ᠭᠡᠬᠦ ᠰᠡᠳᠦᠪ ᠢᠶᠠᠷ᠂ ᠬᠢᠯᠪᠠᠷ ᠣᠶᠢᠯᠠᠭᠠᠮᠵᠢᠲᠠᠢ ᠦᠭᠡ ᠬᠡᠯᠡ ᠪᠠᠷ ᠠᠮᠢᠳᠤᠯᠢᠭ ᠨᠡᠶᠢᠲᠡᠯᠢᠭ ᠬᠡᠷᠡᠭ ᠤᠨ ᠵᠢᠱᠢᠶ᠎ᠡ ᠶᠢ | ᠣᠷᠣᠭᠤᠯᠤᠨ ᠠᠪᠴᠢᠷᠠᠵᠤ᠂ ᠶᠠᠭᠤ ᠶᠢ ᠭᠡᠷ ᠪᠦᠯᠢ ᠶᠢᠨ ᠬᠦᠴᠦᠷᠬᠡᠭᠯᠡᠯ᠂ ᠭᠡᠷ ᠪᠦᠯᠢ ᠶᠢᠨ ᠬᠦᠴᠦᠷᠬᠡᠭᠯᠡᠯ ᠤᠨ | ᠣᠳᠣᠬᠢ ᠪᠠᠶᠢᠳᠠᠯ ᠵᠢᠴᠢ ᠪᠣᠶ ᠪᠣᠯᠤᠭᠰᠠᠨ ᠰᠢᠯᠲᠠᠭᠠᠨ᠂ ᠭᠡᠷ ᠪᠦᠯᠢ ᠶᠢᠨ ᠬᠦᠴᠦᠷᠬᠡᠭᠯᠡᠯ ᠤᠨ ᠡᠮᠦᠨ᠎ᠡ ᠡᠷᠬᠡ ᠪᠠᠨ | ᠬᠡᠷᠬᠢᠨ ᠬᠠᠮᠠᠭᠠᠯᠠᠬᠤ ᠵᠡᠷᠭᠡ ᠭᠤᠷᠪᠠᠨ ᠲᠠᠯ᠎ᠠ ᠪᠠᠷ ᠬᠠᠤᠯᠢ ᠲᠦᠭᠡᠮᠡᠯᠵᠢᠭᠦᠯᠬᠦ ᠬᠥᠮᠦᠵᠢᠯ ᠬᠢᠬᠦ ᠶᠢᠨ ᠬᠠᠮᠲᠤ | ᠲᠤᠬᠠᠢ ᠶᠢᠨ ᠲᠠᠯᠠᠪᠤᠷ ᠲᠤᠨᠢ ᠲᠤᠰᠬᠠᠢ ᠰᠡᠳᠦᠪᠲᠦ ᠬᠥᠮᠦᠵᠢᠯ ᠤᠨ ᠣᠬᠤᠷ ᠹᠢᠯᠢᠮ ᠢ ᠦᠵᠡᠵᠦ᠂ ᠰᠤᠮᠤᠨ ᠤ ᠡᠮᠡᠭᠲᠡᠢ | ᠣᠯᠠᠨ ᠲᠦᠮᠡᠨ ᠤ ᠭᠡᠷ ᠪᠦᠯᠢ ᠶᠢᠨ ᠬᠦᠴᠦᠷᠬᠡᠭᠯᠡᠯ ᠢ ᠡᠰᠡᠷᠭᠦᠴᠡᠬᠦ ᠦᠵᠡᠯ ᠤᠬᠠᠮᠰᠠᠷ ᠪᠠ ᠬᠠᠤᠯᠢ ᠶᠣᠰᠣᠭᠠᠷ | ᠡᠷᠬᠡ ᠪᠠᠨ ᠬᠠᠮᠠᠭᠠᠯᠠᠬᠤ ᠴᠢᠳᠠᠪᠤᠷᠢ ᠶᠢ ᠪᠦᠲᠦᠮᠵᠢᠲᠡᠶ ᠪᠠᠷ ᠳᠡᠭᠡᠭᠰᠢᠯᠡᠭᠦᠯᠪᠡ᠃ ᠳᠠᠷᠠᠭ᠎ᠠ ᠪᠠᠷ ᠨᠢ ᠲᠠᠷᠢᠶᠠᠨ ᠳᠤᠮᠳᠠ | ᠭᠦᠨᠵᠡᠭᠡᠶᠢᠷᠡᠵᠦ᠂ ᠣᠯᠠᠨ ᠲᠦᠮᠡᠨ ᠤ ᠭᠡᠷ ᠲᠤ ᠣᠷᠣᠵᠤ᠂ ᠲᠤᠬᠠᠢ ᠶᠢᠨ ᠲᠠᠯᠠᠪᠤᠷ ᠲᠤ ︽ᠪᠥᠬᠦᠳᠡ ᠨᠠᠶᠢᠷᠠᠮᠳᠠᠬᠤ | ᠳᠤᠮᠳᠠᠳᠤ ᠠᠷᠠᠳ ᠤᠯᠤᠰ ᠤᠨ ᠡᠮᠡᠭᠲᠡᠶᠢᠴᠦᠳ ᠤᠨ ᠡᠷᠬᠡ ᠠᠰᠢᠭ ᠢ ᠪᠠᠲᠤᠯᠠᠬᠤ ᠬᠠᠤᠯᠢ︾᠂ ︽ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠡᠷ ᠪᠦᠯᠢ ᠶᠢᠨ ᠬᠦᠴᠦᠷᠬᠡᠭᠯᠡᠯ ᠢ ᠡᠰᠡᠷᠭᠦᠴᠡᠬᠦ ᠳᠦᠷᠢᠮ︾ ᠵᠡᠷᠭᠡ | ᠭᠡᠷ ᠪᠦᠯᠢ ᠶᠢᠨ ᠬᠦᠴᠦᠷᠬᠡᠭᠯᠡᠯ ᠢ ᠡᠰᠡᠷᠭᠦᠴᠡᠬᠦ᠂ ᠡᠮᠡᠭᠲᠡᠶᠢᠴᠦᠳ ᠬᠡᠦᠬᠡᠳ ᠤᠨ ᠡᠷᠬᠡ ᠠᠰᠢᠭ ᠢ ᠬᠠᠮᠠᠭᠠᠯᠠᠬᠤ ᠵᠡᠷᠭᠡ | ᠲᠠᠯ᠎ᠠ ᠶᠢᠨ ᠬᠠᠤᠯᠢ ᠴᠠᠭᠠᠵᠠ ᠶᠢᠨ ᠮᠡᠳᠡᠯᠭᠡ ᠶᠢ ᠲᠦᠭᠡᠮᠡᠯᠵᠢᠭᠦᠯᠵᠦ᠂ ᠭᠡᠷ ᠪᠦᠯᠢ ᠶᠢᠨ ᠬᠦᠴᠦᠷᠬᠡᠭᠯᠡᠯ ᠢ ᠡᠰᠡᠷᠭᠦᠴᠡᠬᠦ | ᠤᠯᠠᠨ ᠲᠦᠮᠡᠨ ᠤ ᠮᠡᠳᠡᠯᠭᠡ ᠶᠢᠨ ᠲᠤᠬᠠᠢ ᠲᠠᠨᠢᠯᠲᠠ ᠶᠢᠨ ᠬᠡᠮᠵᠢᠶ᠎ᠡ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠭᠡᠷ | ᠪᠦᠯᠢ ᠶᠢᠨ ᠬᠦᠴᠦᠷᠬᠡᠭᠯᠡᠯ ᠢ ᠬᠠᠮᠲᠤ ᠪᠠᠷ ᠤᠷᠢᠳᠴᠢᠯᠠᠨ ᠰᠡᠷᠭᠡᠶᠢᠯᠡᠬᠦ ᠪᠠ ᠬᠤᠷᠢᠭᠯᠠᠨ ᠵᠣᠭᠰᠤᠭᠠᠬᠤ ᠰᠠᠶᠢᠨ | ᠰᠠᠶᠢᠬᠠᠨ ᠨᠡᠶᠢᠭᠡᠮ ᠤᠨ ᠠᠭᠤᠷ ᠠᠮᠢᠰᠬᠤᠯ ᠢ ᠴᠢᠷᠮᠠᠶᠢᠨ ᠪᠤᠢ ᠪᠣᠯᠭᠠᠪᠠ᠃ | ᠳᠠᠷᠠᠭᠠᠴᠢ ᠶᠢᠨ ᠠᠯᠬᠤᠮ ᠳᠤ᠂ ᠪᠠᠶᠠᠨᠲᠤᠬᠤᠢ ᠰᠤᠮᠤᠨ ᠤ ᠡᠮᠡᠭᠲᠡᠶᠢᠴᠦᠳ ᠤᠨ ᠬᠤᠯᠪᠣᠭ᠎ᠠ ᠠᠵᠢᠯ ᠤᠨ | ᠪᠣᠳᠠᠲᠤ ᠪᠠᠶᠢᠳᠠᠯ ᠪᠣᠯᠣᠨ ᠤᠯᠠᠨ ᠲᠦᠮᠡᠨ ᠤ ᠬᠡᠷᠡᠭᠴᠡᠭᠡ ᠱᠠᠭᠠᠷᠳᠠᠯᠭ᠎ᠠ ᠳᠤ ᠰᠠᠭᠤᠷᠢᠯᠠᠵᠤ᠂ ︽ᠬᠤᠯᠪᠣᠭᠠᠯᠠᠬᠤ︾ | ᠳᠠᠪᠠᠭᠤᠯᠢᠭ ᠢᠶᠠᠨ ᠪᠠᠳᠠᠷᠠᠭᠤᠯᠵᠤ᠂ ᠡᠮᠡᠭᠲᠡᠶᠢᠴᠦᠳ ᠬᠡᠦᠬᠡᠳ ᠤᠨ ᠬᠠᠤᠯᠢ ᠶᠣᠰᠣᠨ ᠤ ᠡᠷᠬᠡ ᠠᠰᠢᠭ ᠢ | ᠬᠠᠮᠠᠭᠠᠯᠠᠬᠤ ᠪᠠᠷ ᠬᠦᠴᠦᠯᠡᠬᠦ ᠴᠡᠭ ᠪᠣᠯᠭᠠᠵᠤ᠂ ᠬᠠᠤᠯᠢᠵᠢᠯ ᠤᠨ ᠤᠬᠠᠭᠤᠯᠭ᠎ᠠ ᠪᠣᠯᠣᠨ ᠡᠷᠬᠡ ᠪᠠᠨ ᠬᠠᠮᠠᠭᠠᠯᠠᠬᠤ | ᠦᠢᠯᠡᠴᠢᠯᠡᠭᠡ ᠶᠢ ᠲᠠᠰᠤᠷᠠᠯᠳᠡ ᠦᠭᠡᠢ ᠭᠦᠨᠵᠡᠭᠡᠶᠢᠷᠡᠭᠦᠯᠵᠦ᠂ ᠠᠮᠤᠷ ᠠᠮᠤᠭᠤᠯᠠᠩ ᠪᠠ ᠦᠵᠡᠰᠬᠦᠯᠡᠩᠲᠦ ᠰᠠᠶᠢᠬᠠᠨ | ᠬᠥᠳᠡᠭᠡ ᠲᠣᠰᠬᠤᠨ ᠢ ᠪᠦᠲᠦᠭᠡᠨ ᠪᠠᠶᠢᠭᠤᠯᠬᠤ ᠳᠤ ᠡᠮᠡᠭᠲᠡᠶᠢᠴᠦᠳ ᠤᠨ ᠬᠦᠴᠦᠨ ᠴᠢᠳᠠᠯ ᠢᠶᠠᠨ ᠡᠷᠭᠦᠨ᠎ᠡ᠃ |