ᠪᠠᠶᠠᠨᠲᠤᠬᠤᠢ ᠰᠤᠮᠤᠨ ᠤ ᠡᠪᠯᠡᠯ ᠤᠨ ᠬᠤᠷᠢᠶ᠎ᠠ ︽ᠵᠠᠯᠠᠭᠤ ᠨᠠᠰᠤᠨ ᠤ ᠤᠩᠰᠢᠯᠭ᠎ᠠ︾᠎ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2023/12/4
      ᠨᠡᠶᠢᠭᠡᠮ ᠵᠢᠷᠤᠮ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ  ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ  ᠶᠢ ᠭᠦᠨᠵᠡᠭᠡᠢ ᠰᠤᠷᠤᠯᠴᠠᠨ‌‍ᠲ᠋ᠣᠣᠱᠯᠠᠭᠤᠯᠵᠣ᠂ ᠨᠠᠮ ᠤᠨ ᠰᠢᠨ᠎ᠡ ᠡᠭᠦᠳᠦᠯᠲᠡ ᠶᠢᠨ ᠣᠨᠣᠯ ᠤᠨ ᠦᠷ᠎ᠡ ᠪᠦᠲᠦᠭᠡᠯ ᠢ ᠵᠠᠯᠠᠭᠤᠴᠤᠳ ᠤᠨ ᠳᠤᠮᠳᠠ ᠴᠡᠴᠡᠭᠯᠡᠭᠦᠯᠭᠦ ᠶᠢᠨ ᠲᠦᠯᠦᠭᠡ᠂ ᠪᠠᠶᠠᠨᠲᠤᠬᠠᠢ ᠰᠤᠮᠤᠨ ᠤ ᠡᠪᠯᠡᠯ ᠤᠨ ᠬᠤᠷᠢᠶ᠎ᠠ ᠵᠠᠯᠠᠭᠤᠴᠤᠳ ᠤᠨ ᠠᠶᠢᠯᠢ ᠶᠢᠨ ᠵᠢᠭᠰᠠᠭᠠᠯ ᠤᠨ ᠭᠠᠵᠠᠷ ᠲᠤ ᠲᠦᠰᠢᠭᠯᠡᠨ᠂ ᠨᠣᠮ ᠤᠩᠰᠢᠵᠤ ᠰᠤᠷᠤᠯᠴᠠᠬᠤ᠂ ᠤᠬᠠᠭᠤᠯᠤᠨ ᠲᠠᠶᠢᠯᠪᠤᠷᠢᠯᠠᠵᠤ ᠬᠤᠪᠢᠶᠠᠨ ᠡᠳ᠋ᠯᠡᠬᠦ ᠵᠡᠷᠭᠡ ᠠᠵᠢᠯᠯᠠᠭ᠎ᠠ ᠶᠢ ᠥᠷᠨᠢᠭᠦᠯᠵᠦ᠂ ᠡᠪᠯᠡᠯ ᠤᠨ ᠭᠡᠰᠢᠭᠦᠨ ᠵᠠᠯᠠᠭᠤᠴᠤᠳ ᠢ ᠤᠨᠤᠯ ᠤᠨ ᠰᠤᠷᠤᠯᠴᠠᠯᠭ᠎ᠠ᠂ ᠰᠣᠯᠢᠯᠴᠠᠭ᠎ᠠ ᠬᠢᠵᠦ ᠰᠤᠳᠤᠯᠤᠨ ᠶᠠᠷᠢᠯᠴᠠᠬᠤ ᠳᠤᠮᠳᠠ ᠮᠡᠳᠡᠯᠭᠡ ᠪᠠᠨ ᠨᠡᠮᠡᠭᠳᠡᠭᠦᠯᠵᠦ᠂ ᠬᠡᠪ ᠪᠣᠯᠪᠠᠰᠤᠷᠠᠯ ᠢᠶᠠᠨ ᠳᠡᠭᠡᠭᠰᠢᠯᠡᠭᠦᠯᠵᠦ᠂ ᠡᠪᠯᠡᠯ ᠤᠨ ᠭᠡᠰᠢᠭᠦᠨ ᠵᠠᠯᠠᠭᠤᠴᠤᠳ ᠤᠨ ᠭᠤᠣᠯ ᠰᠡᠳᠦᠪᠲᠦ ᠬᠥᠮᠦᠵᠢᠯ ᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠴᠢᠨᠠᠭᠰᠢᠳᠠ ᠠᠬᠢᠭᠤᠯᠪᠠ᠃      ᠠᠵᠢᠯᠯᠠᠭ᠎ᠠ ᠶᠢᠨ ᠳᠤᠮᠳᠠ᠂ ᠡᠩ ᠲᠡᠷᠢᠭᠦᠨ ᠳᠤ ᠤᠭ ᠵᠣᠬᠢᠶᠠᠯ ᠢ ᠤᠩᠰᠢᠬᠤ᠂ ᠤᠭ ᠵᠣᠬᠢᠶᠠᠯ ᠢ ᠰᠤᠷᠤᠯᠴᠠᠬᠤ᠂ ᠤᠭ ᠶᠣᠰᠣ ᠶᠢ ᠣᠶᠢᠯᠠᠭᠠᠬᠤ ᠠᠷᠭ᠎ᠠ ᠬᠡᠯᠪᠡᠷᠢ ᠪᠠᠷ ︽ᠰᠢ ᠶᠢᠨ ᠫᠢᠩ  ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠲᠤᠰᠬᠠᠢ ᠰᠡᠳᠦᠪᠲᠦ ᠲᠡᠭᠦᠪᠦᠷᠢ︾ ︽︿ᠲᠠᠪᠤᠨ ᠥᠭᠦᠯᠡᠪᠦᠷᠢ﹀᠎ ᠶᠢᠨ ᠪᠣᠳᠠᠲᠤ ᠶᠠᠪᠤᠳᠠᠯ ᠪᠠ ᠶᠣᠰᠣ ᠤᠴᠢᠷ ᠢ ᠬᠠᠪᠰᠤᠷᠤᠨ ᠵᠢᠯᠤᠭᠤᠳᠬᠤ ᠤᠩᠰᠢᠬᠤ ᠪᠢᠴᠢᠭ︾ ᠎ ᠢ ᠭᠤᠣᠯᠳᠠᠯᠭ᠎ᠠ ᠲᠠᠢ ᠰᠤᠷᠤᠯᠴᠠᠪᠠ᠃ ᠡᠪᠯᠡᠯ ᠤᠨ ᠭᠡᠰᠢᠭᠦᠨ ᠵᠠᠯᠠᠭᠤᠴᠤᠳ ᠢ ᠬᠥᠲᠥᠯᠥᠨ ᠵᠢᠯᠤᠭᠤᠳᠴᠤ ᠪᠠᠶᠢᠭᠠᠳ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠰᠢᠨᠵᠢᠯᠡᠬᠦ ᠤᠬᠠᠭᠠᠨᠴᠢ ᠰᠢᠰᠲ᠋ᠧᠮ᠂ ᠭᠤᠣᠯ ᠴᠢᠮᠦᠭᠡ ᠴᠢᠬᠤᠯᠠ ᠤᠳᠬ᠎ᠠ᠂ ᠦᠢᠯᠡᠳᠦᠯᠭᠡ ᠶᠢᠨ ᠱᠠᠭᠠᠷᠳᠠᠯᠭ᠎ᠠ ᠶᠢ ᠨᠠᠷᠢᠨ ᠬᠢᠨᠠᠮᠠᠭᠠᠢ ᠰᠤᠷᠤᠯᠴᠠᠨ ᠡᠵᠡᠮᠰᠢᠭᠦᠯᠵᠦ᠂ ︽ᠲᠠᠪᠤᠨ ᠦᠭᠡ︾᠎ ᠶᠢᠨ ᠪᠣᠳᠠᠲᠤ ᠶᠠᠪᠤᠳᠠᠯ ᠪᠠ ᠶᠣᠰᠣ ᠤᠴᠢᠷ ᠢ ᠭᠦᠨᠵᠡᠭᠡᠢ ᠲᠠᠨᠢᠵᠤ᠂ ᠪᠠᠲᠤ ᠴᠡᠭᠡᠵᠢᠯᠡᠵᠦ᠂ ᠰᠤᠷᠤᠯᠴᠠᠨ ᠰᠡᠳᠬᠢᠬᠦ ᠦᠢᠯᠡᠳᠦᠯᠭᠡᠵᠢᠭᠦᠯᠬᠦ ᠳᠤᠮᠳᠠ ᠬᠠᠮᠲᠤ ᠶᠢᠨ ᠲᠠᠨᠢᠯᠲᠠ ᠪᠠᠨ ᠨᠢᠭᠲᠠᠷᠠᠭᠤᠯᠵᠤ᠂ ᠰᠤᠷᠤᠯᠴᠠᠯᠭ᠎ᠠ ᠶᠢᠨ ᠦᠷ᠎ᠡ ᠪᠦᠲᠦᠭᠡᠯ ᠢᠶᠠᠨ ᠠᠵᠢᠯ ᠢᠶᠠᠨ ᠠᠬᠢᠭᠤᠯᠬᠤ ᠬᠦᠴᠦᠷᠬᠡᠭ ᠶᠡᠭᠡ ᠬᠦᠴᠦᠨ ᠪᠣᠯᠭᠠᠨ ᠬᠤᠪᠢᠷᠠᠭᠤᠯᠬᠤ ᠪᠠᠷ ᠴᠢᠷᠮᠠᠶᠢᠵᠤ᠃ 3 ᠡᠪᠯᠡᠯ ᠤᠨ ᠭᠡᠰᠢᠭᠦᠨ ᠵᠠᠯᠠᠭᠤᠴᠤᠳ ᠣᠶᠢᠷ᠎ᠠ ᠶᠢᠨ ᠬᠤᠭᠤᠴᠠᠭᠠᠨ ᠳᠤ ᠤᠩᠰᠢᠭᠰᠠᠨ ᠨᠣᠮ ᠪᠢᠴᠢᠭ ᠲᠡᠭᠡᠨ ᠴᠢᠭᠯᠡᠭᠦᠯᠦᠨ ᠨᠣᠮ ᠤᠩᠰᠢᠭᠰᠠᠨ ᠣᠯᠣᠯᠲᠠ ᠲᠥᠷᠥᠭᠳᠡᠯ ᠢᠶᠠᠨ ᠬᠤᠪᠢᠶᠠᠯᠴᠠᠵᠤ᠂ ᠲᠤᠬᠠᠢ ᠶᠢᠨ ᠲᠠᠯᠠᠪᠤᠷ ᠲᠤ ᠪᠠᠶᠢᠭᠰᠠᠨ ᠵᠠᠯᠠᠭᠤᠴᠤᠳ ᠨᠣᠮ ᠤᠩᠰᠢᠬᠤ ᠬᠦᠴᠦᠨ ᠴᠢᠳᠠᠯ ᠢ ᠮᠡᠳᠡᠷᠡᠵᠦ᠂ ᠪᠠᠰᠠ ᠬᠥᠮᠥᠨ ᠤ ᠠᠮᠢᠳᠤᠷᠠᠯ ᠤᠨ ᠲᠥᠷᠥᠭᠳᠡᠯ ᠢ ᠣᠯᠵᠠᠢ᠃       ᠨᠣᠮ ᠤᠩᠰᠢᠬᠤ ᠠᠵᠢᠯᠯᠠᠭ᠎ᠠ ᠪᠠᠷ ᠲᠠᠮᠵᠢᠨ᠂ ᠰᠤᠮᠤᠨ ᠤ ᠡᠪᠯᠡᠯ ᠤᠨ ᠭᠡᠰᠢᠭᠦᠨ ᠵᠠᠯᠠᠭᠤᠴᠤᠳ ᠨᠠᠮ ᠤᠨ ᠠᠴᠢ ᠶᠢ ᠣᠶᠢᠯᠠᠭᠠᠬᠤ᠂ ᠨᠠᠮ ᠤᠨ ᠦᠭᠡ ᠶᠢ ᠰᠣᠨᠣᠰᠬᠤ᠂ ᠨᠠᠮ ᠢᠶᠠᠨ ᠲᠠᠭᠠᠬᠤ ᠵᠣᠷᠢᠭ ᠢᠶᠠᠨ ᠨᠡᠩ ᠪᠠᠲᠤᠳᠬᠠᠵᠤ᠂ ᠣᠷᠭᠢᠯᠤᠮ᠎ᠠ ᠬᠠᠯᠠᠭᠤᠨ ᠰᠡᠳᠬᠢᠯᠭᠡ ᠪᠠ ᠴᠤᠭ ᠪᠠᠳᠠᠷᠠᠩᠭᠤᠢ ᠲᠡᠮᠡᠴᠡᠯ ᠤᠨ ᠵᠣᠷᠢᠭ ᠢᠶᠠᠷ ᠤᠯᠤᠰ ᠲᠦᠷᠦ ᠶᠢᠨ ᠤᠨᠤᠯ᠂ ᠰᠢᠨᠵᠢᠯᠡᠬᠦ ᠤᠬᠠᠭᠠᠨ ᠰᠣᠶᠣᠯ ᠪᠠ ᠠᠵᠢᠯ ᠬᠢᠵᠦ ᠦᠢᠯᠡᠰ ᠪᠣᠰᠬᠠᠬᠤ ᠴᠢᠳᠠᠪᠤᠷᠢ ᠶᠢᠨ ᠰᠤᠷᠤᠯᠴᠠᠯᠭ᠎ᠠ ᠦᠢᠯᠡᠳᠦᠯᠭᠡ ᠪᠠᠨ ᠴᠢᠩᠭᠠᠳᠬᠠᠵᠤ᠂ ᠦᠨᠳᠦᠰᠦᠨ ᠱᠠᠲᠤᠨ ᠤ ᠡᠮᠦᠨ᠎ᠡ ᠹᠷᠣᠨᠲ ᠤᠨ ᠴᠥᠬᠦᠷᠡᠰᠢ ᠦᠭᠡᠢ ᠲᠡᠮᠡᠴᠡᠯ ᠤᠨ ᠳᠤᠮᠳᠠ ᠵᠠᠯᠠᠭᠤ ᠨᠠᠰᠤᠨ ᠤ ᠥᠩᠭᠡ ᠵᠢᠰᠦ ᠪᠠᠨ ᠰᠠᠴᠤᠷᠠᠭᠤᠯᠤᠨ᠎ᠠ ᠭᠡᠵᠦ ᠤᠯᠠᠨ ᠢᠶᠠᠷ ᠢᠶᠠᠨ ᠢᠯᠡᠳᠬᠡᠵᠡᠭᠡᠪᠡ᠃
 
ᠢᠷᠡᠯᠲᠡ᠄ ᠪᠠᠶᠠᠨᠲᠣᠬᠤᠢ ᠰᠤᠮᠤ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号