ᠴᠠᠭᠠᠨ ᠰᠠᠷ᠎ᠠ ᠶᠢᠨ ᠪᠠᠶᠠᠷ ᠤᠨ ᠡᠳᠤᠷ ᠤᠨ ᠬᠤᠭᠤᠴᠠᠭᠠᠨ ᠳᠤ ᠲᠤᠤᠷᠠᠢ ᠶᠢᠨ ᠣᠢ ᠶᠢᠨ ᠠᠮᠢ ᠠᠬᠤᠢ ᠶᠢᠨ ᠠᠮᠤᠷ ᠳᠥᠪᠰᠢᠨ ᠢ ᠰᠠᠬᠢᠨ ᠬᠠᠮᠠᠭᠠᠯᠠᠨ᠎ᠠ
ᠨᠡᠶᠢᠲᠡᠯᠡᠭᠰᠡᠨ ᠴᠠᠭ᠄
2023/2/1
      ᠴᠠᠭᠠᠨ ᠰᠠᠷ᠎ᠠ ᠶᠢᠨ ᠬᠤᠭᠤᠴᠠᠭᠠᠨ ᠳᠤ᠂ ᠲᠤᠤᠷᠠᠢ ᠶᠢᠨ ᠤᠢ ᠶᠢᠨ ᠠᠮᠢ ᠠᠬᠤᠢ ᠶᠢᠨ ᠠᠮᠦᠷ ᠲᠦᠪᠰᠢᠨ ᠢ ᠬᠠᠮᠠᠭᠠᠯᠠᠬᠤ ᠶᠢᠨ ᠲᠤᠰᠠᠲᠠ᠂ ᠬᠤᠰᠢᠭᠤᠨ ᠤ ᠤᠢ ᠰᠢᠭᠤᠢ ᠪᠠ ᠨᠤᠲᠤᠭ ᠪᠡᠯᠴᠢᠭᠡᠷ ᠤᠨ ᠲᠤᠪᠴᠢᠶ᠎ᠠ ᠪᠠᠶᠠᠷ ᠤᠨ ᠬᠤᠭᠤᠴᠠᠭᠠᠨ ᠳᠤ ᠠᠵᠢᠯ ᠤᠨ ᠪᠠᠶᠢᠷᠢ ᠪᠠᠨ ᠪᠠᠲᠤ ᠰᠠᠬᠢᠵᠤ᠂ ᠤᠢ ᠰᠢᠭᠤᠢ ᠶᠢᠨ ᠭᠠᠯ ᠤᠨ ᠠᠶᠤᠯ ᠢ ᠰᠡᠷᠭᠡᠶᠢᠯᠡᠬᠦ ᠪᠠᠶᠢᠴᠠᠭᠠᠯᠲᠠ ᠶᠢᠨ ᠠᠵᠢᠯ ᠢ ᠴᠢᠩᠭᠠᠳᠬᠠᠨ᠂ ᠰᠠᠭᠤᠭᠠᠯᠢ ᠠᠷᠠᠳ ᠤᠨ ᠠᠮᠦᠷ ᠳᠠᠶᠢᠪᠤᠡᠭ ᠴᠠᠭᠠᠨ ᠰᠠᠷ᠎ᠠ ᠪᠠᠨ ᠦᠩᠭᠡᠷᠡᠭᠦᠯᠬᠦ ᠶᠢ ᠪᠠᠲᠤᠯᠠᠨ᠎ᠠ᠃      ᠴᠠᠭᠠᠨ ᠰᠠᠷ᠎ᠠ ᠶᠢᠨ ᠤᠯᠠᠮᠵᠢᠯᠠᠯᠲᠦ ᠵᠠᠩ ᠳᠠᠳᠬᠠᠯ ᠳᠤ ᠨᠦᠯᠦᠭᠡᠯᠡᠭᠳᠡᠨ᠂ ᠵᠢᠯ ᠪᠤᠯᠭᠠᠨ ᠤ ᠴᠠᠭᠠᠨ       ᠰᠠᠷ᠎ᠠ ᠳᠤ ᠤᠢ ᠶᠢᠨ ᠤᠷᠤᠨ ᠢᠶᠠᠷ ᠪᠤᠯᠠᠰᠢᠨ ᠳᠤ ᠬᠦᠷᠴᠦ ᠴᠠᠭᠠᠰᠤ ᠰᠢᠲᠠᠭᠠᠨ ᠬᠦᠵᠢ ᠠᠰᠠᠭᠠᠬᠤ᠂ ᠬᠤᠸᠠᠷ ᠫᠤᠤᠵᠢᠩ ᠲᠠᠯᠪᠢᠬᠤ ᠵᠡᠷᠭᠡ ᠲᠤᠭᠲᠠᠭᠠᠯ ᠠᠴᠠ ᠵᠦᠷᠢᠴᠡᠨ ᠬᠡᠭᠡᠷ᠎ᠡ ᠭᠠᠳᠠᠨ᠎ᠠ ᠭᠠᠯ ᠬᠡᠷᠡᠭᠯᠡᠭᠰᠡᠨ ᠦᠢᠯᠡ       ᠠᠵᠢᠯᠯᠠᠭ᠎ᠠ ᠨᠢ ᠤᠯᠠᠨ ᠲᠦᠮᠡᠨ ᠤ ᠠᠮᠢ ᠨᠠᠰᠤ ᠡᠳ᠋ ᠬᠦᠷᠦᠩᠭᠡ ᠪᠠ ᠤᠢ ᠰᠢᠭᠤᠢ ᠶᠢᠨ ᠡᠬᠢ ᠪᠠᠶᠠᠯᠢᠭ ᠲᠤ ᠬᠦᠨᠳᠦ ᠰᠦᠷᠳᠡᠭᠦᠯᠦᠯ ᠪᠤᠯᠳᠠᠭ᠃ ᠤᠢ ᠶᠢᠨ ᠤᠷᠤᠨ ᠪᠠ ᠠᠷᠠᠳ ᠤᠯᠠᠨ ᠤ ᠠᠮᠢ ᠨᠠᠰᠤ ᠡᠳ᠋ ᠬᠦᠷᠦᠩᠭᠡ ᠶᠢᠨ ᠠᠮᠦᠷ ᠲᠦᠪᠰᠢᠨ ᠢ ᠬᠠᠮᠠᠭᠠᠯᠠᠬᠤ ᠶᠢᠨ ᠲᠤᠰᠠᠲᠠ᠂ ᠬᠤᠰᠢᠭᠤᠨ ᠤ ᠤᠢ ᠰᠢᠭᠤᠢ ᠪᠠ ᠨᠤᠲᠤᠭ ᠪᠡᠯᠴᠢᠭᠡᠷ ᠤᠨ       ᠲᠤᠪᠴᠢᠶ᠎ᠠ ᠶᠢᠨ ᠭᠠᠯ ᠢ ᠰᠡᠷᠭᠡᠶᠢᠯᠡᠬᠦ ᠠᠯᠪᠠᠨ ᠭᠡᠷ ᠤᠨ ᠠᠵᠢᠯᠲᠠᠳ ᠴᠠᠭᠠᠨ ᠰᠠᠷ᠎ᠠ ᠶᠢᠨ ᠬᠤᠭᠤᠴᠠᠭᠠᠨ ᠳᠤ       ᠠᠵᠢᠯ ᠤᠨ ᠪᠠᠶᠢᠷᠢ ᠪᠠᠨ ᠪᠠᠲᠤ ᠰᠠᠬᠢᠵᠤ᠂ ᠭᠠᠯ ᠢ ᠰᠡᠷᠭᠡᠶᠢᠯᠡᠬᠦ ᠬᠢᠨᠠᠨ ᠡᠵᠡᠮᠳᠡᠭᠦᠷ ᠤᠨ ᠰᠢᠰᠲ᠋ᠧᠮ ᠢ ᠠᠰᠢᠭᠯᠠᠨ᠂ ᠪᠦᠬᠦ ᠡᠳᠦᠷ ᠢᠶᠠᠷ ᠬᠢᠨᠠᠨ ᠪᠠᠶᠢᠴᠠᠭᠠᠯᠲᠠ ᠶᠢ ᠬᠢᠵᠦ᠂ ᠬᠢᠨᠠᠨ ᠡᠵᠡᠮᠳᠡᠭᠦᠷ ᠤᠨ ᠠᠵᠢᠯᠲᠠᠨ 24 ᠴᠠᠭ ᠢᠶᠠᠷ ᠵᠢᠵᠢᠭᠦᠷᠯᠡᠨ᠂ ᠬᠢᠨᠠᠨ ᠡᠵᠡᠮᠳᠡᠭᠦᠷ ᠤᠨ ᠬᠢᠨᠠᠨ ᠬᠠᠮᠢᠶᠠᠷᠤᠯᠲᠠ ᠬᠦᠷᠬᠦ ᠦᠭᠡᠢ ᠭᠠᠵᠠᠷ ᠲᠤ᠂ ᠲᠤᠭᠤᠷᠢᠨ ᠪᠠᠶᠢᠴᠠᠭᠠᠯᠲᠠ ᠶᠢᠨ ᠠᠩᠬᠢ ᠶᠢᠨ ᠭᠡᠰᠢᠭᠦᠳ ᠲᠤᠭᠤᠷᠢᠨ ᠪᠠᠶᠢᠴᠠᠭᠠᠯᠲᠠ ᠶᠢᠨ ᠬᠦᠴᠦᠯᠡᠴᠡ ᠪᠠᠨ ᠴᠢᠩᠭᠠᠳᠬᠠᠨ᠂ ᠲᠤᠤᠷᠠᠢ ᠶᠢᠨ ᠤᠢ ᠶᠢᠨ ᠭᠠᠵᠠᠷ ᠪᠦᠬᠦᠨ ᠤ ᠭᠠᠯ ᠤᠨ ᠳᠡᠯᠳᠡ ᠭᠡᠮ ᠤᠷᠤᠰᠢᠬᠤ ᠪᠠᠶᠢᠳᠠᠯ ᠳᠤ ᠨᠠᠷᠢᠨ ᠬᠢᠨᠠᠮᠠᠭᠠᠢ ᠪᠠᠶᠢᠴᠠᠭᠠᠯᠲᠠ ᠬᠢᠭᠰᠡᠨ ᠪᠠᠶᠢᠨ᠎ᠠ᠃
 
ᠢᠷᠡᠯᠲᠡ᠄ ᠡᠵᠡᠨ᠎ᠡ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号