ᠵᠢᠯ ᠤᠨ ᠡᠴᠦᠰ ᠪᠣᠯᠬᠤ ᠲᠠᠰᠢᠷᠠᠮ ᠢᠶᠠᠷ᠂ ᠬᠠᠷᠢᠶ᠎ᠠ ᠣᠷᠣᠨ ᠤ ᠠᠶᠤᠯᠭᠦᠢ ᠦᠢᠯᠡᠳᠪᠦᠷᠢᠯᠡᠯ ᠤᠨ ᠠᠵᠢᠯ ᠤᠨ | ᠲᠡᠭᠦᠰ ᠠᠮᠵᠢᠯᠲᠠ ᠲᠠᠢ ᠲᠡᠭᠦᠰᠬᠦ ᠶᠢ ᠪᠠᠲᠤᠯᠠᠬᠤ ᠶᠢᠨ ᠲᠥᠯᠥᠭᠡ᠂ ᠬᠠᠷ᠎ᠠ ᠪᠦᠷᠭᠦᠳ ᠤᠨ ᠠᠭᠤᠯᠠ ᠪᠠᠯᠭᠠᠰᠤᠨ ᠤ | ᠨᠠᠮ ᠤᠨ ᠬᠤᠷᠢᠶ᠎ᠠ᠂ ᠵᠠᠰᠠᠭ ᠤᠨ ᠣᠷᠳᠣᠨ ᠤᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡᠪᠡᠷ ᠬᠡᠷᠡᠭᠯᠡᠵᠦ᠂ ᠠᠶᠤᠯᠭᠦᠢ | ᠦᠢᠯᠡᠳᠪᠦᠷᠢᠯᠡᠯ ᠤᠨ︽ᠰᠡᠷᠭᠡᠶᠢᠯᠡᠯᠲᠡ ᠶᠢᠨ ᠬᠡᠷᠡᠮ︾ ᠢ ᠪᠠᠬᠢᠵᠢᠭᠦᠯᠵᠡᠢ᠃ | ᠨᠢᠭᠡ᠂ ᠨᠢᠭᠡᠳᠦᠯᠲᠡᠢ ᠲᠥᠯᠥᠪᠯᠡᠨ ᠲᠣᠬᠢᠷᠠᠭᠤᠯᠵᠤ᠂ ᠬᠠᠷᠢᠭᠤᠴᠠᠯᠭ᠎ᠠ ᠶᠢ ᠪᠣᠳᠠᠲᠠᠶᠢᠵᠢᠭᠤᠯᠤᠨ᠎ᠠ᠃ ᠪᠦᠬᠦ | ᠬᠤᠰᠢᠭᠤᠨ ᠤ ᠳᠥᠷᠪᠡᠳᠦᠭᠡᠷ ᠤᠯᠠᠷᠢᠯ ᠤᠨ ᠠᠶᠤᠯᠭᠦᠢ ᠦᠢᠯᠡᠳᠪᠦᠷᠢᠯᠡᠯ ᠤᠨ ᠠᠵᠢᠯ ᠤᠨ ᠬᠤᠷᠠᠯ ᠤᠨ ᠵᠣᠷᠢᠭ | ᠰᠠᠨᠠᠭ᠎ᠠ ᠶᠢ ᠪᠦᠬᠦ ᠪᠠᠯᠭᠠᠰᠤᠨ ᠤ ᠺᠠᠳ᠋ᠷ ᠠᠵᠢᠯᠲᠠᠳ ᠢ ᠵᠣᠬᠢᠶᠠᠨ ᠪᠠᠶᠢᠭᠤᠯᠤᠨ ᠲᠤᠰᠬᠠᠢ ᠰᠡᠳᠦᠪᠲᠦ ᠰᠤᠷᠤᠯᠴᠠᠯᠭ᠎ᠠ ᠶᠢ | ᠥᠷᠨᠢᠭᠦᠯᠵᠦ᠂ ᠪᠦᠬᠦ ᠪᠠᠯᠭᠠᠰᠤᠨ ᠤ ᠳᠡᠭᠡᠳᠦ ᠳᠣᠣᠷᠠᠳᠤ ᠱᠠᠲᠤᠨ ᠤ ᠬᠢᠨ ᠡᠷᠬᠡᠪᠰᠢ ᠪᠠᠶᠢᠳᠠᠯ ᠢ ᠲᠣᠳᠣᠷᠬᠠᠢ | ᠲᠠᠨᠢᠵᠤ᠂ ᠲᠠᠷᠢᠬᠢ ᠲᠣᠯᠣᠭᠠᠢ ᠪᠠᠨ ᠰᠡᠷᠭᠡᠭ ᠪᠠᠶᠢᠯᠭᠠᠵᠤ᠂ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ | ᠳᠡᠭᠡᠳᠦ ᠬᠡᠮᠵᠢᠶ᠎ᠡ ᠪᠠᠷ ᠰᠡᠷᠡᠮᠵᠢᠯᠡᠵᠦ᠂ ᠲᠤᠯᠭᠠᠮ᠎ᠠ ᠰᠡᠳᠬᠢᠯᠭᠡ᠂ ᠬᠠᠷᠢᠭᠤᠴᠠᠯᠭᠠᠲᠤ ᠰᠡᠳᠬᠢᠯᠭᠡ ᠪᠣᠯᠣᠨ ᠡᠭᠦᠷᠭᠡᠲᠦ | ᠰᠡᠳᠬᠢᠯᠭᠡ ᠪᠠᠨ ᠦᠨᠡᠨᠬᠦ ᠴᠢᠩᠭᠠᠳᠬᠠᠵᠤ᠂ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢ ᠡᠭᠦᠷᠭᠡᠯᠡᠨ | ᠨᠠᠶᠢᠳᠠᠪᠤᠷᠢᠵᠢᠭᠤᠯᠵᠤ᠂ ᠨᠡᠩ ᠬᠦᠴᠦᠲᠡᠢ ᠬᠠᠨᠳᠤᠯᠭᠠᠲᠤ ᠴᠢᠨᠠᠷᠲᠠᠢ ᠠᠷᠭ᠎ᠠ ᠬᠡᠮᠵᠢᠶ᠎ᠡ ᠠᠪᠴᠤ᠂ ᠠᠶᠤᠯᠭᠦᠢ | ᠦᠢᠯᠡᠳᠪᠦᠷᠢᠯᠡᠯ ᠤᠨ ᠪᠠᠶᠢᠳᠠᠯ ᠢ ᠪᠦᠬᠦ ᠬᠦᠴᠦᠨ ᠢᠶᠠᠷ ᠢᠶᠠᠨ ᠲᠣᠭᠲᠠᠭᠤᠨ ᠡᠵᠡᠮᠳᠡᠬᠦ ᠬᠡᠷᠡᠭᠲᠡᠢ ᠭᠡᠵᠦ | ᠱᠠᠭᠠᠷᠳᠠᠪᠠ᠃ | ᠬᠤᠶᠠᠷ᠂ ᠲᠤᠬᠠᠢ ᠶᠢᠨ ᠭᠠᠵᠠᠷ ᠲᠤᠨᠢ ᠬᠦᠷᠴᠦ ᠰᠤᠷᠪᠤᠯᠵᠢᠯᠠᠨ᠂ ᠳᠠᠯᠳᠠ ᠬᠡᠮ ᠢ ᠵᠢᠭᠰᠠᠭᠠᠨ ᠪᠠᠶᠢᠴᠠᠭᠠᠨ᠎ᠠ᠃ | ᠪᠠᠯᠭᠠᠰᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠨᠢ ᠬᠤᠰᠢᠭᠤᠨ ᠤ ᠪᠠᠴᠢᠮ ᠪᠠᠶᠢᠳᠠᠯ ᠢ ᠠᠷᠭᠠᠴᠠᠬᠤ | ᠬᠠᠮᠢᠶᠠᠷᠤᠯᠲᠠ ᠶᠢᠨ ᠲᠣᠪᠴᠢᠶ᠎ᠠ᠂ ᠪᠠᠯᠭᠠᠰᠤᠨ ᠤ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ | ᠲᠣᠪᠴᠢᠶ᠎ᠠ ᠲᠠᠢ ᠬᠤᠯᠪᠤᠭᠠᠯᠠᠨ᠂ ︽ᠳᠥᠷᠪᠡᠨ ᠦᠭᠡᠢ ᠬᠤᠶᠠᠷ ᠰᠢᠭᠤᠳ︾ ᠬᠡᠯᠪᠡᠷᠢ ᠶᠢ ᠠᠪᠴᠤ᠂ ᠬᠠᠷᠢᠶ᠎ᠠ | ᠣᠷᠣᠨ ᠤ ᠦᠢᠯᠡᠳᠪᠦᠷᠢ ᠠᠭᠤᠷᠬᠠᠢ ᠶᠢᠨ ᠠᠵᠤ ᠠᠬᠤᠶᠢᠯᠠᠯ ᠤᠨ ᠦᠢᠯᠡᠳᠪᠦᠷᠢᠯᠡᠯ ᠤᠨ ᠲᠤᠬᠠᠢ ᠶᠢᠨ ᠲᠠᠯᠠᠪᠠᠶ᠂ | ᠴᠠᠬᠢᠯᠭᠠᠨ ᠬᠡᠷᠡᠭᠯᠡᠬᠦ ᠬᠡᠯᠬᠢᠶ᠎ᠡ ᠤᠲᠠᠰᠤ᠂ ᠳᠤᠯᠠᠭᠠᠯᠠᠭ᠎ᠠ ᠶᠢᠨ ᠲᠥᠬᠦᠭᠡᠷᠦᠮᠵᠢ᠂ ᠦᠯᠡᠳᠡᠭᠳᠡᠯ ᠠᠭᠤᠷᠬᠠᠢ ᠶᠢᠨ | ᠭᠠᠳᠠᠭᠰᠢᠯᠠᠭᠤᠯᠤᠯᠲᠠ᠂ ᠴᠢᠯᠠᠭᠤᠨ ᠮᠠᠲ᠋ᠧᠷᠢᠶᠠᠯ ᠤᠨ ᠬᠡᠮᠬᠡᠷᠡᠯ ᠵᠡᠷᠭᠡ ᠭᠤᠣᠯᠳᠠᠯᠭ᠎ᠠ ᠲᠠᠢ ᠣᠷᠣᠨ ᠪᠠᠶᠢᠷᠢ ᠵᠢᠴᠢ | ᠪᠦᠲᠦᠭᠡᠭᠳᠡᠬᠦᠨ ᠤ ᠲᠡᠭᠡᠭᠡᠪᠦᠷᠢ ᠳᠤ ᠪᠥᠬᠦ ᠲᠠᠯ᠎ᠠ ᠶᠢᠨ ᠪᠠᠶᠢᠴᠠᠭᠠᠯᠲᠠ ᠬᠢᠵᠦ᠂ ᠳᠤᠲᠠᠭᠤ ᠲᠤᠷᠭᠤᠨ ᠪᠠᠶᠢᠯᠭᠠᠬᠤ | ᠦᠭᠡᠢ᠂ ᠥᠨᠴᠥᠭ ᠪᠤᠯᠤᠩ ᠦᠯᠡᠳᠡᠭᠡᠬᠦ ᠦᠭᠡᠢ᠂ ᠶᠣᠰᠣᠨ ᠲᠡᠳᠦᠢ ᠥᠩᠭᠡᠷᠡᠭᠦᠯᠬᠦ ᠦᠭᠡᠢ ᠪᠠᠶᠢᠬᠤ ᠶᠢ | ᠪᠠᠳᠤᠳᠬᠠᠪᠠ᠃ ᠵᠢᠭᠰᠠᠭᠠᠨ ᠪᠠᠶᠢᠴᠠᠭᠠᠵᠤ ᠭᠠᠷᠭᠠᠭᠰᠠᠨ ᠳᠠᠯᠳᠠ ᠬᠡᠮ ᠢ ᠲᠡᠷᠡ ᠳᠠᠷᠤᠢ ᠳᠤᠨᠢ ᠴᠡᠭᠴᠡᠯᠡᠨ | ᠰᠠᠶᠢᠵᠢᠷᠠᠭᠤᠯᠵᠤ ᠪᠣᠯᠬᠤ ᠶᠢ ᠨᠢ ᠠᠵᠤ ᠠᠬᠤᠶᠢᠯᠠᠯ ᠢ ᠲᠡᠷᠡ ᠳᠠᠷᠤᠢ ᠳᠤᠨᠢ ᠴᠡᠭᠴᠡᠯᠡᠨ ᠰᠠᠶᠢᠵᠢᠷᠠᠭᠤᠯᠬᠤ ᠪᠠᠷ | ᠱᠠᠭᠠᠷᠳᠠᠵᠤ᠂ ᠲᠡᠷᠡ ᠳᠠᠷᠤᠢ ᠳᠤᠨᠢ ᠴᠡᠭᠴᠡᠯᠡᠨ ᠰᠠᠶᠢᠵᠢᠷᠠᠭᠤᠯᠵᠤ ᠳᠡᠶᠢᠯᠬᠦ ᠦᠭᠡᠢ ᠶᠢ ᠨᠢ ᠴᠠᠭ ᠲᠤᠬᠠᠢ ᠳᠤᠨᠢ | ᠠᠵᠢᠯ ᠲᠥᠷᠥᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ ᠮᠡᠳᠡᠭᠦᠯᠦᠨ ᠰᠢᠢᠳᠪᠦᠷᠢᠯᠡᠭᠦᠯᠪᠡ᠃ | ᠭᠤᠷᠪᠠ᠂ ᠤᠬᠠᠭᠤᠯᠭ᠎ᠠ ᠪᠠᠨ ᠴᠢᠩᠭᠠᠳᠬᠠᠵᠤ᠂ ᠦᠵᠡᠯ ᠰᠠᠨᠠᠭ᠎ᠠ ᠪᠠᠨ ᠪᠠᠳᠤᠳᠬᠠᠨ᠎ᠠ᠃ ᠬᠠᠷᠢᠶ᠎ᠠ ᠣᠷᠣᠨ ᠤ | ᠦᠢᠯᠡᠳᠪᠦᠷᠢ ᠠᠭᠤᠷᠬᠠᠢ ᠶᠢᠨ ᠠᠵᠤ ᠠᠬᠤᠶᠢᠯᠠᠯ ᠢ ᠵᠣᠬᠢᠶᠠᠨ ᠪᠠᠶᠢᠭᠤᠯᠤᠨ ᠱᠠᠨ ᠰᠢ ᠶᠢᠨ 11.16 ᠭᠠᠯ ᠤᠨ | ᠭᠠᠮᠰᠢᠭ ᠤᠨ ᠬᠠᠮᠢᠶ᠎ᠠ ᠪᠦᠬᠦᠢ ᠸᠢᠳᠢᠤ᠋ ᠶᠢ ᠦᠵᠡᠭᠦᠯᠵᠦ᠂ ᠡᠯ᠎ᠡ ᠨᠢᠭᠡᠴᠡ ᠶᠢ ᠠᠳᠡᠯ ᠤᠨ ᠰᠤᠷᠭᠠᠮᠵᠢ ᠪᠠ ᠬᠦᠷᠦᠯᠴᠡᠬᠦ | ᠦᠭᠡᠢ ᠲᠠᠯ᠎ᠠ ᠶᠢ ᠬᠦᠯᠢᠶᠡᠨ ᠠᠪᠴᠤ᠂ ᠭᠠᠯ ᠢ ᠰᠡᠷᠭᠡᠶᠢᠯᠡᠬᠦ ᠪᠠᠴᠢᠮ ᠪᠠᠶᠢᠳᠠᠯ ᠢ ᠠᠷᠭᠠᠴᠠᠬᠤ ᠰᠣᠷᠢᠯᠲᠠ ᠶᠢ | ᠲᠥᠯᠥᠪᠯᠡᠭᠡ ᠲᠠᠢ ᠪᠠᠷ ᠥᠷᠨᠢᠭᠦᠯᠵᠦ᠂ ᠭᠠᠯ ᠤᠨ ᠭᠠᠮᠰᠢᠭ ᠵᠢᠴᠢ ᠭᠡᠨᠡᠳᠲᠡ ᠶᠢᠨ ᠠᠶᠤᠯ ᠰᠢᠢᠳᠪᠦᠷᠢᠯᠡᠬᠦ | ᠴᠢᠳᠠᠪᠤᠷᠢ ᠪᠠᠨ ᠳᠡᠭᠡᠭᠰᠢᠯᠡᠭᠦᠯᠬᠦ ᠬᠡᠷᠡᠭᠲᠡᠢ ᠭᠡᠵᠦ ᠱᠠᠭᠠᠷᠳᠠᠪᠠ᠃ ᠠᠵᠤ ᠠᠬᠤᠶᠢᠯᠠᠯ ᠤᠨ ᠭᠤᠣᠯ | ᠬᠠᠷᠢᠭᠤᠴᠠᠯᠭᠠᠲᠠᠨ ᠲᠠᠢ ᠰᠡᠳᠬᠢᠯ ᠤᠨ ᠦᠭᠡ ᠪᠠᠨ ᠶᠠᠷᠢᠯᠴᠠᠵᠤ᠂ ᠠᠵᠤ ᠠᠬᠤᠶᠢᠯᠠᠯ ᠤᠨ ᠬᠠᠷᠢᠭᠤᠴᠠᠯᠭᠠᠲᠠᠨ ᠢ | ᠱᠠᠯᠠᠪᠳᠠᠭᠤᠯᠤᠨ ︽ᠦᠵᠡᠯ ᠰᠠᠨᠠᠭ᠎ᠠ ᠨᠢ ᠰᠤᠯᠠᠷᠠᠬᠤ᠂ ᠰᠣᠬᠤᠷ ᠪᠠᠯᠠᠢ ᠪᠠᠷ ᠪᠠᠶᠠᠷᠯᠠᠬᠤ᠂ ᠨᠠᠵᠠᠭᠠᠢ ᠪᠠᠷ ᠠᠷᠭᠠᠴᠠᠬᠤ᠂ | ᠠᠵᠠ ᠵᠠᠪᠰᠢᠶᠠᠨ ᠢᠶᠠᠷ ᠪᠣᠭᠤᠮᠲᠠ ᠳᠠᠪᠠᠭ᠋ᠤ︾ ᠵᠡᠷᠭᠡ ᠦᠵᠡᠯ ᠰᠠᠨᠠᠭᠠᠨ ᠤ ᠠᠰᠠᠭᠤᠳᠠᠯ ᠢ ᠡᠷᠡᠰ ᠲᠡᠪᠴᠢᠭᠦᠯᠵᠦ᠂ | ᠵᠢᠯ ᠤᠨ ᠡᠴᠦᠰ ᠵᠢᠯ ᠤᠨ ᠰᠡᠭᠦᠯᠴᠢ ᠶᠢᠨ ᠣᠨᠴᠠᠭᠠᠢ ᠴᠠᠭ ᠬᠤᠭᠤᠴᠠᠭ᠎ᠠ ᠶᠢ ᠴᠢᠩᠭ᠎ᠠ ᠠᠩᠬᠠᠷᠴᠤ᠂ ᠠᠶᠤᠯᠭᠦᠢ | ᠦᠢᠯᠡᠳᠪᠦᠷᠢᠯᠡᠯ ᠤᠨ ᠠᠵᠢᠯ ᠤᠨ ᠨᠠᠷᠢᠨ ᠨᠢᠮᠪᠠᠢ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠤ᠂ ᠠᠵᠤ ᠠᠬᠤᠶᠢᠯᠠᠯ ᠤᠨ | ᠥᠪᠡᠷ ᠢ ᠪᠠᠨ ᠪᠠᠶᠢᠴᠠᠭᠠᠬᠤ ᠪᠠ ᠠᠳᠡᠯ ᠤᠨ ᠭᠡᠮ ᠰᠣᠭᠤᠭ ᠢ ᠴᠡᠭᠴᠡᠯᠡᠨ ᠰᠠᠶᠢᠵᠢᠷᠠᠭᠤᠯᠬᠤ ᠶᠢ ᠨᠠᠷᠢᠨ ᠬᠢᠨᠠᠮᠠᠭᠠᠢ | ᠵᠣᠬᠢᠶᠠᠨ ᠪᠠᠶᠢᠭᠤᠯᠤᠨ ᠥᠷᠨᠢᠭᠦᠯᠵᠦ᠂ ᠠᠮᠤᠷ ᠲᠦᠪᠰᠢᠨ ᠢᠶᠠᠷ ᠬᠥᠭᠵᠢᠭᠦᠯᠬᠦ ᠬᠤᠷᠢᠭ᠎ᠠ ᠱᠤᠭᠤᠮ ᠢ ᠡᠷᠡᠰ ᠪᠠᠲᠤ | ᠰᠠᠬᠢᠬᠤ ᠬᠡᠷᠡᠭᠲᠡᠢ ᠭᠡᠵᠦ ᠱᠠᠭᠠᠷᠳᠠᠪᠠ᠃ | ᠳᠥᠷᠪᠡ᠂ ᠮᠥᠷᠳᠡᠨ ᠰᠢᠮᠳᠠᠭᠤᠯᠵᠤ᠂ ᠳᠠᠯᠳᠠ ᠬᠡᠮ ᠢ ᠠᠷᠢᠯᠭᠠᠨ᠎ᠠ ᠃ ᠬᠠᠷᠢᠶ᠎ᠠ ᠣᠷᠣᠨ ᠤ ᠬᠡᠰᠡᠭ | ᠨᠡᠭᠦᠷᠡᠰᠦᠨ ᠵᠤᠤᠬ᠎ᠠ ᠪᠠᠷ ᠳᠤᠯᠠᠭᠠᠯᠠᠭ᠎ᠠ ᠬᠢᠵᠦ ᠪᠠᠶᠢᠭ᠎ᠠ ᠠᠵᠤ ᠠᠬᠤᠶᠢᠯᠠᠯ ᠤᠨ ᠠᠵᠢᠯᠲᠠᠨ ᠠᠵᠢᠯᠴᠢᠨ ᠤ ᠪᠠᠶᠢᠷᠢ ᠳᠤ | ᠤᠷᠢᠳᠴᠢᠯᠠᠨ ᠰᠡᠷᠡᠮᠵᠢᠯᠡᠭᠦᠯᠵᠦ ᠰᠡᠷᠭᠡᠶᠢᠯᠡᠨ ᠬᠠᠮᠠᠭᠠᠯᠠᠬᠤ ᠠᠷᠭ᠎ᠠ ᠬᠡᠮᠵᠢᠶ᠎ᠡ ᠠᠪᠤᠭᠰᠠᠨ ᠦᠭᠡᠢ᠂ | ᠨᠡᠭᠦᠷᠡᠰᠦᠲᠥ᠋ᠷᠥᠭᠴᠢ ᠶᠢᠨ ᠲᠠᠩ ᠢᠰᠦᠯ ᠳᠤ ᠬᠤᠣᠷᠳᠠᠭᠳᠠᠬᠤ ᠲᠦᠭᠰᠢᠭᠦᠷᠢ ᠣᠷᠣᠰᠢᠵᠤ ᠪᠠᠶᠢᠭ᠎ᠠ ᠳᠤ ᠴᠢᠭᠯᠡᠭᠦᠯᠦᠨ᠂ | ᠠᠵᠤ ᠠᠬᠤᠶᠢᠯᠠᠯ ᠤᠨ ᠬᠠᠷᠢᠭᠤᠴᠠᠯᠭᠠᠲᠠᠨ ᠢ ᠰᠢᠮᠳᠠᠭᠤᠯᠵᠤ ᠪᠠᠶᠢᠭᠠᠳ ᠠᠵᠢᠯᠲᠠᠨ ᠠᠵᠢᠯᠴᠢᠨ ᠤ ᠪᠠᠶᠢᠷᠢ ᠳᠤ | ᠨᠡᠭᠦᠷᠡᠰᠦᠲᠥ᠋ᠷᠥᠭᠴᠢ ᠶᠢᠨ ᠲᠠᠩ ᠢᠰᠦᠯ ᠤᠨ ᠥᠳᠬᠡᠴᠡ ᠶᠢᠨ ᠲᠦᠭᠰᠢᠭᠦᠷᠢ ᠮᠡᠳᠡᠭᠡᠯᠡᠬᠦ ᠮᠠᠰᠢᠨ ᠬᠤᠳᠠᠯᠳᠤᠨ ᠠᠪᠬᠤ | ᠪᠠ ᠤᠭᠰᠠᠷᠠᠭᠤᠯᠬᠤ ᠶᠢᠨ ᠬᠠᠮᠲᠤ ᠲᠤᠬᠠᠢ ᠶᠢᠨ ᠲᠠᠯᠠᠪᠤᠷ ᠲᠤᠨᠢ ᠲᠦᠭᠰᠢᠭᠦᠷᠢ ᠮᠡᠳᠡᠭᠡᠯᠡᠬᠦ ᠮᠠᠰᠢᠨ ᠤ ᠡᠯᠭᠦᠬᠦ ᠪᠠᠶᠢᠷᠢ᠂ | ᠰᠣᠷᠭᠤᠭ ᠤᠨ ᠬᠡᠮᠵᠢᠶ᠎ᠡ ᠳᠤ ᠪᠠᠶᠢᠴᠠᠭᠠᠯᠲᠠ ᠪᠠ ᠰᠢᠯᠭᠠᠯᠲᠠ ᠬᠢᠵᠦ᠂ ᠲᠦᠭᠰᠢᠭᠦᠷᠢ ᠮᠡᠳᠡᠭᠡᠯᠡᠬᠦ ᠮᠠᠰᠢᠨ ᠤ | ᠵᠠᠩᠭᠢᠯᠠᠭ᠎ᠠ ᠶᠢᠨ ᠦᠶ᠎ᠡ ᠳᠤ ᠦᠢᠯᠡᠳᠦᠯ ᠢᠶᠠᠨ ᠪᠠᠳᠠᠷᠠᠭᠤᠯᠬᠤ ᠶᠢ ᠦᠨᠡᠨᠬᠦ ᠪᠠᠲᠤᠯᠠᠵᠤ᠂ ᠣᠯᠠᠨ ᠲᠦᠮᠡᠨ ᠤ ᠡᠪᠦᠯ ᠤᠨ | ᠤᠯᠠᠷᠢᠯ ᠤᠨ ᠳᠤᠯᠠᠭᠠᠯᠠᠭ᠎ᠠ ᠳᠤ ᠬᠠᠮᠠᠭᠠᠯᠠᠯᠲᠠ ᠬᠠᠩᠭᠠᠪᠠ᠃ | ᠲᠠᠷᠠᠭᠠᠴᠢ ᠶᠢᠨ ᠠᠯᠬᠤᠮ ᠳᠤ᠂ ᠬᠠᠷ᠎ᠠ ᠪᠦᠷᠭᠦᠳ ᠤᠨ ᠠᠭᠤᠯᠠ ᠪᠠᠯᠭᠠᠰᠤᠨ ᠤ ᠨᠠᠮ ᠤᠨ ᠬᠤᠷᠢᠶ᠎ᠠ᠂ | ᠵᠠᠰᠠᠭ ᠤᠨ ᠣᠷᠳᠣᠨ ᠬᠠᠷᠢᠶᠠᠲᠤ ᠣᠷᠣᠨ ᠤ ᠭᠤᠣᠯᠳᠠᠯᠭ᠎ᠠ ᠲᠠᠢ ᠬᠦᠷᠢᠶ᠎ᠡ ᠴᠠᠷᠠᠭ᠎ᠠ ᠶᠢ ᠴᠢᠩᠭ᠎ᠠ ᠠᠩᠬᠠᠷᠴᠤ᠂ | ᠠᠶᠤᠯᠭᠦᠢ ᠦᠢᠯᠡᠳᠪᠦᠷᠢᠯᠡᠯ ᠤᠨ ᠶᠡᠭᠡ ᠪᠠᠶᠢᠴᠠᠭᠠᠯᠲᠠ ᠶᠡᠭᠡ ᠴᠡᠭᠴᠡᠯᠡᠯᠲᠡ ᠶᠢᠨ ᠠᠵᠢᠯᠯᠠᠭ᠎ᠠ ᠶᠢ ᠦᠷᠭᠦᠯᠵᠢᠯᠡᠨ | ᠥᠷᠨᠢᠭᠦᠯᠵᠦ᠂ ᠨᠢᠭᠡᠨᠲᠡ ᠴᠡᠭᠴᠡᠯᠡᠨ ᠰᠠᠶᠢᠵᠢᠷᠠᠭᠤᠯᠤᠭᠰᠠᠨ ᠲᠣᠪᠣᠶᠢᠮ᠎ᠠ ᠠᠰᠠᠭᠤᠳᠠᠯ ᠪᠠ ᠬᠡᠮ ᠰᠣᠭᠤᠭ ᠲᠤ ᠪᠠᠰᠠ | ︽ᠡᠷᠬᠢᠨ ᠬᠠᠷᠠᠬᠤ︾ ᠠᠵᠢᠯᠯᠠᠭ᠎ᠠ ᠬᠢᠵᠦ᠂ 2023 ᠣᠨ ᠤ ᠡᠴᠦᠰ ᠤᠨ ᠳᠠᠶᠢᠯᠠᠯᠳᠤᠭᠠᠨ ᠢ ᠪᠥᠬᠦ | ᠬᠦᠴᠦᠨ ᠢᠶᠠᠷ ᠢᠶᠠᠨ ᠰᠠᠶᠢᠲᠤᠷ ᠬᠢᠵᠦ᠂ ᠪᠥᠬᠦ ᠬᠤᠰᠢᠭᠤᠨ ᠤ ᠠᠵᠤ ᠠᠬᠤᠢ ᠨᠡᠶᠢᠭᠡᠮ ᠤᠨ ᠬᠥᠭᠵᠢᠯᠲᠡ ᠳᠤ ᠰᠠᠶᠢᠨ | ᠰᠠᠶᠢᠬᠠᠨ ᠠᠮᠤᠷ ᠲᠦᠪᠰᠢᠨ ᠣᠷᠴᠢᠨ ᠲᠣᠭᠤᠷᠢᠨ ᠢ ᠪᠣᠶ ᠪᠣᠯᠭᠠᠨ᠎ᠠ᠃ | |