12 ᠰᠠᠷ᠎ᠠ ᠶᠢᠨ 5 ᠤ ᠡᠳᠦᠷ᠂ ᠬᠤᠰᠢᠭᠤᠨ ᠨᠠᠮ ᠤᠨ ᠬᠤᠷᠢᠶ᠎ᠠ ᠰᠢ ᠶᠢᠨ ᠫᠢᠩ ᠤᠨ ᠰᠢᠨ᠎ᠡ ᠴᠠᠭ | ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ | ᠲᠤᠤᠱᠯᠠᠭᠤᠯᠬᠤ ᠭᠤᠣᠯ ᠰᠡᠳᠦᠪᠲᠦ ᠬᠥᠮᠦᠵᠢᠯ ᠤᠨ ᠬᠤᠶᠠᠳᠤᠭᠠᠷ ᠣᠳᠠᠭᠠᠨ ᠤ ᠠᠵᠢᠯ ᠤᠨ ᠠᠬᠢᠭᠤᠯᠤᠯᠳᠠ ᠶᠢᠨ | ᠬᠤᠷᠠᠯ ᠢ ᠬᠤᠷᠠᠯᠳᠤᠭᠤᠯᠵᠤ᠂ ᠲᠥᠪ ᠤᠨ ᠨᠢᠭᠡᠳᠦᠭᠡᠷ ᠲᠣᠭᠤᠷᠢᠨ ᠵᠢᠯᠤᠭᠤᠳᠬᠤ ᠳᠤᠭᠤᠶᠢᠯᠠᠩ᠂ ᠥᠪᠡᠷᠲᠡᠭᠡᠨ | ᠵᠠᠰᠠᠬᠤ ᠣᠷᠣᠨ ᠤ ᠬᠤᠯᠪᠣᠭᠳᠠᠯ ᠪᠦᠬᠦᠢ ᠤᠳᠤᠷᠢᠳᠤᠯᠭ᠎ᠠ ᠶᠢᠨ ᠠᠯᠠᠱᠠ ᠠᠶᠢᠮᠠᠭ ᠤᠨ ᠭᠤᠣᠯ ᠰᠡᠳᠦᠪᠲᠦ | ᠬᠥᠮᠦᠵᠢᠯ ᠢ ᠪᠠᠶᠢᠴᠠᠭᠠᠨ ᠰᠤᠳᠤᠯᠵᠤ ᠵᠢᠭᠠᠨ ᠵᠢᠯᠤᠭᠤᠳᠬᠤ ᠦᠶ᠎ᠡ ᠶᠢᠨ ᠶᠠᠷᠢᠶᠠᠨ ᠤ ᠵᠣᠷᠢᠭ ᠰᠠᠨᠠᠭ᠎ᠠ ᠵᠢᠴᠢ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠭᠤᠣᠯ ᠰᠡᠳᠦᠪᠲᠦ ᠬᠥᠮᠦᠵᠢᠯ ᠤᠨ ᠠᠵᠢᠯ ᠤᠨ | ᠠᠬᠢᠭᠤᠯᠣᠯᠳᠠ ᠶᠢᠨ ᠬᠤᠷᠠᠯ ᠤᠨ ᠵᠣᠷᠢᠭ ᠰᠠᠨᠠᠭ᠎ᠠ᠂ ᠠᠶᠢᠮᠠᠭ ᠤᠨ ᠨᠠᠮ ᠤᠨ ᠬᠤᠷᠢᠶᠠᠨ ᠤ ᠭᠤᠣᠯ ᠰᠡᠳᠦᠪᠲᠦ | ᠬᠥᠮᠦᠵᠢᠯ ᠤᠨ ᠬᠤᠶᠠᠳᠤᠭᠠᠷ ᠤᠳᠠᠭᠠᠨ ᠤ ᠠᠵᠢᠯ ᠢ ᠠᠬᠢᠭᠤᠯᠬᠤ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ | ᠰᠤᠷᠤᠯᠴᠠᠵᠤ᠂ ᠪᠠᠰᠠ ᠬᠡᠰᠡᠭ ᠨᠠᠮ ᠤᠨ ᠵᠣᠬᠢᠶᠠᠨ ᠪᠠᠶᠢᠭᠤᠯᠤᠯᠲᠠ ᠶᠢᠨ ᠭᠤᠣᠯ ᠰᠡᠳᠦᠪᠲᠦ ᠬᠥᠮᠦᠵᠢᠯ ᠤᠨ ᠠᠵᠢᠯ ᠢ | ᠥᠷᠨᠢᠭᠦᠯᠦᠭᠰᠡᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠬᠦᠯᠢᠶᠠᠨ ᠰᠣᠨᠣᠰᠴᠦ᠂ ᠲᠠᠷᠠᠭᠠᠴᠢ ᠶᠢᠨ ᠠᠯᠬᠤᠮ ᠤᠨ | ᠠᠵᠢᠯ ᠢᠶᠠᠨ ᠲᠣᠬᠢᠷᠠᠭᠤᠯᠤᠨ ᠪᠠᠶᠢᠷᠢᠯᠠᠭᠤᠯᠪᠠ᠃ ᠬᠤᠰᠢᠭᠤᠨ ᠤ ᠨᠠᠮ ᠤᠨ ᠬᠤᠷᠢᠶᠠᠨ ᠤ ᠱᠦᠵᠢ ᠸᠠᠩ ᠯᠢ ᠵᠢᠶᠦ᠋ᠨ | ᠬᠤᠷᠠᠯ ᠢ ᠡᠷᠬᠢᠯᠡᠨ ᠶᠠᠷᠢᠶ᠎ᠠ ᠲᠠᠯᠪᠢᠪᠠ᠃ | ᠬᠤᠷᠠᠯ ᠠᠴᠠ᠂ ᠣᠳᠣᠬᠠᠨ ᠤ ᠭᠤᠣᠯ ᠰᠡᠳᠦᠪᠲᠦ ᠬᠥᠮᠦᠵᠢᠯ ᠨᠢ ᠪᠠᠬᠢᠯᠡᠯᠳᠡ ᠶᠢᠨ ᠴᠢᠬᠤᠯᠠ | ᠱᠠᠲᠤᠨ ᠳᠤ ᠪᠠᠨ ᠣᠷᠣᠭᠠᠳ ᠪᠠᠶᠢᠨ᠎ᠠ᠂ ᠡᠶᠢᠮᠤ ᠠᠴᠠ ᠡᠷᠬᠡᠪᠰᠢ ᠣᠳᠣᠬᠠᠨ ᠳᠤ ᠲᠤᠯᠭᠠᠷᠠᠵᠤ ᠪᠠᠶᠢᠭ᠎ᠠ ᠪᠠᠶᠢᠳᠠᠯ | ᠡᠭᠦᠷᠭᠡ ᠶᠢ ᠡᠵᠡᠮᠳᠡᠵᠦ᠂ ᠤᠯᠤᠰ ᠲᠥᠷᠥ ᠶᠢᠨ ᠤᠬᠠᠮᠰᠠᠷ ᠢᠶᠠᠨ ᠤᠯᠠᠮ ᠨᠢᠭᠡ ᠠᠯᠬᠤᠮ ᠴᠢᠩᠭᠠᠳᠬᠠᠨ᠂ | ᠠᠰᠠᠭᠤᠳᠠᠯ ᠢᠶᠠᠷ ᠤᠳᠤᠷᠢᠳᠤᠮᠵᠢ ᠪᠣᠯᠭᠠᠬᠤ᠂ ᠬᠠᠷᠠᠯᠲᠠ ᠪᠠᠷ ᠤᠳᠤᠷᠢᠳᠤᠮᠵᠢ ᠪᠣᠯᠭᠠᠬᠤ᠂ ᠦᠷ᠎ᠡ ᠳ᠋ᠦᠩ ᠢᠶᠠᠷ | ᠤᠳᠤᠷᠢᠳᠤᠮᠵᠢ ᠪᠣᠯᠭᠠᠬᠤ ᠶᠢ ᠡᠷᠡᠰ ᠪᠠᠷᠢᠮᠲᠠᠯᠠᠵᠤ᠂ ᠨᠠᠷᠢᠯᠢᠭ ᠣᠨᠣᠴᠠᠲᠠᠢ ᠪᠠᠷ ᠠᠷᠭ᠎ᠠ ᠪᠣᠳᠣᠯᠭ᠎ᠠ ᠭᠡᠷᠡᠭᠵᠢᠬᠦᠯᠦᠨ᠂ | ᠬᠠᠷᠠᠯᠲᠠ ᠶᠢᠨ ᠴᠢᠭᠯᠡᠯ ᠢᠶᠠᠷ ᠴᠢᠷᠮᠠᠶᠢᠨ ᠬᠦᠴᠦᠯᠡᠵᠦ᠂ ᠭᠤᠣᠯ ᠰᠡᠳᠦᠪᠲᠦ ᠬᠥᠮᠦᠵᠢᠯ ᠤᠨ ᠦᠨᠡᠨ ᠪᠣᠳᠠᠲᠠᠢ ᠦᠷ᠎ᠡ | ᠪᠦᠲᠦᠮᠵᠢ ᠣᠯᠬᠤ ᠶᠢ ᠦᠨᠡᠨ ᠬᠦ ᠪᠠᠲᠤᠯᠠᠬᠤ ᠬᠡᠷᠡᠭᠲᠡᠢ᠃ ᠡᠷᠬᠡᠪᠰᠢ ᠭᠤᠣᠯ ᠰᠡᠳᠦᠪ᠂ ᠭᠤᠣᠯ ᠰᠢᠵᠢᠮ ᠳᠤ | ᠠᠩᠬᠠᠷᠤᠯ ᠢᠶᠠᠨ ᠲᠥᠪᠯᠡᠷᠡᠭᠦᠯᠵᠦ᠂ ᠭᠤᠣᠯ ᠰᠡᠳᠦᠪᠲᠦ ᠬᠥᠮᠦᠵᠢᠯ ᠢ ᠥᠨᠳᠥᠷ ᠪᠠᠷᠢᠮᠵᠢᠶ᠎ᠠ ᠪᠠᠷ᠂ ᠥᠨᠳᠥᠷ ᠶᠠᠰᠤ | ᠴᠢᠨᠠᠷᠲᠠᠢ ᠪᠠᠷ ᠠᠬᠢᠭᠤᠯᠣᠨ᠂ ᠤᠨᠤᠯ ᠤᠨ ᠰᠤᠷᠤᠯᠴᠠᠯᠭ᠎ᠠ ᠶᠢ ᠦᠨᠡᠨᠬᠦ ᠰᠡᠳᠬᠢᠯ ᠳᠡᠭᠡᠨ ᠰᠢᠩᠭᠡᠭᠡᠨ ᠬᠡᠷᠡᠭᠵᠢᠭᠦᠯᠵᠦ᠂ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ | ᠰᠠᠨᠠᠭ᠎ᠠ ᠶᠢ ᠭᠦᠨᠵᠡᠭᠡᠢ ᠰᠤᠷᠤᠯᠴᠠᠨ ᠳᠣᠣᠱᠯᠠᠭᠤᠯᠬᠤ ᠶᠢᠨ ᠵᠡᠷᠭᠡᠪᠡᠷ ᠶᠡᠷᠦᠩᠬᠡᠢ ᠱᠦᠵᠢ ᠰᠢ ᠶᠢᠨ ᠫᠢᠩ ᠤᠨ | ᠬᠠᠮᠤᠭ ᠤᠨ ᠰᠢᠨ᠎ᠡ ᠴᠢᠬᠤᠯᠠ ᠶᠠᠷᠢᠶᠠᠨ ᠤ ᠵᠣᠷᠢᠭ ᠰᠠᠨᠠᠭ᠎ᠠ ᠪᠣᠯᠣᠨ ᠤᠨᠤᠯ ᠤᠨ ᠵᠣᠬᠢᠶᠠᠯ ᠢ ᠴᠠᠭ ᠲᠤᠬᠠᠢ ᠳᠤᠨᠢ | ᠲᠠᠭᠠᠨ ᠰᠤᠷᠤᠯᠴᠠᠬᠤ ᠬᠡᠷᠡᠭᠲᠡᠢ᠃ ᠪᠠᠶᠢᠴᠠᠭᠠᠨ ᠰᠤᠳᠤᠯᠤᠯᠲᠠ ᠬᠢᠬᠦ ᠳᠡᠭᠡᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ | ᠠᠰᠢᠭ ᠢ ᠨᠡᠮᠡᠭᠳᠡᠭᠦᠯᠵᠦ᠂ ︽ᠳᠥᠷᠪᠡ ᠶᠢ ᠦᠨᠳᠦᠰᠦᠨ ᠱᠠᠲᠤᠨ ᠳᠤ ᠪᠠᠭᠤᠯᠭᠠᠬᠤ︾ ᠰᠢᠯᠢᠳᠡᠭ ᠰᠤᠷᠲᠠᠯ ᠢ ᠶᠡᠬᠡᠪᠡᠷ | ᠪᠠᠳᠠᠷᠠᠭᠤᠯᠤᠨ᠂ ᠪᠠᠶᠢᠴᠠᠭᠠᠨ ᠰᠤᠳᠤᠯᠤᠯᠲᠠ ᠶᠢᠨ ︽ᠰᠡᠭᠦᠯᠴᠢ ᠶᠢᠨ ᠬᠠᠭᠠᠰ ᠶᠠᠪᠤᠳᠠᠯ︾ ᠢ ᠭᠦᠨᠵᠡᠭᠡᠢ ᠰᠠᠶᠢᠲᠤᠷ | ᠪᠠᠶᠠᠯᠡᠬᠦᠯᠵᠦ᠂ ᠪᠠᠶᠢᠴᠠᠭᠠᠨ ᠰᠤᠳᠤᠯᠤᠯᠲᠠ ᠶᠢᠨ ᠦᠷ᠎ᠡ ᠪᠦᠲᠦᠭᠡᠯ ᠢ ᠦᠨᠡᠨᠬᠦ ᠠᠰᠠᠭᠤᠳᠠᠯ ᠢ ᠰᠢᠢᠳᠪᠦᠷᠢᠯᠡᠬᠦ᠂ | ᠠᠵᠢᠯ ᠢᠶᠠᠨ ᠰᠠᠶᠢᠵᠢᠷᠠᠭᠤᠯᠬᠤ ᠪᠣᠳᠠᠲᠠᠢ ᠠᠷᠭ᠎ᠠ ᠬᠡᠮᠵᠢᠶ᠎ᠡ ᠪᠣᠯᠭᠠᠨ ᠬᠤᠪᠢᠷᠠᠭᠤᠯᠬᠤ ᠬᠡᠷᠡᠭᠲᠡᠢ᠃ ᠳᠦᠷᠢᠮ | ᠲᠣᠭᠲᠠᠭᠠᠯ ᠲᠣᠭᠲᠠᠭᠠᠬᠤ ᠳᠤ ᠳᠤᠲᠠᠭᠤᠳᠠᠯ ᠢᠶᠠᠨ ᠨᠥᠬᠦᠪᠦᠷᠢᠯᠡᠨ ᠰᠠᠭᠤᠷᠢ ᠪᠠᠨ ᠪᠠᠲᠤᠳᠬᠠᠵᠤ᠂ ᠳᠦᠷᠢᠮ | ᠲᠣᠭᠲᠠᠴᠠ ᠶᠢ ᠪᠠᠶᠢᠭᠤᠯᠤᠨ ᠪᠦᠷᠢᠨᠰᠢᠬᠦᠯᠬᠦ ᠬᠡᠷᠡᠭᠲᠡᠢ᠃ ᠡᠷᠬᠡᠪᠰᠢ ᠡᠯ᠎ᠡ ᠲᠠᠯ᠎ᠠ ᠶᠢᠨ ᠬᠢᠨ ᠤ ᠬᠠᠷᠢᠭᠤᠴᠠᠯᠭ᠎ᠠ ᠶᠢ | ᠨᠠᠷᠢᠨ ᠪᠣᠳᠠᠳᠠᠢ ᠨᠠᠶᠢᠳᠠᠪᠤᠷᠢᠵᠢᠭᠤᠯᠵᠤ᠂ ᠪᠦᠬᠦ ᠲᠠᠯ᠎ᠠ ᠪᠠᠷ᠂ ᠤᠯᠠᠨ ᠲᠡᠰ ᠳᠠᠪᠬᠤᠷᠭ᠎ᠠ ᠪᠠᠷ᠂ ᠪᠣᠰᠤᠭ᠎ᠠ ᠴᠣᠭᠴᠠᠲᠤ | ᠬᠡᠯᠪᠡᠷᠢ ᠪᠠᠷ ᠡᠯ᠎ᠡ ᠳᠦᠷᠦᠯ ᠤᠨ ᠭᠤᠣᠯᠳᠠᠯᠭ᠎ᠠ ᠲᠠᠢ ᠡᠭᠦᠷᠭᠡ ᠶᠢ ᠰᠠᠶᠢᠲᠤᠷ ᠠᠳᠬᠤᠵᠤ᠂ ᠭᠤᠣᠯ ᠰᠡᠳᠦᠪᠲᠦ | ᠬᠥᠮᠦᠵᠢᠯ ᠤᠨ ᠪᠣᠳᠠᠲᠤ ᠦᠷ᠎ᠡ ᠪᠦᠲᠦᠮᠵᠢ ᠣᠯᠬᠤ ᠶᠢ ᠪᠦᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠢ ᠭᠡᠪᠡ᠃ |