ᠮᠠᠨ ᠤ ᠬᠤᠰᠢᠭᠤ 2023 ᠣᠨ ᠤ ︽ᠦᠨᠳᠦᠰᠦᠨ ᠬᠠᠤᠯᠢ ᠶᠢᠨ ᠤᠬᠠᠭᠤᠯᠭ᠎ᠠ ᠶᠢᠨ ᠭᠠᠷᠠᠭ︾ ᠤᠨ ᠭᠤᠣᠯ ᠰᠡᠳᠦᠪᠲᠦ ᠤᠬᠠᠭᠤᠯᠭ᠎ᠠ ᠶᠢᠨ ᠠᠵᠢᠯᠯᠠᠭ᠎ᠠ ᠶᠢᠨ ᠡᠬᠢᠯᠡᠯᠲᠡ ᠶᠢᠨ ᠶᠣᠰᠣᠯᠠᠯ ᠢ ᠶᠠᠪᠣᠭᠳᠠᠭᠤᠯᠪᠠ
ᠨᠡᠶᠢᠲᠡᠯᠡᠭᠰᠡᠨ ᠴᠠᠭ᠄
2023/12/8
      ᠮᠠᠨ ᠤ ᠤᠯᠤᠰ ᠤᠨ 10 ᠳ᠋ᠤᠭᠠᠷ ᠤᠯᠤᠰ ᠤᠨ ᠦᠨᠳᠦᠰᠦᠨ ᠬᠠᠤᠯᠢ ᠶᠢᠨ ᠡᠳᠦᠷ ᠬᠦᠷᠴᠦ ᠢᠷᠡᠬᠦ ᠲᠠᠰᠢᠷᠠᠮ ᠳᠤ᠂ 12 ᠰᠠᠷ᠎ᠠ ᠶᠢᠨ 1 ᠤ ᠡᠳᠦᠷ᠂ ᠮᠠᠨ ᠤ ᠬᠤᠰᠢᠭᠤ 2023 ᠣᠨ ᠤ ︽ᠦᠨᠳᠦᠰᠦᠨ ᠬᠠᠤᠯᠢ ᠶᠢᠨ ᠤᠬᠠᠭᠤᠯᠭ᠎ᠠ ᠶᠢᠨ ᠭᠠᠷᠠᠭ︾ ᠤᠨ ᠭᠤᠣᠯ ᠰᠡᠳᠦᠪᠲᠦ ᠤᠬᠠᠭᠤᠯᠭ᠎ᠠ ᠶᠢᠨ ᠠᠵᠢᠯᠯᠠᠭ᠎ᠠ ᠶᠢᠨ ᠡᠬᠢᠯᠡᠯᠲᠡ ᠶᠢᠨ ᠶᠣᠰᠣᠯᠠᠯ ᠢ ᠶᠠᠪᠣᠭᠳᠠᠭᠤᠯᠪᠠ᠃ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠴᠢ ᠶᠦᠩ ᠶᠣᠰᠣᠯᠠᠯ ᠳᠤ ᠣᠷᠣᠯᠴᠠᠨ ᠶᠠᠷᠢᠶ᠎ᠠ ᠳᠠᠯᠪᠢᠵᠦ᠂ ᠬᠤᠰᠢᠭᠤ ᠤᠳᠤᠷᠢᠳᠤᠯᠭ᠎ᠠ ᠴᠧᠨ ᠮᠠᠨᠲᠠ᠂ ᠬᠦᠭᠡ᠂ ᠳ᠋ᠤᠸᠠᠨ ᠶᠢᠨ ᠸᠧᠨ ᠨᠡᠷ ᠶᠣᠰᠣᠯᠠᠯ ᠳᠤ ᠣᠷᠣᠯᠴᠠᠪᠠ᠃        ᠶᠣᠰᠣᠯᠠᠯ ᠳᠤ᠂ ︽ᠪᠦᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠦᠨᠳᠦᠰᠦᠨ ᠬᠠᠤᠯᠢ︾ ᠶᠢᠨ ᠣᠷᠣᠰᠢᠯ ᠤᠨ ᠶᠡᠷᠦᠩᠬᠡᠢ ᠬᠥᠲᠥᠯᠪᠦᠷᠢ ᠶᠢᠨ ᠬᠡᠰᠡᠭ ᠠᠭᠤᠯᠭ᠎ᠠ ᠶᠢ ᠤᠩᠰᠢᠪᠠ᠃ ᠬᠠᠤᠯᠢ ᠬᠡᠷᠡᠭᠵᠢᠭᠦᠯᠬᠦ ᠠᠵᠢᠯᠲᠠᠳ ᠤᠨ ᠲᠥᠯᠥᠭᠡᠯᠡᠭᠴᠢ ᠳᠠᠶᠢᠰᠠᠨ ᠳᠡᠭᠡᠷ᠎ᠠ ᠮᠥᠷᠯᠡᠨ ᠵᠣᠭᠰᠣᠵᠤ᠂ ᠲᠠᠩᠭᠠᠷᠢᠭᠯᠠᠭᠴᠢ ᠶᠢᠨ ᠳᠠᠭᠠᠭᠤᠯᠭ᠎ᠠ ᠳᠣᠣᠷ᠎ᠠ᠂ ᠬᠠᠮᠲᠤ ᠪᠠᠷ ᠢᠶᠠᠨ ᠦᠨᠳᠦᠰᠦᠨ ᠬᠠᠤᠯᠢ ᠳᠤ ᠲᠥᠪ ᠴᠢᠩᠭ᠎ᠠ ᠪᠠᠷ ᠲᠠᠩᠭᠠᠷᠢᠭᠯᠠᠪᠠ᠃ ᠲᠠᠩᠭᠠᠷᠢᠭ ᠤᠨ ᠦᠭᠡ ᠥᠭᠦᠯᠡᠪᠦᠷᠢ ᠨᠢ ᠢᠳᠡᠷᠡᠭᠦᠨ ᠳᠣᠷᠪᠢᠲᠠᠢ ᠪᠠᠶᠢᠵᠤ᠂ ᠡᠵᠡᠨ᠎ᠡ ᠶᠢᠨ ᠺᠠᠳ᠋ᠷ ᠠᠵᠢᠯᠲᠠᠨ ᠠᠵᠢᠯᠴᠢᠨ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯᠲᠠᠨ ᠤ ᠰᠠᠶᠢᠨ ᠰᠠᠶᠢᠬᠠᠨ ᠳᠥᠷᠢ ᠪᠠᠶᠢᠳᠠᠯ ᠪᠠ ᠦᠨᠳᠦᠰᠦᠨ ᠬᠠᠤᠯᠢ᠂ ᠬᠠᠤᠯᠢ ᠴᠠᠭᠠᠵᠠ ᠶᠢ ᠦᠨᠡᠨᠴᠢ ᠪᠠᠷ ᠬᠡᠷᠡᠭᠵᠢᠭᠦᠯᠬᠦ ᠡᠷᠴᠢ ᠵᠣᠷᠢᠭ ᠢ ᠭᠦᠢᠴᠡᠳ ᠢᠯᠡᠷᠡᠭᠦᠯᠦᠭᠰᠡᠨ ᠪᠠᠶᠢᠨ᠎ᠠ᠃          ᠦᠨᠳᠦᠰᠦᠨ ᠬᠠᠤᠯᠢ ᠪᠣᠯ ᠤᠯᠤᠰ ᠤᠨ ᠦᠨᠳᠦᠰᠦᠨ ᠶᠡᠭᠡ ᠬᠠᠤᠯᠢ᠂ ᠤᠯᠤᠰ ᠢ ᠵᠠᠰᠠᠵᠤ ᠲᠦᠷᠦ ᠶᠢ ᠲᠦᠪᠰᠢᠳᠬᠡᠬᠦ ᠶᠡᠷᠦᠩᠬᠡᠢ ᠳᠦᠷᠢᠮ᠂ ᠮᠥᠨᠴᠦ ᠨᠠᠮ ᠪᠠ ᠠᠷᠠᠳ ᠲᠦᠮᠡᠨ ᠤ ᠬᠦᠰᠡᠯ ᠵᠣᠷᠢᠯᠲᠠ ᠶᠢᠨ ᠲᠥᠪᠯᠡᠷᠡᠩᠭᠦᠢ ᠢᠯᠡᠷᠡᠯ ᠪᠣᠯᠣᠨ᠎ᠠ᠃ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠰᠢ᠂ ᠰᠢ ᠶᠢᠨ ᠫᠢᠩ ᠨᠥᠬᠦᠷ ᠢᠶᠠᠷ ᠭᠤᠣᠯᠯᠠᠭᠤᠯᠤᠭᠰᠠᠨ ᠨᠠᠮ ᠤᠨ ᠲᠥᠪ ᠬᠤᠷᠢᠶ᠎ᠠ ᠬᠠᠤᠯᠢ ᠶᠣᠰᠣᠭᠠᠷ ᠤᠯᠤᠰ ᠢᠶᠠᠨ ᠵᠠᠰᠠᠬᠤ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠬᠠᠤᠯᠢ ᠪᠠᠷ ᠵᠠᠰᠠᠬᠤ ᠳᠤᠮᠳᠠᠳᠤ ᠤᠯᠤᠰ ᠤᠨ ᠪᠦᠲᠦᠭᠡᠨ ᠪᠠᠶᠢᠭᠤᠯᠤᠯᠲᠠ ᠶᠢ ᠤᠳᠤᠷᠢᠳᠤᠨ ᠰᠢᠨ᠎ᠡ ᠬᠠᠭᠤᠳᠠᠰᠤ ᠶᠢ ᠰᠦᠪᠡᠭᠴᠢᠯᠡᠬᠦ᠂ ᠰᠢᠨ᠎ᠡ ᠪᠠᠶᠢᠳᠠᠯ ᠢ ᠨᠡᠭᠡᠭᠡᠬᠦ ᠦᠢᠯᠡᠳᠦᠯᠭᠡ ᠶᠢᠨ ᠳᠤᠮᠳᠠ᠂ ᠠᠯᠢ ᠤᠯᠠᠨ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠪᠠ ᠴᠢᠬᠤᠯᠠ ᠥᠭᠦᠯᠡᠯᠲᠡ ᠭᠠᠷᠭᠠᠵᠤ᠂ ᠪᠦᠬᠦ ᠲᠠᠯ᠎ᠠ ᠪᠠᠷ ᠬᠠᠤᠯᠢ ᠶᠣᠰᠣᠭᠠᠷ ᠤᠯᠤᠰ ᠢᠶᠠᠨ ᠵᠠᠰᠠᠬᠤ ᠰᠢᠨ᠎ᠡ ᠣᠶᠢᠯᠠᠭᠠᠭᠳᠠᠬᠤᠨ ᠰᠢᠨ᠎ᠡ ᠦᠵᠡᠯ ᠰᠠᠨᠠᠭ᠎ᠠ ᠰᠢᠨ᠎ᠡ ᠪᠠᠶᠢᠯᠳᠤᠬᠤ ᠪᠣᠳᠣᠯᠭ᠎ᠠ ᠶᠢ ᠪᠦᠷᠢᠯᠳᠦᠭᠦᠯᠵᠡᠢ᠃      ᠮᠠᠨ ᠤ ᠬᠤᠰᠢᠭᠤ ︽ᠦᠨᠳᠦᠰᠦᠨ ᠬᠠᠤᠯᠢ ᠶᠢᠨ ᠤᠬᠠᠭᠤᠯᠭ᠎ᠠ ᠶᠢᠨ ᠭᠠᠷᠠᠭ︾ ᠤᠨ ᠰᠢᠷᠢᠰ ᠤᠬᠠᠭᠤᠯᠭ᠎ᠠ ᠶᠢᠨ ᠠᠵᠢᠯᠯᠠᠭ᠎ᠠ ᠶᠢ ᠦᠷᠭᠦᠯᠵᠢᠯᠡᠨ ᠰᠠᠶᠢᠳᠤᠷ ᠥᠷᠨᠢᠭᠦᠯᠵᠦ᠂ ᠦᠨᠳᠦᠰᠦᠨ ᠬᠠᠤᠯᠢ ᠬᠠᠤᠯᠢ ᠴᠠᠭᠠᠵᠠ ᠶᠢᠨ ᠤᠬᠠᠭᠤᠯᠭ᠎ᠠ ᠶᠢᠨ ︽ᠳᠣᠯᠤᠭ᠎ᠠ ᠳᠤ ᠣᠷᠣᠭᠤᠯᠬᠤ︾ ᠠᠵᠢᠯᠯᠠᠭ᠎ᠠ ᠶᠢ ᠯᠠᠪᠳᠠᠭᠤᠨ ᠪᠠᠲᠤᠲᠠᠢ ᠠᠬᠢᠭᠤᠯᠵᠤ᠂ ᠦᠨᠳᠦᠰᠦᠨ ᠬᠠᠤᠯᠢ ᠶᠢᠨ ᠰᠤᠷᠤᠯᠴᠠᠯᠭ᠎ᠠ ᠤᠬᠠᠭᠤᠯᠭ᠎ᠠ ᠶᠢ ᠶᠡᠬᠡᠪᠡᠷ ᠴᠢᠩᠭᠠᠳᠬᠠᠨ᠂ ᠦᠨᠳᠦᠰᠦᠨ ᠬᠠᠤᠯᠢ ᠶᠢ ᠬᠥᠮᠥᠨ ᠪᠦᠬᠦᠨ ᠳᠤ ᠮᠡᠳᠡᠭᠦᠯᠵᠦ᠂ ᠬᠥᠮᠥᠰ ᠤᠨ ᠰᠡᠳᠬᠢᠯ ᠳᠤ ᠭᠦᠨ ᠬᠠᠳᠠᠩᠰᠢᠭᠤᠯᠣᠨ᠂ ᠬᠠᠤᠯᠢ ᠶᠢ ᠬᠦᠨᠳᠦᠳᠬᠡᠬᠦ᠂ ᠬᠠᠤᠯᠢ ᠶᠢ ᠰᠠᠬᠢᠬᠤ᠂ ᠬᠠᠤᠯᠢ ᠶᠢ ᠬᠡᠷᠡᠭᠯᠡᠬᠦ ᠶᠠᠪᠤᠳᠠᠯ ᠢ ᠡᠵᠡᠨ᠎ᠡ ᠶᠢᠨ ᠬᠡᠪ ᠵᠠᠩᠰᠢᠯ ᠪᠣᠯᠭᠠᠵᠤ᠂ ᠡᠵᠡᠨ᠎ᠡ ᠶᠢᠨ ᠴᠢᠨᠠᠷ ᠰᠠᠶᠢᠲᠠᠢ ᠬᠥᠭᠵᠢᠯᠲᠡ ᠳᠤ ᠬᠦᠴᠦᠨ ᠨᠡᠮᠡᠷᠢᠯᠡᠬᠦ ᠳᠤ ᠬᠠᠤᠯᠢ ᠪᠠᠷ ᠵᠠᠰᠠᠬᠤ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠬᠤ ᠪᠣᠯᠣᠨ᠎ᠠ᠃      ᠬᠤᠰᠢᠭᠤᠨ ᠤ ᠬᠠᠤᠯᠢ ᠴᠠᠭᠠᠵᠠ ᠶᠢᠨ ᠳᠤᠪᠴᠢᠶᠠᠨ ᠤ ᠳᠠᠷᠤᠭ᠎ᠠ ᠰᠢᠨᠡᠴᠡᠴᠡᠭ᠄ ︽ᠮᠠᠨ ᠤ ᠬᠤᠰᠢᠭᠤᠨ ᠤ ᠬᠠᠤᠯᠢ ᠪᠠᠷ ᠵᠠᠰᠠᠬᠤ ᠤᠬᠠᠭᠤᠯᠭ᠎ᠠ ᠬᠥᠮᠦᠵᠢᠯ ᠪᠠ ᠬᠠᠤᠯᠢ ᠪᠠᠷ ᠬᠤᠰᠢᠭᠤ ᠪᠠᠨ ᠵᠠᠰᠠᠬᠤ ᠠᠵᠢᠯ ᠢ ᠤᠯᠠᠮ ᠨᠢᠭᠡ ᠠᠯᠬᠤᠮ ᠴᠢᠩᠭᠠᠳᠬᠠᠨ᠎ᠠ᠃ ᠦᠨᠳᠦᠰᠦᠨ ᠬᠠᠤᠯᠢ ᠪᠣᠯ ᠤᠯᠤᠰ ᠤᠨ ᠦᠨᠳᠦᠰᠦᠨ ᠶᠡᠭᠡ ᠬᠠᠤᠯᠢ ᠮᠥᠨ᠂ ᠪᠢᠳᠡ ᠬᠠᠤᠯᠢ ᠪᠠᠷ ᠵᠠᠰᠠᠬᠤ ᠤᠬᠠᠭᠤᠯᠭ᠎ᠠ ᠶᠢᠨ ︿ᠵᠥᠭᠡᠯᠡᠨ﹀ ᠪᠣᠳᠠᠲᠤ ᠬᠦᠴᠦᠨ ᠢ ᠬᠠᠤᠯᠢ ᠪᠠᠷ ᠵᠠᠰᠠᠬᠤ ᠡᠵᠡᠨ᠎ᠡ ᠶᠢᠨ ᠪᠠᠶᠢᠭᠤᠯᠤᠯᠲᠠ ᠶᠢᠨ ᠬᠠᠲᠠᠭᠤ ᠲᠤᠯᠭᠠᠭᠤᠷᠢᠯᠠᠯ ᠪᠣᠯᠭᠠᠬᠤ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠪᠥᠬᠦ ᠬᠤᠰᠢᠭᠤᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠪᠠᠲᠤ ᠴᠢᠩᠭ᠎ᠠ ᠬᠠᠤᠯᠢ ᠪᠠᠷ ᠵᠠᠰᠠᠬᠤ ᠪᠠᠲᠤᠯᠠᠭ᠎ᠠ ᠬᠠᠩᠭᠠᠨ᠎ᠠ︾ ᠭᠡᠪᠡ᠃
 
ᠢᠷᠡᠯᠲᠡ᠄ ᠡᠵᠡᠨ᠎ᠡ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号