ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠬᠤᠷᠠᠯ ᠬᠤᠷᠠᠯᠳᠤᠭᠤᠯᠵᠤ ᠶᠡᠷᠦᠩᠬᠡᠢ ᠱᠦᠵᠢ ᠰᠢ ᠶᠢᠨ ᠫᠢᠩ ᠤᠨ  ᠲᠥᠪ ᠤᠨ ᠮᠥᠩᠭᠦᠨ ᠭᠦᠢᠯᠭᠡᠭᠡᠨ ᠤ ᠠᠵᠢᠯ ᠤᠨ ᠬᠤᠷᠠᠯ ᠳᠡᠭᠡᠷᠡᠬᠢ ᠴᠢᠬᠤᠯᠠ ᠶᠠᠷᠢᠶ᠎ᠠ ᠪᠣᠯᠣᠨ ᠣᠶᠢᠷ᠎ᠠ ᠶᠢᠨ ᠬᠤᠭᠤᠴᠠᠭᠠᠨ ᠤ ᠬᠤᠯᠪᠣᠭᠳᠠᠯ ᠪᠦᠬᠦᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠲᠤᠭᠤᠰᠢᠯᠠᠭᠤᠯᠪᠠ  ᠰᠦᠨ ᠱᠤᠤ ᠴᠧᠩ ᠬᠤᠷᠠᠯ ᠢ ᠡᠷᠭᠢᠯᠡᠵᠡᠢ
ᠨᠡᠶᠢᠲᠡᠯᠡᠭᠰᠡᠨ ᠴᠠᠭ᠄
2023/12/5
        11 ᠰᠠᠷ᠎ᠠ ᠶᠢᠨ 3᠎ ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠬᠤᠷᠠᠯ ᠬᠤᠷᠠᠯᠳᠤᠭᠤᠯᠵᠤ᠂ ᠲᠥᠪ ᠤᠨ ᠮᠥᠩᠭᠦᠨ ᠭᠦᠢᠯᠭᠡᠭᠡᠨ ᠤ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠶᠡᠷᠦᠩᠬᠡᠢ ᠱᠦᠵᠢ ᠰᠢ ᠶᠢᠨ ᠫᠢᠩ ᠤᠨ ᠣᠶᠢᠷ᠎ᠠ ᠶᠢᠨ  ᠬᠤᠭᠤᠴᠠᠭᠠᠨ ᠤ ᠬᠤᠯᠪᠣᠭᠳᠠᠯ ᠪᠦᠬᠦᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ  ᠰᠤᠳᠤᠯᠤᠨ ᠪᠠᠶᠢᠷᠢᠯᠠᠭᠤᠯᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠤᠤ ᠴᠧᠩ ᠬᠤᠷᠠᠯ ᠢ ᠡᠷᠭᠢᠯᠡᠵᠡᠢ᠃       ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠲᠥᠪ ᠤᠨ ᠮᠥᠩᠭᠦᠨ ᠭᠦᠢᠯᠭᠡᠭᠡᠨ ᠤ ᠠᠵᠢᠯ ᠤᠨ ᠬᠤᠷᠠᠯ ᠳᠡᠭᠡᠷᠡᠬᠢ ᠴᠢᠬᠤᠯᠠ ᠶᠠᠷᠢᠶ᠎ᠠ ᠨᠢ ᠮᠥᠩᠭᠦᠨ  ᠭᠦᠢᠯᠭᠡᠭᠡᠨ ᠤ ᠦᠢᠯᠡᠰ ᠤᠨ ᠬᠥᠭᠵᠢᠯᠲᠡ ᠶᠢᠨ ᠠᠯᠢ ᠣᠯᠠᠨ ᠴᠢᠬᠤᠯᠠ ᠶᠡᠭᠡ ᠣᠨᠣᠯ ᠤᠨ ᠪᠠ ᠦᠢᠯᠡᠳᠦᠯᠭᠡ ᠶᠢᠨ ᠠᠰᠠᠭᠤᠳᠠᠯ ᠢ ᠰᠢᠨᠵᠢᠯᠡᠬᠦ ᠤᠬᠠᠭᠠᠨᠴᠢ ᠪᠠᠷ ᠬᠠᠷᠢᠭᠤᠯᠵᠤ᠂ ᠰᠢᠨ᠎ᠡ ᠴᠠᠭ ᠦᠶ᠎ᠡ ᠰᠢᠨ᠎ᠡ ᠠᠶᠠᠨ ᠳᠤ ᠮᠥᠩᠭᠦᠨ ᠭᠦᠢᠯᠭᠡᠭᠡᠨ ᠤ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠦᠨᠳᠦᠰᠦᠨ ᠵᠢᠷᠤᠮᠯᠠᠯ ᠪᠠ ᠠᠵᠢᠯᠯᠠᠭᠠᠨ ᠤ ᠵᠦᠭᠯᠡᠭᠦᠷ ᠬᠠᠩᠭᠠᠪᠠ᠃ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠣᠶᠢᠯᠠᠭᠠᠵᠤ᠂  ᠲᠥᠪ ᠤᠨ ᠮᠥᠩᠭᠦᠨ ᠭᠦᠢᠯᠭᠡᠭᠡᠨ ᠤ ᠠᠵᠢᠯ ᠤᠨ ᠬᠤᠷᠠᠯ ᠠᠴᠠ ᠲᠣᠭᠲᠠᠭᠠᠭᠰᠠᠨ ᠲᠣᠬᠢᠷᠠᠭᠤᠯᠤᠯᠲᠠ ᠪᠠᠶᠢᠷᠢᠯᠠᠭᠤᠯᠤᠯᠲᠠ ᠶᠢ ᠪᠦᠭᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠮᠥᠩᠭᠦᠨ ᠭᠦᠢᠯᠭᠡᠭᠡᠨ ᠤ ᠠᠵᠢᠯ ᠳᠠᠬᠢ ᠨᠠᠮ ᠤᠨ ᠤᠳᠤᠷᠢᠳᠤᠯᠭ᠎ᠠ ᠶᠢ ᠤᠯᠠᠮ ᠴᠢᠨᠠᠭᠰᠢᠳᠠ ᠴᠢᠩᠭᠠᠳᠬᠠᠵᠤ᠂ ᠨᠢᠭᠡ ᠠᠴᠠ ᠵᠦᠢᠴᠢᠯᠡᠨ ᠨᠥᠭᠦᠭᠡ ᠶᠢ ᠮᠡᠳᠡᠵᠥ᠂ ᠮᠥᠩᠭᠦᠨ ᠭᠦᠢᠯᠭᠡᠭᠡᠨ ᠤ ᠬᠦᠷᠢᠶᠡᠨ ᠳᠠᠬᠢ ᠡᠯ᠎ᠡ ᠵᠦᠢᠯ ᠤᠨ ᠠᠵᠢᠯ ᠢ ᠯᠠᠪᠳᠠᠭᠤᠨ ᠬᠦᠴᠦᠲᠡᠢ ᠰᠠᠶᠢᠲᠤᠷ ᠬᠢᠵᠦ᠂ ᠮᠠᠨ ᠤ ᠣᠷᠣᠨ ᠤ ᠮᠥᠩᠭᠦᠨ ᠭᠦᠢᠯᠭᠡᠭᠡᠨ ᠤ ᠦᠢᠯᠡᠰ ᠢ ᠲᠠᠰᠤᠷᠠᠯᠲᠠ ᠦᠭᠡᠢ ᠪᠤᠵᠠᠭᠠᠶᠢᠷᠠᠭᠤᠯᠤᠨ ᠬᠦᠴᠦᠷᠬᠡᠭᠵᠢᠭᠦᠯᠵᠦ᠂ ᠮᠥᠩᠭᠦᠨ ᠭᠦᠢᠯᠭᠡᠭᠡᠨ ᠤ ᠴᠢᠨᠠᠷ ᠰᠠᠶᠢᠲᠠᠢ ᠬᠥᠭᠵᠢᠯᠲᠡ ᠪᠠᠷ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠳᠤ ᠬᠦᠴᠦᠨ ᠨᠡᠮᠡᠷᠢᠯᠡᠵᠦ ᠂ ᠰᠢᠨ᠎ᠡ ᠵᠠᠮ ᠢ ᠨᠡᠭᠡᠭᠡᠬᠦ ᠂ ᠳᠤᠮᠳᠠ ᠲᠦᠪᠰᠢᠨ ᠳᠤ ᠣᠷᠣᠬᠤ ᠶᠢ ᠪᠡᠶᠡᠯᠡᠭᠦᠯᠬᠦ ᠬᠡᠷᠡᠭᠲᠡᠢ ᠭᠡᠵᠦ  ᠵᠢᠭᠠᠵᠤ ᠭᠠᠷᠭᠠᠪᠠ᠃       ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ 10 ᠰᠠᠷ᠎ᠠ ᠶᠢᠨ 27᠎ ᠤ ᠡᠳᠦᠷ ᠤᠨ ᠲᠥᠪ ᠤᠨ ᠤᠯᠤᠰ ᠲᠦᠷᠦ ᠶᠢᠨ ᠲᠣᠪᠴᠢᠶ᠎ᠠ ᠶᠢᠨ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠶᠢ ᠶᠡᠷᠦᠩᠬᠡᠢ ᠱᠦᠵᠢ ᠰᠢ ᠶᠢᠨ ᠫᠢᠩ ᠤᠨ ᠵᠡᠭᠦᠨ ᠬᠤᠶᠢᠲᠤ ᠣᠷᠣᠨ ᠢ ᠬᠥᠭᠵᠢᠭᠦᠯᠦᠨ ᠮᠠᠨᠳᠤᠭᠤᠯᠬᠤ ᠲᠤᠬᠠᠢ ᠤᠳᠠᠭ᠎ᠠ ᠪᠦᠷᠢ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ᠂ ᠥᠪᠥᠷ ᠮᠣᠩᠭᠤᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠲᠠᠢ ᠤᠶᠠᠯᠳᠤᠭᠤᠯᠤᠨ ᠨᠠᠪᠲᠠᠷᠡᠭᠦᠯᠵᠦ᠂ ᠪᠦᠭᠦ ᠣᠷᠣᠨ ᠤ ᠭᠤᠣᠯᠳᠠᠯᠭ᠎ᠠ ᠲᠠᠢ ᠠᠵᠢᠯ ᠢ ᠠᠬᠢᠭᠤᠯᠬᠤ ᠬᠤᠷᠠᠯ ᠤᠨ ᠲᠣᠬᠢᠷᠠᠭᠤᠯᠤᠯᠲᠠ ᠪᠠᠶᠢᠷᠢᠯᠠᠭᠤᠯᠤᠯᠲᠠ ᠶᠣᠰᠣᠭᠠᠷ᠂ ᠲᠦᠷᠦ ᠶᠢᠨ ᠪᠣᠳᠣᠯᠭ᠎ᠠ ᠶᠢᠨ ᠠᠵᠠ ᠲᠣᠭᠢᠶᠠᠯ ᠢ ᠰᠠᠶᠢᠲᠤᠷ ᠠᠳᠬᠤᠨ  ᠰᠠᠶᠢᠲᠤᠷ ᠠᠰᠢᠭᠯᠠᠵᠤ᠂ ᠡᠯ᠎ᠡ ᠵᠦᠢᠯ ᠤᠨ ᠠᠵᠢᠯ ᠢᠶᠠᠨ ᠯᠠᠪᠳᠠᠭᠤᠨ ᠪᠠᠲᠤᠲᠠᠢ ᠰᠠᠶᠢᠲᠤᠷ ᠬᠢᠵᠦ᠂ ︽ᠲᠠᠪᠤᠨ ᠶᠡᠭᠡ ᠡᠭᠦᠷᠭᠡ︾᠎ ᠶᠢ ᠴᠢᠨᠠᠷ ᠰᠠᠶᠢᠲᠠᠢ ᠪᠡᠶᠡᠯᠡᠭᠦᠯᠬᠦ ᠪᠠᠷ ︽ᠲᠠᠪᠤᠨ ᠶᠡᠭᠡ ᠠᠮᠤᠷ ᠲᠦᠪᠰᠢᠨ︾᠎ ᠢ ᠨᠡᠩ ᠰᠠᠶᠢᠲᠤᠷ ᠬᠠᠮᠠᠭᠠᠯᠠᠬᠤ ᠬᠡᠷᠡᠭᠲᠡᠢ᠃ ᠶᠡᠷᠦᠩᠬᠡᠢ ᠱᠦᠵᠢ ᠰᠢ ᠶᠢᠨ ᠫᠢᠩ ᠤᠨ ᠴᠡᠪᠡᠷ ᠡᠨᠧᠷᠭᠢ ᠶᠢ ᠲᠦᠷᠭᠡᠳᠬᠡᠨ ᠬᠥᠭᠵᠢᠭᠦᠯᠬᠦ ᠲᠤᠬᠠᠢ ᠴᠢᠬᠤᠯᠠ ᠱᠠᠭᠠᠷᠳᠠᠯᠭ᠎ᠠ ᠶᠢ ᠭᠦᠨᠵᠡᠭᠡᠢ ᠨᠠᠶᠢᠳᠠᠪᠤᠷᠢᠵᠢᠭᠤᠯᠵᠤ᠂ ᠨᠡᠩ ᠴᠢᠩᠭ᠎ᠠ ᠲᠤᠯᠭᠠᠮ ᠪᠤᠳᠤᠯ ᠢᠶᠠᠷ ᠰᠢᠨ᠎ᠡ ᠡᠨᠧᠷᠭᠢ ᠶᠢᠨ ᠬᠥᠭᠵᠢᠯᠲᠡ ᠶᠢ ᠴᠢᠩᠭ᠎ᠠ ᠠᠳᠬᠤᠵᠤ᠂ ᠨᠡᠩ ᠲᠦᠷᠭᠡᠨ ᠠᠯᠬᠤᠭ᠎ᠠ ᠪᠠᠷ ᠪᠣᠬᠢᠷᠳᠤᠯ ᠦᠭᠡᠢ ᠴᠠᠭᠢᠯᠭᠠᠨ ᠢᠶᠠᠷ ᠣᠷᠣᠯᠠᠭᠤᠯᠬᠤ ᠶᠢ ᠠᠬᠢᠭᠤᠯᠵᠤ᠂ ᠨᠡᠩ ᠶᠡᠭᠡ ᠡᠷᠴᠢᠮ ᠢᠶᠠᠷ ᠰᠢᠩᠭᠡᠭᠡᠬᠦ ᠴᠢᠳᠠᠪᠤᠷᠢ ᠪᠠᠨ ᠳᠡᠭᠡᠭᠰᠢᠯᠡᠭᠦᠯᠵᠦ᠂ ᠰᠢᠨ᠎ᠡ ᠡᠨᠧᠷᠭᠢ ᠶᠢᠨ ᠠᠵᠤ ᠦᠢᠯᠡᠰ ᠢ ᠪᠤᠵᠠᠭᠠᠶᠢᠷᠠᠭᠤᠯᠤᠨ ᠬᠦᠴᠦᠷᠬᠡᠭᠵᠢᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号