ᠥᠪᠡᠷᠲᠡᠭᠡᠨ ᠵᠠᠰᠠᠬᠤ ᠣᠷᠣᠨ ᠤ ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠳᠣᠯᠣᠳᠤᠭᠠᠷ ᠬᠤᠷᠠᠯ ᠡᠯ᠎ᠡ ᠵᠥᠪᠯᠡᠬᠦ | ᠵᠦᠢᠯᠡᠰ ᠢᠶᠠᠨ ᠲᠡᠭᠦᠰ ᠠᠮᠵᠢᠯᠲᠠ ᠲᠠᠢ ᠵᠥᠪᠯᠡᠵᠦ ᠳᠠᠭᠤᠰᠬᠠᠭᠠᠳ᠂ 11 ᠰᠠᠷ᠎ᠠ ᠶᠢᠨ 30 ᠤ ᠦᠳᠡ ᠶᠢᠨ | ᠬᠤᠶᠢᠨ᠎ᠠ ᠲᠡᠭᠦᠰᠪᠡ᠃ | ᠥᠪᠡᠷᠲᠡᠭᠡᠨ ᠵᠠᠰᠠᠬᠤ ᠣᠷᠣᠨ ᠤ ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠪᠦᠷᠢᠯᠳᠦᠭᠦᠨ ᠣᠲᠣ 73 ᠬᠥᠮᠥᠨ ᠪᠤᠶ᠂ | 64 ᠬᠥᠮᠥᠨ ᠨᠢ ᠲᠣᠰ ᠤᠳᠠᠭ᠎ᠠ ᠶᠢᠨ ᠬᠤᠷᠠᠯ ᠳᠤ ᠣᠷᠣᠯᠴᠠᠵᠤ᠂ ᠬᠠᠤᠯᠢ ᠳᠤ ᠲᠣᠭᠲᠠᠭᠠᠭᠰᠠᠨ ᠬᠥᠮᠥᠨ ᠤ | ᠲᠤᠭ᠎ᠠ ᠳᠤ ᠨᠡᠶᠢᠴᠡᠪᠡ᠃ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ᠂ ᠠᠷᠠᠳ ᠤᠨ ᠲᠥᠯᠥᠭᠡᠯᠡᠭᠴᠢᠳ ᠤᠨ | ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠡᠷᠭᠢᠯᠡᠭᠴᠢ ᠰᠦᠨ ᠱᠤᠤ ᠴᠧᠩ ᠤᠨ ᠨᠠᠶᠢᠳᠠᠯᠭ᠎ᠠ ᠪᠠᠷ᠂ | ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ | ᠬᠤᠷᠢᠶ᠎ᠠ ᠶᠢᠨ ᠪᠠᠶᠢᠩᠭᠤ ᠶᠢᠨ ᠳᠡᠳ᠋ ᠡᠷᠭᠢᠯᠡᠭᠴᠢ ᠯᠢᠨ ᠱᠤᠤ ᠴᠦᠨ ᠬᠤᠷᠠᠯ ᠢ ᠡᠷᠭᠢᠯᠡᠪᠡ᠃ ᠥᠪᠡᠷᠲᠡᠭᠡᠨ ᠵᠠᠰᠠᠬᠤ | ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠳᠡᠳ᠋ ᠡᠷᠭᠢᠯᠡᠭᠴᠢ | ᠵᠠᠩ ᠱᠤᠤ ᠴᠦᠨ᠂ ᠯᠢ ᠪᠢᠩ ᠷᠦᠩ᠂ ᠦ᠋ ᠶᠠᠨ ᠭᠠᠩ᠂ ᠨᠠᠷᠢᠨ ᠪᠢᠴᠢᠭ ᠤᠨ ᠳᠠᠷᠤᠭ᠎ᠠ ᠱᠢ ᠸᠧᠨ ᠰᠢᠤᠸᠠᠢ | ᠬᠤᠷᠠᠯ ᠳᠤ ᠣᠷᠣᠯᠴᠠᠵᠠᠢ᠃ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠵᠧᠩ ᠭᠤᠸᠠᠩ ᠵᠣᠣ᠂ | ᠥᠪᠡᠷᠲᠡᠭᠡᠨ ᠵᠠᠰᠠᠬᠤ ᠣᠷᠣᠨ ᠤ ᠠᠷᠠᠳ ᠤᠨ ᠥᠨᠳᠥᠷ ᠵᠡᠷᠭᠡ ᠶᠢᠨ ᠰᠢᠭᠦᠬᠦ ᠬᠤᠷᠢᠶ᠎ᠠ ᠶᠢᠨ ᠳᠠᠷᠤᠭ᠎ᠠ ᠶᠠᠩ ᠽᠥᠩ | ᠷᠧᠨ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠴᠠᠭᠠᠬᠤ ᠬᠤᠷᠢᠶ᠎ᠠ ᠶᠢᠨ ᠪᠠᠶᠢᠴᠠᠭᠠᠬᠤ ᠳᠠᠷᠤᠭ᠎ᠠ ᠯᠢ ᠶᠦᠩ | ᠵᠢᠶᠦ᠋ᠨ ᠬᠤᠷᠠᠯ ᠳᠤ ᠰᠤᠯᠠ ᠣᠷᠣᠯᠴᠠᠪᠠ᠃ | ᠬᠤᠷᠠᠯ ᠠᠴᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠦ ᠶᠢᠨ ᠦᠢᠯᠡᠰ ᠤᠨ ᠴᠢᠨᠠᠷ | ᠰᠠᠶᠢᠲᠠᠢ ᠬᠥᠭᠵᠢᠯᠲᠡ ᠶᠢ ᠠᠬᠢᠭᠤᠯᠬᠤ ᠳᠦᠷᠢᠮ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠬᠢᠯᠢ ᠬᠢᠵᠠᠭᠠᠷ ᠣᠷᠣᠨ ᠤ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠦᠷᠢᠮ︾᠂ ︽ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠴᠢᠳᠠᠪᠤᠷᠢᠲᠠᠨ ᠤ ᠬᠥᠭᠵᠢᠯᠲᠡ ᠶᠢ ᠠᠬᠢᠭᠤᠯᠬᠤ ᠳᠦᠷᠢᠮ︾᠂ ︽ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠢᠬᠠᠨ ᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ | ᠠᠬᠢᠭᠤᠯᠬᠤ ᠳᠦᠷᠢᠮ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠢᠳᠡᠭᠡᠨ ᠤ ᠵᠢᠵᠢᠭ | ᠦᠢᠯᠡᠳᠬᠡᠯ ᠤᠨ ᠭᠠᠵᠠᠷ ᠵᠢᠵᠢᠭ ᠬᠤᠭᠤᠯᠠᠨ ᠭᠡᠷ ᠰᠤᠯᠠ ᠢᠳᠡᠭᠡᠨ ᠤ ᠳᠡᠯᠭᠡᠭᠦᠷ ᠪᠠ ᠢᠳᠡᠭᠡᠨ ᠤ ᠫᠠᠨᠽᠠᠴᠢᠨ ᠤ | ᠬᠠᠮᠢᠶᠠᠷᠤᠯᠲᠠ ᠶᠢᠨ ᠳᠦᠷᠢᠮ ︵ᠵᠠᠰᠠᠪᠤᠷᠢ ᠣᠷᠣᠭᠤᠯᠤᠭᠰᠠᠨ︶︾᠂ ︽︿ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠤ ᠬᠤᠰᠢᠭᠤ ᠰᠢᠶᠠᠨ ᠤ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠡᠷᠡᠭ | ᠵᠥᠪᠯᠡᠬᠦ ᠳᠦᠷᠢᠮ﹀ ᠵᠡᠷᠭᠡ ᠣᠷᠣᠨ ᠨᠤᠲᠤᠭ ᠤᠨ ᠴᠢᠨᠠᠷᠲᠠᠢ 4 ᠬᠠᠤᠯᠢ ᠲᠣᠭᠲᠠᠭᠠᠯ ᠳᠤ ᠵᠠᠰᠠᠪᠤᠷᠢ ᠣᠷᠣᠭᠤᠯᠬᠤ | ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠲᠣᠭᠲᠠᠭᠠᠯ︾᠂ ︽︿ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠰᠤᠮᠤ᠂ ᠰᠢᠶᠠᠩ᠂ ᠦᠨᠳᠦᠰᠦᠲᠡᠨ ᠤ ᠰᠢᠶᠠᠩ᠂ ᠪᠠᠯᠭᠠᠰᠤᠨ ᠤ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠲᠡᠷᠢᠭᠦᠯᠡᠭᠴᠢ᠂ ᠳᠡᠳ᠋ ᠲᠡᠷᠢᠭᠦᠯᠡᠭᠴᠢ ᠶᠢᠨ ᠠᠵᠢᠯ ᠤᠨ ᠳᠦᠷᠢᠮ﹀ ᠢ ᠬᠦᠴᠦᠨ ᠦᠭᠡᠢ ᠪᠤᠯᠭᠠᠬᠤ ᠲᠤᠬᠠᠢ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶ᠎ᠠ ᠶᠢᠨ ᠲᠣᠭᠲᠠᠭᠠᠯ︾ ᠢ ᠪᠠᠲᠤᠯᠠᠪᠠ᠃ | ᠬᠤᠷᠠᠯ ᠠᠴᠠ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶ᠎ᠠ ᠶᠢᠨ ︽︿ᠭᠦᠭᠡᠬᠤᠲᠠ ᠶᠢᠨ ᠰᠢᠲᠠᠮᠠᠬᠠᠢ ᠬᠡᠢ ᠶᠢᠨ ᠬᠠᠮᠢᠶᠠᠷᠤᠯᠲᠠ ᠶᠢᠨ ᠳᠦᠷᠢᠮ﹀ ᠵᠡᠷᠭᠡ | ᠣᠷᠣᠨ ᠨᠤᠲᠤᠭ ᠤᠨ ᠴᠢᠨᠠᠷᠲᠠᠢ 2 ᠬᠠᠤᠯᠢ ᠲᠣᠭᠲᠠᠭᠠᠯ ᠳᠤ ᠵᠠᠰᠠᠪᠤᠷᠢ ᠣᠷᠣᠭᠤᠯᠬᠤ ᠲᠤᠬᠠᠢ ᠭᠦᠭᠡᠬᠤᠲᠠ ᠶᠢᠨ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠲᠣᠭᠲᠠᠭᠠᠯ︾ ᠢ ᠵᠥᠪᠰᠢᠶᠡᠷᠡᠬᠦ | ᠲᠤᠬᠠᠢ ᠰᠢᠢᠳᠪᠦᠷᠢ᠂ ︽ᠪᠤᠭᠤᠲᠤ ᠬᠤᠲᠠ ᠶᠢᠨ ᠳᠠᠬᠢᠯᠲᠠ ᠤᠰᠤᠨ ᠤ ᠬᠠᠮᠢᠶᠠᠷᠤᠯᠲᠠ ᠶᠢᠨ ᠳᠦᠷᠢᠮ︾ ᠢ | ᠵᠥᠪᠰᠢᠶᠡᠷᠡᠬᠦ ᠲᠤᠬᠠᠢ ᠰᠢᠢᠳᠪᠦᠷᠢ᠂ ︽ᠲᠦᠩᠯᠢᠶᠣᠣ ᠬᠤᠲᠠ ᠶᠢᠨ ᠬᠤᠲᠠ ᠶᠢᠨ ᠤᠰᠤ ᠬᠠᠩᠭᠠᠬᠤ ᠳᠦᠷᠢᠮ︾ ᠢ | ᠵᠥᠪᠰᠢᠶᠡᠷᠡᠬᠦ ᠲᠤᠬᠠᠢ ᠰᠢᠢᠳᠪᠦᠷᠢ᠂ ︽ᠣᠷᠳᠣᠰ ᠬᠤᠲᠠ ᠶᠢᠨ ᠬᠠᠶᠢᠮᠢᠶᠠᠨ ᠬᠤᠲᠠ ᠶᠢᠨ ᠪᠦᠲᠦᠭᠡᠨ | ᠪᠠᠶᠢᠭᠤᠯᠤᠯᠲᠠ ᠶᠢᠨ ᠬᠠᠮᠢᠶᠠᠷᠤᠯᠲᠠ ᠶᠢᠨ ᠳᠦᠷᠢᠮ︾ ᠢ ᠵᠥᠪᠰᠢᠶᠡᠷᠡᠬᠦ ᠲᠤᠬᠠᠢ ᠰᠢᠢᠳᠪᠦᠷᠢ ᠶᠢ ᠪᠠᠲᠤᠯᠠᠪᠠ᠃ | ᠬᠤᠷᠠᠯ ᠠᠴᠠ ︽ᠥᠪᠡᠷᠲᠡᠭᠡᠨ ᠵᠠᠰᠠᠬᠤ ᠣᠷᠣᠨ ᠤ ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠬᠤᠷᠠᠯ ᠢ ᠬᠤᠷᠠᠯᠳᠤᠭᠤᠯᠬᠤ ᠲᠤᠬᠠᠢ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ | ᠬᠤᠷᠢᠶ᠎ᠠ ᠶᠢᠨ ᠲᠣᠭᠲᠠᠭᠠᠯ︾ ᠢ ᠪᠠᠲᠤᠯᠠᠪᠠ᠃ | ᠬᠤᠷᠠᠯ ᠠᠴᠠ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶ᠎ᠠ ᠶᠢᠨ ᠥᠪᠡᠷᠲᠡᠭᠡᠨ ᠵᠠᠰᠠᠬᠤ ᠣᠷᠣᠨ ᠤ ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠣᠨᠴᠠ ᠵᠠᠷᠢᠮ ᠲᠥᠯᠥᠭᠡᠯᠡᠭᠴᠢ ᠳᠤ ᠠᠯᠪᠠᠳᠠᠯᠭ᠎ᠠ ᠶᠢᠨ ᠠᠷᠭ᠎ᠠ ᠬᠡᠮᠵᠢᠶ᠎ᠡ | ᠠᠪᠬᠤ ᠲᠤᠬᠠᠢ ᠲᠣᠭᠲᠠᠭᠠᠯ᠂ ᠥᠪᠡᠷᠲᠡᠭᠡᠨ ᠵᠠᠰᠠᠬᠤ ᠣᠷᠣᠨ ᠤ ᠠᠷᠪᠠᠨ ᠳᠥᠷᠪᠡᠳᠦᠭᠡᠷ ᠬᠤᠭᠤᠴᠠᠭᠠᠨ ᠤ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠲᠥᠯᠥᠭᠡᠯᠡᠭᠴᠢ ᠶᠢᠨ ᠬᠢᠷᠢ | ᠭᠡᠮ ᠢ ᠬᠢᠨᠠᠨ ᠪᠠᠶᠢᠴᠠᠭᠠᠬᠤ ᠵᠥᠪᠯᠡᠯ ᠤᠨ ᠣᠨᠴᠠ ᠵᠠᠷᠢᠮ ᠲᠥᠯᠥᠭᠡᠯᠡᠭᠴᠢ ᠶᠢᠨ ᠲᠥᠯᠥᠭᠡᠯᠡᠭᠴᠢ ᠶᠢᠨ ᠬᠢᠷᠢ ᠭᠡᠮ ᠤᠨ | ᠲᠤᠬᠠᠢ ᠮᠡᠳᠡᠭᠦᠯᠦᠯᠲᠡ ᠶᠢ ᠪᠠᠲᠤᠯᠠᠪᠠ᠃ | ᠬᠤᠷᠠᠯ ᠠᠴᠠ ᠠᠵᠢᠯᠲᠠᠨ ᠤ ᠶᠠᠪᠤᠳᠠᠯ ᠤᠨ ᠲᠤᠰᠢᠶᠠᠯ ᠳᠤ ᠲᠣᠮᠢᠯᠠᠵᠤ ᠲᠤᠰᠢᠶᠠᠯ ᠠᠴᠠ ᠨᠢ ᠪᠠᠭᠤᠯᠭᠠᠬᠤ | ᠵᠦᠢᠯᠡᠰ ᠢ ᠪᠠᠲᠤᠯᠠᠪᠠ᠃ | ᠯᠢᠨ ᠱᠤᠤ ᠴᠦᠨ ᠰᠢᠨ᠎ᠡ ᠪᠠᠷ ᠲᠤᠰᠢᠶᠠᠯ ᠳᠤ ᠲᠣᠮᠢᠯᠠᠭᠳᠠᠭᠰᠠᠳ ᠲᠤ ᠲᠤᠰᠢᠶᠠᠯ ᠳᠤ ᠲᠣᠮᠢᠯᠠᠬᠤ ᠪᠢᠴᠢᠭ | ᠭᠠᠷᠳᠠᠭᠤᠯᠵᠠᠢ᠃ | ᠰᠢᠨ᠎ᠡ ᠪᠠᠷ ᠲᠤᠰᠢᠶᠠᠯ ᠳᠤ ᠲᠣᠮᠢᠯᠠᠭᠳᠠᠭᠰᠠᠳ ᠦᠨᠳᠦᠰᠦᠨ ᠬᠠᠤᠯᠢ ᠳᠤ ᠲᠥᠪ ᠴᠢᠩᠭ᠎ᠠ ᠪᠠᠷ | ᠲᠠᠩᠭᠠᠷᠢᠭᠯᠠᠪᠠ᠃ | ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠡᠯ᠎ᠡ ᠲᠤᠰᠬᠠᠢ | ᠵᠥᠪᠯᠡᠯ ᠤᠨ ᠳᠡᠳ᠋ ᠡᠷᠭᠢᠯᠡᠭᠴᠢ ᠭᠡᠰᠢᠭᠦᠨ᠂ ᠭᠡᠰᠢᠭᠦᠨ᠂ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ | ᠶᠡᠭᠡ ᠬᠤᠷᠠᠯ ᠤᠨ ᠬᠡᠰᠡᠭ ᠲᠥᠯᠥᠭᠡᠯᠡᠭᠴᠢ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ | ᠶᠡᠭᠡ ᠬᠤᠷᠠᠯ ᠤᠨ ᠬᠡᠰᠡᠭ ᠲᠥᠯᠥᠭᠡᠯᠡᠭᠴᠢ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ | ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠠᠵᠢᠯ ᠤᠨ ᠪᠠᠶᠢᠭᠤᠯᠤᠮᠵᠢ᠂ ᠠᠶᠢᠮᠠᠭ ᠤᠨ ᠠᠵᠢᠯ ᠤᠨ ᠵᠥᠪᠯᠡᠯ ᠤᠨ | ᠬᠠᠷᠢᠭᠤᠴᠠᠯᠭᠠᠲᠠᠨ ᠨᠥᠬᠦᠳ᠂ ᠡᠯ᠎ᠡ ᠲᠣᠭᠤᠷᠢᠭ ᠪᠠᠶᠢᠭᠤᠯᠤᠭᠰᠠᠨ ᠬᠤᠳᠠ᠂ ᠲᠥᠯᠥᠪᠯᠡᠭᠡ ᠳᠤ ᠲᠤᠰᠠᠭᠠᠷ | ᠵᠢᠭᠰᠠᠭᠠᠭᠰᠠᠨ ᠬᠤᠳᠠ᠂ ᠥᠪᠡᠷᠲᠡᠭᠡᠨ ᠵᠠᠰᠠᠬᠤ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠬᠠᠷᠢᠭᠤᠴᠠᠯᠭᠠᠲᠠᠨ ᠨᠥᠬᠦᠳ᠂ ᠥᠪᠡᠷᠲᠡᠭᠡᠨ ᠵᠠᠰᠠᠬᠤ ᠣᠷᠣᠨ ᠤ ᠬᠢᠨᠠᠨ | ᠪᠠᠶᠢᠴᠠᠭᠠᠬᠤ ᠵᠥᠪᠯᠡᠯ ᠤᠨ ᠬᠠᠷᠢᠭᠤᠴᠠᠯᠭᠠᠲᠠᠨ ᠨᠥᠬᠦᠳ ᠬᠤᠷᠠᠯ ᠳᠤ ᠰᠤᠯᠠ ᠣᠷᠣᠯᠴᠠᠵᠠᠢ᠃ |