︽ᠰᠡᠷᠭᠡᠶᠢᠯᠡᠯᠲᠡ ᠶᠢᠨ ᠲᠠᠷᠢᠯᠭ᠎ᠠ︾᠎ ᠶᠢ ᠰᠠᠶᠢᠲᠤᠷ ᠲᠠᠷᠢᠵᠤ᠂ ︽ᠠᠮᠤᠷ ᠲᠦᠪᠰᠢᠨ ᠤ          ᠰᠦᠯᠵᠢᠶ᠎ᠠ︾᠎ ᠶᠢ ᠪᠠᠲᠤ ᠴᠣᠭᠴᠠᠯᠠᠶ᠎ᠠ
ᠨᠡᠶᠢᠲᠡᠯᠡᠭᠰᠡᠨ ᠴᠠᠭ᠄
2023/12/4
      ᠠᠮᠢᠲᠠᠨ ᠤ ᠬᠢᠵᠢᠭ ᠢ ᠰᠡᠷᠭᠡᠶᠢᠯᠡᠬᠦ ᠪᠠᠶᠢᠳᠠᠯ ᠤᠨ ᠲᠣᠭᠲᠠᠭᠤᠨ ᠪᠠᠶᠢᠬᠤ ᠪᠠ ᠮᠠᠯ ᠠᠵᠤ ᠠᠬᠤᠢ ᠶᠢᠨ ᠠᠵᠤ ᠦᠢᠯᠡᠰ ᠤᠨ ᠡᠷᠡᠭᠦᠯ ᠢᠶᠠᠷ ᠬᠥᠭᠵᠢᠬᠦ ᠶᠢ ᠪᠠᠲᠤᠯᠠᠵᠤ ᠂ ᠮᠠᠯ ᠠᠵᠤ ᠠᠬᠤᠢ ᠲᠡᠵᠢᠭᠡᠨ ᠦᠷᠡᠵᠢᠭᠦᠯᠬᠦ᠂ ᠠᠮᠢᠲᠠᠨ ᠤ ᠬᠢᠵᠢᠭ ᠡᠪᠡᠳᠴᠢᠨ ᠢ ᠰᠡᠷᠭᠡᠶᠢᠯᠡᠨ ᠡᠵᠡᠮᠳᠡᠬᠦ ᠠᠮᠤᠷ ᠲᠦᠪᠰᠢᠨ ᠤ ᠬᠠᠷᠢᠭᠤᠴᠠᠯᠭ᠎ᠠ ᠶᠢ ᠪᠦᠬᠦ ᠲᠠᠯ᠎ᠠ ᠪᠠᠷ ᠰᠠᠶᠢᠲᠤᠷ ᠨᠠᠶᠢᠳᠠᠪᠤᠷᠢᠵᠢᠭᠤᠯᠵᠤ᠂ ᠬᠦᠨᠳᠦ ᠶᠡᠭᠡ ᠬᠢᠵᠢᠭ ᠡᠪᠡᠳᠴᠢᠨ ᠢ ᠰᠡᠷᠭᠡᠶᠢᠯᠡᠨ ᠡᠵᠡᠮᠳᠡᠬᠦ ᠠᠵᠢᠯ ᠢ ᠰᠠᠶᠢᠲᠤᠷ ᠬᠢᠵᠦ᠂ ᠬᠦᠨᠳᠦ ᠶᠡᠭᠡ ᠠᠮᠢᠲᠠᠨ ᠤ ᠬᠢᠵᠢᠭ ᠡᠪᠡᠳᠴᠢᠨ ᠤ ᠡᠭᠦᠰᠬᠦ ᠪᠠ ᠳᠡᠯᠭᠡᠷᠡᠬᠦ ᠶᠢ ᠬᠢᠵᠠᠭᠠᠷᠯᠠᠬᠤ ᠶᠢᠨ ᠲᠥᠯᠥᠭᠡ᠂ 11 ᠰᠠᠷ᠎ᠠ ᠶᠢᠨ 22᠎ ᠤ ᠡᠳᠦᠷ ᠠᠴᠠ 24᠎ ᠤ ᠡᠳᠦᠷ ᠪᠣᠯᠲᠠᠯ᠎ᠠ᠂ ᠬᠠᠷ᠎ᠠ ᠪᠦᠷᠭᠦᠳ ᠤᠨ ᠠᠭᠤᠯᠠ ᠪᠠᠯᠭᠠᠰᠤ ︽ᠭᠤᠷᠪᠠ ᠶᠢ ᠠᠳᠬᠤᠬᠤ︾ ᠠᠵᠢᠯᠯᠠᠭ᠎ᠠ ᠪᠠᠷ ᠭᠠᠷᠳᠠᠴᠠ ᠪᠣᠯᠭᠠᠵᠤ᠂ ᠴᠣᠪᠣᠷᠠᠯ ᠠᠷᠭ᠎ᠠ ᠬᠡᠮᠵᠢᠶ᠎ᠡ ᠠᠪᠴᠤ᠂ ᠪᠦᠬᠦ ᠪᠠᠯᠭᠠᠰᠣᠨ ᠤ ᠠᠮᠢᠲᠠᠨ ᠤ ᠬᠦᠨᠳᠦ ᠶᠡᠭᠡ ᠬᠢᠵᠢᠭ ᠡᠪᠡᠳᠴᠢᠨ ᠳᠤ ᠠᠯᠪᠠᠳᠠᠯᠭ᠎ᠠ ᠪᠠᠷ ᠴᠠᠷᠣᠯᠳᠠ ᠬᠢᠬᠦ ᠠᠵᠢᠯ ᠢ ᠯᠠᠪᠳᠠᠭᠤᠨ ᠪᠠᠲᠤᠲᠠᠢ  ᠲᠦᠯᠬᠢᠨ‌ᠠᠬᠢᠭᠤᠯᠵᠤ᠂ ᠮᠠᠯ ᠵᠢᠭᠦᠷᠲᠡᠨ ᠤ ᠬᠢᠵᠢᠭ ᠢ ᠰᠡᠷᠭᠡᠶᠢᠯᠡᠬᠦ ︽ᠠᠮᠤᠷ ᠲᠦᠪᠰᠢᠨ ᠤ ᠰᠦᠯᠵᠢᠶ᠎ᠡ︾᠎ ᠢ ᠪᠠᠲᠤ ᠴᠣᠭᠴᠠᠯᠠᠪᠠ᠃     ᠨᠢᠭᠡ ᠳᠤ ᠪᠣᠳᠠᠲᠠᠢ ᠠᠳᠬᠤᠵᠤ᠂ ᠦᠵᠡᠯ ᠰᠠᠨᠠᠭ᠎ᠠ ᠲᠠᠨᠢᠯᠲᠠ ᠪᠠᠨ ᠴᠢᠩᠭᠠᠳᠬᠠᠵᠤ᠂ ᠨᠠᠮᠤᠷ ᠤᠨ ᠤᠯᠠᠷᠢᠯ ᠤᠨ ᠠᠮᠢᠲᠠᠨ ᠤ ᠬᠢᠵᠢᠭ ᠡᠪᠡᠳᠴᠢᠨ ᠢ ᠰᠡᠷᠭᠡᠶᠢᠯᠡᠨ ᠬᠢᠵᠠᠭᠠᠷᠯᠠᠬᠤ ᠠᠵᠢᠯ ᠢ ᠣᠳᠣᠬᠠᠨ ᠤ ᠤᠯᠤᠰ ᠲᠥᠷᠥ ᠶᠢᠨ ᠡᠭᠦᠷᠭᠡ ᠪᠣᠯᠭᠠᠨ ᠠᠳᠬᠤᠵᠤ᠂ ᠭᠤᠣᠯ ᠤᠳᠤᠷᠢᠳᠤᠯᠭ᠎ᠠ ᠲᠦᠷᠦᠭᠦᠯᠡᠨ ᠳᠤᠭᠤᠶᠢᠯᠠᠩ ᠳᠠᠭᠠᠭᠤᠯᠵᠤ᠂ ᠬᠠᠷ᠎ᠠ ᠪᠦᠷᠭᠦᠳ ᠤᠨ ᠠᠭᠤᠯᠠ ᠪᠠᠯᠭᠠᠰᠤᠨ ᠤ ᠠᠮᠢᠲᠠᠨ ᠤ ᠬᠢᠵᠢᠭ ᠡᠪᠡᠳᠴᠢᠨ ᠢ ᠰᠡᠷᠭᠡᠶᠢᠯᠡᠬᠦ ᠠᠵᠢᠯ ᠤᠨ ᠳᠤᠭᠤᠶᠢᠯᠠᠩ ᠢ ᠪᠠᠶᠢᠭᠤᠯᠵᠤ᠂ ᠦᠵᠡᠯ ᠰᠠᠨᠠᠭ᠎ᠠ ᠲᠠᠨᠢᠯᠲᠠ ᠪᠠᠨ  ᠭᠦᠨᠵᠡᠭᠡᠶᠢᠷᠢᠬᠦᠯᠵᠣ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠪᠣᠳᠠᠲᠠᠶᠢᠵᠢᠭᠤᠯᠵᠣ᠂ ᠬᠠᠷᠢᠭᠤᠴᠠᠯᠭ᠎ᠠ ᠪᠠᠨ ᠪᠣᠳᠠᠲᠠᠢ ᠨᠠᠶᠢᠳᠠᠪᠤᠷᠢᠵᠢᠭᠤᠯᠬᠤ ᠶᠢ ᠦᠨᠡᠨᠬᠦ ᠪᠡᠶᠡᠯᠡᠭᠦᠯᠵᠦ᠂ ᠡᠷᠣᠬᠡ ᠪᠣᠯᠭᠠᠨ ᠤ ︽ᠮᠠᠯ ᠤᠨᠤᠭ᠎ᠠ ᠪᠠᠨ ᠣᠷᠬᠢᠭᠳᠠᠭᠤᠯᠬᠤ ᠦᠭᠡᠢ᠂ ᠮᠠᠯ ᠤᠨᠤᠭ᠎ᠠ ᠶᠢᠨ ᠵᠡᠭᠦᠦ  ᠳᠠᠷᠢᠯᠭ᠎ᠠ ᠶᠢ ᠣᠷᠬᠢᠭᠳᠠᠭᠤᠯᠬᠤ ᠦᠭᠡᠢ︾ ᠪᠠᠶᠢᠬᠤ ᠶᠢ ᠪᠠᠷᠢᠮᠲᠠᠯᠠᠵᠤ᠂ ᠰᠢᠨ᠎ᠡ ᠪᠠᠷ ᠨᠡᠮᠡᠭᠳᠡᠭᠰᠡᠨ ᠮᠠᠯ ᠤᠨᠤᠭ᠎ᠠ ᠶᠢ ᠴᠠᠭ ᠲᠤᠬᠠᠢ ᠎ ᠳᠤᠨᠢ ᠨᠥᠬᠦᠪᠦᠷᠢᠯᠡᠨ  ᠡᠭᠡᠯᠢᠯᠡᠭᠡᠭᠦᠯᠵᠦ᠂ ᠡᠭᠡᠯᠢᠯᠡᠭᠡᠭᠦᠯᠬᠦ ᠶᠣᠰᠣᠲᠠᠢ ᠶᠢ ᠨᠢ ᠪᠦᠬᠦᠨ ᠢ ᠡᠭᠡᠯᠢᠯᠡᠭᠡᠭᠦᠯᠵᠦ᠂ ᠬᠤᠭᠤᠰᠤᠨ ᠬᠤᠷᠢᠭ᠎ᠠ ᠦᠯᠡᠳᠡᠭᠡᠬᠦ ᠦᠭᠡᠢ ᠪᠠᠶᠢᠬᠤ ᠶᠢ ᠪᠡᠶᠡᠯᠡᠭᠦᠯᠵᠦ᠂ ᠠᠮᠢᠲᠠᠨ ᠤ ᠬᠢᠵᠢᠭ ᠢ ᠰᠡᠷᠭᠡᠶᠢᠯᠡᠬᠦ ᠡᠯ᠎ᠡ ᠵᠦᠢᠯ ᠤᠨ ᠠᠵᠢᠯ ᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠦᠨᠡᠨᠬᠦ ᠪᠠᠲᠤᠯᠠᠪᠠ᠃     ᠬᠤᠶᠠᠷ ᠲᠤ ᠨᠠᠷᠢᠯᠢᠭ ᠠᠳᠬᠤᠵᠤ᠂  ᠠᠶᠢᠯᠴᠢᠯᠠᠨ‌‍ᠰᠤᠷᠪᠤᠯᠵᠢᠯᠠᠬᠤ + ᠤᠬᠠᠭᠤᠯᠬᠤ ᠶᠢ ᠬᠠᠷᠢᠯᠴᠠᠨ ᠤᠶᠠᠯᠳᠤᠭᠤᠯᠬᠤ ᠶᠢ ᠪᠠᠷᠢᠮᠲᠠᠯᠠᠨ᠂ ᠬᠢᠵᠢᠭ ᠢ ᠰᠡᠷᠭᠡᠶᠢᠯᠡᠬᠦ ᠠᠵᠢᠯᠲᠠᠨ ᠡᠷᠦᠬᠡ ᠳᠠᠷᠠᠭᠠᠯᠠᠨ ᠰᠤᠷᠪᠤᠯᠵᠢᠯᠠᠵᠤ᠂ ᠠᠮᠢᠲᠠᠨ ᠤ ᠬᠢᠵᠢᠭ ᠢ ᠰᠡᠷᠭᠡᠶᠢᠯᠡᠬᠦ ᠬᠠᠮᠢᠶ᠎ᠠ ᠪᠦᠬᠦᠢ ᠬᠠᠤᠯᠢ ᠲᠣᠭᠲᠠᠭᠠᠯ ᠪᠠ ᠬᠢᠵᠢᠭ ᠢ ᠰᠡᠷᠭᠡᠶᠢᠯᠡᠬᠦ ᠮᠡᠳᠡᠯᠭᠡ ᠶᠢ ᠥᠷᠭᠡᠨ ᠢᠶᠠᠷ ᠤᠬᠠᠭᠤᠯᠵᠤ᠂ ᠮᠠᠯᠵᠢᠬᠤ ᠡᠷᠦᠬᠡ ᠶᠢ ᠵᠢᠯᠣᠭᠤᠳᠤᠨ ᠰᠢᠨᠵᠢᠯᠡᠬᠦ ᠤᠬᠠᠭᠠᠨᠴᠢ ᠪᠠᠷ ᠠᠷᠢᠭᠤᠳᠬᠠᠯ ᠬᠢᠵᠣ᠂ ᠮᠠᠯᠴᠢᠨ ᠲᠦᠮᠡᠨ ᠤ ᠨᠠᠮᠤᠷ ᠤᠨ ᠤᠯᠠᠷᠢᠯ ᠤᠨ ᠠᠮᠢᠲᠠᠨ ᠤ ᠬᠢᠵᠢᠭ ᠢ ᠰᠡᠷᠭᠡᠶᠢᠯᠡᠬᠦ ᠠᠵᠢᠯ ᠤᠨ ᠤᠬᠠᠮᠰᠠᠷᠲᠤ ᠴᠢᠨᠠᠷ ᠢ ᠦᠨᠡᠨᠬᠦ ᠴᠢᠩᠭᠠᠳᠬᠠᠵᠤ᠂ ᠰᠢᠨᠵᠢᠯᠡᠬᠦ ᠤᠬᠠᠭᠠᠨᠴᠢ ᠪᠠᠷ ᠲᠡᠵᠢᠭᠡᠨ ᠦᠷᠡᠵᠢᠭᠦᠯᠬᠦ ᠪᠠ ᠬᠠᠮᠢᠶᠠᠷᠬᠤ᠂ ᠣᠯᠠᠨ ᠢᠶᠠᠷ ᠢᠶᠠᠨ ᠰᠡᠷᠭᠡᠶᠢᠯᠡᠵᠦ ᠣᠯᠠᠨ ᠢᠶᠠᠷ ᠢᠶᠠᠨ  ᠬᠢᠵᠠᠭᠠᠷᠯᠬᠤ ᠨᠠᠷᠢᠨ ᠨᠢᠮᠪᠠᠢ ᠦᠢᠯᠡᠴᠢᠯᠡᠬᠦ ᠶᠢ ᠪᠡᠶᠡᠯᠡᠭᠦᠯᠬᠦ ᠬᠡᠷᠡᠭᠲᠡᠢ ᠭᠡᠵᠦ ᠤᠬᠠᠭᠠᠭᠤᠯᠪᠠ᠃    ᠭᠤᠷᠪᠠ ᠳᠤ ᠴᠢᠩᠭ᠎ᠠ ᠠᠳᠬᠤᠵᠣ᠂ ᠡᠭᠡᠯᠢᠯᠡᠭᠡ ᠶᠢᠨ ᠳᠦᠷᠢᠮ ᠢ ᠴᠢᠩᠭ᠎ᠠ ᠬᠡᠷᠡᠭᠵᠢᠭᠦᠯᠵᠦ᠂ ᠡᠭᠡᠯᠢᠯᠡᠭᠡ ᠶᠢᠨ ᠠᠵᠢᠯ ᠢ ᠡᠮᠬᠢ ᠵᠢᠷᠤᠮ ᠲᠠᠢ ᠦᠷᠨᠢᠭᠦᠯᠪᠡ᠃ ᠭᠤᠣᠯᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠦᠨ᠂ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠬᠤᠨᠢ ᠢᠮᠠᠭ᠎ᠠ᠂ ᠲᠡᠮᠡᠭᠡᠨ ᠤ ᠰᠢᠯᠦᠬᠡᠢ ᠡᠪᠡᠳᠴᠢᠨ ᠵᠡᠷᠭᠡ ᠡᠪᠡᠳᠴᠢᠨ ᠤ ᠲᠥᠷᠥᠯ ᠤᠨ ᠡᠭᠡᠯᠢᠯᠡᠭᠡ ᠶᠢᠨ ᠠᠵᠢᠯ ᠢ ᠪᠥᠬᠦ ᠲᠠᠯ᠎ᠠ ᠪᠠᠷ ᠥᠷᠨᠢᠭᠦᠯᠵᠦ᠂ ᠡᠭᠡᠯᠢᠯᠡᠭᠡ ᠶᠢᠨ ᠲᠠᠩᠰᠠ ᠡᠪᠬᠡᠮᠡᠯ ᠤᠨ ᠳᠠᠩᠰᠠᠯᠠᠯᠲᠠ ᠪᠠ ᠬᠠᠮᠢᠶᠠᠷᠤᠯᠲᠠ ᠶᠢ ᠬᠢᠨᠠᠮᠠᠭᠠᠢ ᠰᠠᠶᠢᠲᠤᠷ ᠬᠢᠵᠦ᠂ ᠡᠭᠡᠯᠢᠯᠡᠭᠡᠭᠦᠯᠬᠦ ᠶᠣᠰᠣᠲᠠᠢ ᠶᠢ ᠨᠢ ᠴᠥᠮ ᠡᠭᠡᠯᠢᠯᠡᠭᠡᠭᠦᠯᠬᠦ ᠶᠢ ᠦᠨᠡᠨᠬᠦ ᠪᠡᠶᠡᠯᠡᠭᠦᠯᠵᠦ᠂ ᠨᠠᠮᠤᠷ ᠤᠨ ᠤᠯᠠᠷᠢᠯ ᠤᠨ ᠠᠮᠢᠲᠠᠨ ᠤ ᠬᠢᠵᠢᠭ ᠢ ᠰᠡᠷᠭᠡᠶᠢᠯᠡᠬᠦ ᠶᠢ ᠪᠦᠷᠢᠨ ᠪᠦᠷᠬᠦᠭᠦᠯᠬᠦ ᠶᠢ  ᠪᠡᠶᠡᠯᠡᠭᠦᠯᠪᠡ᠃ ᠤᠬᠠᠭᠤᠯᠭ᠎ᠠ ᠶᠢᠨ ᠬᠡᠯᠪᠡᠷᠢ ᠮᠠᠶ᠋ᠢᠭ ᠤᠨ ᠲᠡᠳᠦᠢ ᠥᠩᠭᠡᠷᠡᠭᠡᠬᠦ ᠶᠢ ᠰᠠᠷᠭᠡᠶᠢᠯᠠᠵᠣ᠂ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠬᠡᠷᠡᠭᠵᠢᠭᠦᠯᠬᠦ ᠲᠠᠯ᠎ᠠ ᠪᠠᠷ ᠳᠤᠲᠠᠭᠤ ᠲᠤᠷᠭᠤᠨ ᠬᠡᠷᠡᠭᠵᠢᠭᠦᠯᠬᠦ ᠦᠵᠡᠭᠳᠡᠯ ᠭᠠᠷᠬᠤ ᠶᠢ ᠰᠡᠷᠭᠡᠶᠢᠯᠡᠨ ᠬᠤᠷᠢᠭᠯᠠᠵᠤ᠂ ᠨᠠᠮᠤᠷ ᠤᠨ ᠤᠯᠠᠷᠢᠯ ᠤᠨ ᠠᠮᠢᠲᠠᠨ ᠤ ᠬᠢᠵᠢᠭ ᠢ ᠰᠡᠷᠭᠡᠶᠢᠯᠡᠬᠦ ᠠᠵᠢᠯ ᠢ ᠴᠠᠭ ᠲᠤᠬᠠᠢ ᠳᠤᠨᠢ ᠶᠠᠰᠣ ᠴᠢᠨᠠᠷ ᠪᠠ ᠲᠤᠭ᠎ᠠ ᠬᠡᠮᠵᠢᠶ᠎ᠡ ᠶᠢ ᠪᠠᠲᠤᠯᠠᠨ ᠪᠡᠶᠡᠯᠡᠭᠦᠯᠬᠦ ᠶᠢ ᠦᠨᠡᠨᠬᠦ ᠪᠠᠲᠤᠯᠠᠪᠠ᠃     ᠲᠣᠰ ᠤᠳᠠᠭᠠᠨ ᠤ ᠨᠠᠮᠤᠷ ᠤᠨ ᠤᠯᠠᠷᠢᠯ ᠤᠨ ᠠᠮᠢᠲᠠᠨ ᠤ ᠬᠢᠵᠢᠭ ᠢ ᠰᠡᠷᠭᠡᠶᠢᠯᠡᠬᠦ ᠠᠵᠢᠯ ᠳᠤ ᠨᠡᠶᠢᠲᠡ 600 ᠬᠤᠨᠢ᠂ 184 ᠲᠡᠮᠡᠭᠡᠨ ᠳᠤ ᠰᠢᠯᠦᠬᠡᠢ ᠡᠪᠡᠳᠴᠢᠨ ᠤ ᠲᠠᠷᠢᠯᠭ᠎ᠠ ᠬᠢᠵᠦ᠂ ᠨᠠᠮᠤᠷ ᠤᠨ ᠤᠯᠠᠷᠢᠯ ᠤᠨ ᠬᠢᠵᠢᠭ ᠢ ᠰᠡᠷᠭᠡᠶᠢᠯᠡᠬᠦ ᠠᠵᠢᠯ ᠢ ᠲᠡᠭᠦᠰ ᠠᠮᠵᠢᠯᠲᠠ ᠲᠠᠢ  ᠪᠡᠶᠡᠯᠡᠬᠦᠯᠪᠠ᠃ ᠲᠠᠷᠠᠭᠠᠴᠢ ᠶᠢᠨ ᠠᠯᠬᠤᠮ ᠳᠤ᠂ ᠬᠠᠷ᠎ᠠ ᠪᠦᠷᠭᠦᠳ ᠤᠨ ᠠᠭᠤᠯᠠ ᠪᠠᠯᠭᠠᠰᠤ ᠶᠢᠨ ᠬᠢᠨ ᠠᠮᠢᠲᠠᠨ ᠤ ᠬᠢᠵᠢᠭ ᠢ ᠰᠡᠷᠭᠡᠶᠢᠯᠡᠬᠦ ᠬᠢᠨᠠᠨ ᠬᠡᠮᠵᠢᠯᠲᠡ ᠶᠢᠨ ᠠᠵᠢᠯ ᠢ ᠦᠷᠭᠦᠯᠵᠢᠯᠡᠨ ᠥᠷᠨᠢᠭᠦᠯᠵᠦ᠂ ᠪᠥᠬᠦ ᠪᠠᠯᠭᠠᠰᠤᠨ ᠤ ᠲᠡᠵᠢᠭᠡᠨ ᠦᠷᠡᠵᠢᠭᠦᠯᠬᠦ ᠡᠷᠦᠬᠡ ᠶᠢᠨ ᠮᠠᠯ ᠤᠨᠤᠭ᠎ᠠ ᠶᠢᠨ ᠡᠳᠦᠷ ᠲᠤᠲᠤᠮ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠂ ᠮᠠᠯ ᠤᠨ ᠦᠢᠯᠡᠳᠪᠦᠷᠢᠯᠡᠯ ᠤᠨ ᠪᠠᠶᠢᠳᠠᠯ ᠪᠠ ᠬᠢᠵᠢᠭ ᠤᠨ ᠪᠠᠶᠢᠳᠠᠯ ᠢ ᠴᠠᠭ ᠲᠤᠬᠠᠢ ᠳᠤᠨᠢ ᠡᠵᠡᠮᠰᠢᠵᠦ᠂ ᠬᠡᠪ ᠤᠨ ᠪᠤᠰᠤ ᠪᠠᠶᠢᠳᠠᠯ ᠢ ᠣᠯᠵᠤ ᠮᠡᠳᠡᠪᠡᠯ ᠴᠠᠭ ᠲᠤᠬᠠᠢ ᠳᠤᠨᠢ ᠮᠡᠳᠡᠭᠦᠯᠵᠦ᠂ ᠴᠠᠭ ᠲᠤᠬᠠᠢ ᠳᠤᠨᠢ ᠰᠢᠢᠳᠪᠦᠷᠢᠯᠡᠵᠦ᠂ ᠪᠥᠬᠦ ᠪᠠᠯᠭᠠᠰᠤᠨ ᠳᠤ ᠠᠮᠢᠲᠠᠨ ᠤ ᠬᠢᠵᠢᠭ ᠤᠨ ᠪᠠᠶᠢᠳᠠᠯ ᠭᠠᠷᠬᠤ ᠦᠭᠡᠢ ᠪᠠᠶᠢᠬᠤ ᠶᠢ ᠦᠨᠡᠨ ᠬᠦ ᠪᠠᠲᠤᠯᠠᠵᠤ᠂ ᠪᠥᠬᠦ ᠪᠠᠯᠭᠠᠰᠤᠨ ᠤ ᠮᠠᠯ ᠠᠵᠤ ᠠᠬᠤᠢ ᠲᠡᠵᠢᠭᠡᠨ ᠦᠷᠡᠵᠢᠭᠦᠯᠬᠦ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠬᠠᠮᠠᠭᠠᠯᠠᠨ᠎ᠠ᠃
 
ᠢᠷᠡᠯᠲᠡ᠄ ᠬᠠᠷ᠎ᠠ ᠪᠦᠷᠭᠦᠳ ᠤᠨ ᠠᠭᠤᠯᠠ ᠪᠠᠯᠭᠠᠰᠤ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号