ᠪᠠᠶᠠᠷ ᠤᠨ ᠡᠳᠤᠷ ᠤᠨ ᠳᠠᠷᠠᠭᠠᠬᠢ ᠠᠵᠢᠯ ᠰᠡᠷᠭᠦᠭᠡᠯᠲᠡ ᠨᠢ ᠰᠠᠭᠤᠭᠠᠯᠢ ᠠᠷᠠᠳ ᠲᠤ ᠥᠨᠡᠨᠬᠦ ᠳᠦᠭᠦᠮ ᠥᠵᠡᠬᠦᠯᠦᠨ᠎ᠡ
ᠨᠡᠶᠢᠲᠡᠯᠡᠭᠰᠡᠨ ᠴᠠᠭ᠄
2023/2/1
      ᠴᠠᠭᠠᠨ ᠰᠠᠷ᠎ᠠ ᠶᠢᠨ ᠪᠠᠶᠠᠷ ᠤᠨ ᠬᠤᠭᠤᠴᠠᠭ᠎ᠠ ᠦᠩᠭᠡᠷᠡᠵᠦ᠂ ᠮᠠᠨ ᠤ ᠬᠤᠰᠢᠭᠤᠨ ᠤ ᠡᠯ᠎ᠡ ᠰᠠᠯᠠᠭ᠎ᠠ ᠮᠦᠴᠢᠷ ᠪᠦᠬᠦ ᠲᠠᠯ᠎ᠠ ᠪᠠᠷ ᠠᠵᠢᠯ ᠢᠶᠠᠨ ᠰᠡᠷᠭᠦᠭᠡᠨ᠂ ᠠᠷᠠᠳ ᠲᠤ ᠳᠦᠭᠦᠮ ᠦᠵᠡᠭᠦᠯᠬᠦ ᠦᠢᠯᠡᠴᠢᠯᠡᠭᠡᠨ ᠤ ᠴᠤᠩᠬᠤᠪᠴᠢ ᠪᠠ ᠢᠳᠡᠭᠡᠨ ᠤ ᠠᠮᠦᠷ ᠲᠦᠪᠰᠢᠨ ᠤ ᠪᠠᠶᠢᠴᠠᠭᠠᠯᠲᠠ ᠶᠢᠨ ᠠᠵᠢᠯ ᠡᠮᠬᠢ ᠳᠠᠷᠠᠭ᠎ᠠ ᠲᠠᠢ ᠦᠷᠨᠢᠭᠳᠡᠵᠦ᠂ ᠰᠠᠭᠤᠭᠠᠯᠢ ᠠᠷᠠᠳ ᠲᠤ ᠥᠨᠡᠨᠬᠦ ᠳᠦᠬᠦᠮ ᠢ ᠠᠪᠴᠢᠷᠠᠨ᠎ᠠ᠃      ᠪᠠᠶᠠᠷ ᠤᠨ ᠡᠳᠤᠷ ᠦᠩᠭᠡᠷᠡᠭᠰᠡᠨ ᠤ ᠳᠠᠷᠠᠭᠠᠬᠢ ᠨᠢᠭᠡᠳᠦᠭᠡᠷ ᠡᠳᠦᠷ ᠲᠤ᠂ ᠬᠤᠰᠢᠭᠤᠨ ᠤ ᠵᠠᠬ᠎ᠠ       ᠳᠡᠯᠭᠡᠭᠦᠷ ᠤᠨ ᠬᠢᠨᠠᠨ ᠬᠠᠮᠢᠶᠠᠷᠤᠯᠲᠠ ᠶᠢᠨ ᠲᠤᠪᠴᠢᠶ᠎ᠠ ᠢᠳᠡᠭᠡᠨ ᠤᠮᠳᠠᠭᠠᠨ ᠤ ᠠᠮᠦᠷ ᠲᠦᠪᠰᠢᠨ ᠤ ᠪᠠᠶᠢᠴᠠᠭᠠᠯᠲᠠ ᠬᠢᠵᠦ᠂ ᠪᠠᠶᠢᠴᠠᠭᠠᠯᠲᠠ ᠶᠢᠨ ᠳᠤᠮᠳᠠ᠂ ᠠᠵᠢᠯᠲᠠᠨ ᠠᠴᠠ ᠪᠠᠶᠠᠷ ᠤᠨ ᠡᠳᠦᠷ ᠤᠨ ᠬᠤᠭᠤᠴᠠᠭᠠᠨ ᠤ ᠢᠳᠡᠭᠡᠨ ᠤ ᠠᠮᠦᠷ ᠲᠦᠪᠰᠢᠨ ᠤ ᠪᠠᠶᠢᠳᠠᠯ ᠪᠠ ᠬᠡᠷᠡᠭᠯᠡᠭᠡᠨ ᠤ ᠪᠠᠶᠢᠳᠠᠯ ᠢ ᠦᠨᠳᠦᠰᠦᠯᠡᠵᠦ᠂ ᠲᠤᠮᠤ ᠬᠡᠯᠪᠡᠷᠢ ᠶᠢᠨ       ᠬᠤᠳᠠᠯᠳᠤᠭᠠᠨ ᠤ ᠳᠡᠯᠭᠡᠭᠦᠷ᠂ ᠢᠳᠡᠭᠡᠨ ᠤᠮᠳᠠᠭᠠᠨ ᠤ ᠳᠡᠯᠭᠡᠭᠦᠷ ᠢᠶᠠᠷ ᠭᠤᠤᠯ ᠲᠠᠯᠠᠪᠤᠷ ᠢᠶᠠᠨ ᠪᠤᠯᠭᠠᠨ᠂ ᠲᠤᠮᠤ ᠬᠡᠯᠪᠡᠷᠢ ᠶᠢᠨ ᠬᠤᠳᠠᠯᠳᠤᠭᠠᠨ ᠤ ᠳᠡᠯᠭᠡᠭᠦᠷ ᠤᠨ ᠪᠠᠶᠠᠷ ᠤᠨ ᠡᠳᠦᠷ ᠤᠨ ᠬᠤᠭᠤᠴᠠᠭᠠᠨ ᠳᠤ ᠪᠤᠷᠤᠯᠠᠭᠤᠯᠭ᠎ᠠ ᠪᠠᠷ ᠶᠡᠭᠡ ᠪᠤᠯᠬᠤ ᠴᠠᠭᠠᠨ ᠢᠳᠡᠭᠡ᠂ ᠬᠠᠭᠤᠷᠠᠭᠰᠠᠨ ᠢᠳᠡᠭᠡᠨ ᠤ ᠵᠤᠶᠢᠯ ᠵᠢᠴᠢ ᠵᠢᠮᠢᠰ᠂ ᠤᠮᠳᠠᠭᠠᠨ ᠵᠡᠷᠭᠡ ᠲᠦᠷᠦᠯ ᠵᠦᠢᠯ ᠤᠨ ᠪᠠᠷᠠᠭ᠎ᠠ ᠤᠷᠤᠭᠤᠯᠤᠭᠰᠠᠨ ᠭᠡᠷᠡᠴᠢ ᠪᠠᠷᠢᠮᠲᠠ᠂ ᠢᠳᠡᠭᠡᠨ ᠤᠮᠳᠠᠭᠠᠨ ᠤ ᠴᠢᠨᠠᠷ ᠢ ᠪᠠᠲᠤᠯᠠᠬᠤ ᠬᠤᠭᠤᠴᠠᠭᠠᠨ ᠳᠤ ᠨᠠᠷᠢᠯᠢᠭ ᠪᠣᠳᠠᠳᠠᠢ ᠬᠢᠨᠠᠨ ᠪᠠᠶᠢᠴᠠᠭᠠᠯᠲᠠ ᠬᠢᠪᠡ᠃ ᠡᠬᠦᠨ ᠳᠤ᠂ ᠬᠡᠰᠡᠭ ᠬᠤᠭᠤᠯᠠᠨ ᠭᠡᠷ ᠤᠨ ᠢᠳᠡᠭᠡᠨ ᠤᠮᠳᠠᠭᠠᠨ ᠤ ᠬᠡᠷᠡᠭᠰᠡᠯ ᠤᠨ ᠠᠷᠢᠭᠤᠳᠬᠠᠯ᠂ ᠤᠷᠴᠢᠨ ᠲᠤᠭᠤᠷᠢᠨ ᠤ ᠠᠷᠢᠭᠤᠨ ᠴᠡᠪᠡᠷ᠂ ᠭᠡᠷᠡᠴᠢ ᠪᠠᠷᠢᠮᠲᠠ ᠠᠪᠬᠤ᠂ ᠬᠤᠭᠤᠯᠠ ᠪᠤᠯᠪᠠᠰᠤᠷᠠᠭᠤᠯᠬᠤ ᠶᠠᠪᠤᠴᠠ ᠵᠡᠷᠭᠡ ᠵᠠᠩᠬᠢᠯᠠᠭ᠎ᠠ ᠶᠢᠨ ᠶᠠᠪᠤᠴᠠ ᠳᠤ ᠶᠡᠭᠡ ᠬᠡᠮᠵᠢᠶᠠᠨ ᠤ ᠴᠢᠩᠭ᠎ᠠ ᠪᠠᠶᠢᠴᠠᠭᠠᠯᠲᠠ ᠶᠢ ᠬᠢᠪᠡ᠃      ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠢᠩᠬᠢᠮ ᠳᠤ᠂ ᠡᠯ᠎ᠡ ᠪᠠᠶᠢᠭᠤᠯᠭ᠎ᠠ       ᠨᠢᠭᠡᠴᠡ ᠶᠢᠨ ᠴᠤᠩᠬᠤᠪᠴᠢ ᠪᠦᠬᠦᠨ ᠢᠶᠠᠷ ᠢᠶᠠᠨ ᠠᠵᠢᠯ ᠢᠶᠠᠨ ᠰᠡᠷᠭᠦᠭᠡᠭᠰᠡᠨ ᠪᠠᠶᠢᠵᠤ᠂ ᠡᠯ᠎ᠠ ᠴᠤᠩᠬᠤᠪᠴᠢ ᠶᠢᠨ ᠠᠵᠢᠯᠳᠠᠨ ᠨᠡᠷ ᠭᠠᠷ ᠭᠦᠢᠴᠡᠳᠭᠡᠯ ᠬᠢᠬᠦ ᠪᠠᠷ ᠢᠷᠡᠭᠰᠡᠨ ᠠᠷᠠᠳ ᠤᠯᠠᠨ ᠤ ᠭᠦᠢᠴᠡᠳᠭᠡᠯ ᠢ ᠡᠮᠬᠢ ᠴᠡᠭᠴᠡ ᠲᠠᠢ ᠭᠦᠢᠴᠡᠳᠭᠡᠨ ᠦᠭᠭᠦᠨ᠎ᠡ᠃      ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠢᠩᠬᠢᠮ ᠪᠠᠶᠢᠭᠤᠯᠤᠭᠳᠠᠭᠰᠠᠨ ᠠᠴᠠ ᠨᠠᠰᠢ᠂ ᠲᠠᠰᠤᠷᠠᠯᠲᠠ ᠦᠭᠡᠢ ᠰᠢᠨ᠎ᠡ ᠶᠢ ᠡᠭᠦᠳᠴᠦ᠂ ᠡᠯ᠎ᠡ ᠪᠠᠶᠢᠭᠤᠯᠭ᠎ᠠ ᠨᠢᠭᠡᠴᠡ ᠴᠣᠩᠬᠤᠪᠴᠢ ᠶᠢᠨ ᠠᠵᠢᠯ ᠢᠶᠠᠨ ᠡᠬᠢᠯᠡᠭᠦᠯᠦᠨ᠂ 1684 ᠲᠦᠷᠦᠯ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠢ ᠭᠦᠢᠴᠡᠳᠭᠡᠵᠦ᠂ ᠠᠷᠠᠳ ᠲᠤ ᠳᠦᠭᠦᠮ ᠦᠵᠡᠭᠦᠯᠬᠦ ᠦᠢᠯᠡᠴᠢᠯᠡᠭᠡᠨ ᠤ ᠵᠦᠢᠯᠡᠰ ᠢ ᠤᠯᠠᠮ ᠰᠢᠯᠢᠳᠡᠭᠵᠢᠭᠦᠯᠦᠨ᠂ ︽ᠮᠧᠩ ᠰᠦ ᠪᠠᠨ︾ ︽ᠨᠢᠭᠡ ᠦᠨᠡᠮᠯᠡᠯ ᠢᠶᠠᠷ ᠪᠦᠬᠦᠨ ᠢ ᠭᠦᠢᠴᠡᠳᠭᠡᠬᠦ︾ ︽ᠴᠠᠭ ᠢ ᠤᠷᠲᠤᠳᠬᠠᠵᠤ ᠭᠦᠢᠴᠡᠳᠭᠡᠬᠦ︾ ︽ᠭᠠᠷᠠᠭ ᠤᠨ ᠰᠡᠭᠦᠯᠴᠢ ᠳᠤ ᠡᠭᠦᠳᠡ ᠪᠠᠨ ᠬᠠᠭᠠᠬᠤ ᠦᠭᠡᠢ︾ ᠵᠡᠷᠭᠡ ᠤᠯᠠᠨ ᠲᠦᠷᠦᠯ ᠤᠨ ᠠᠷᠠᠳ ᠲᠤ ᠳᠦᠭᠦᠮ ᠦᠵᠡᠭᠦᠯᠬᠦ ᠠᠷᠭ᠎ᠠ ᠬᠡᠮᠵᠢᠶ᠎ᠡ ᠶᠢ ᠬᠡᠷᠡᠭᠵᠢᠭᠦᠯᠵᠦ᠂ ᠤᠯᠠᠨ ᠲᠦᠮᠡᠨ ᠤ ᠭᠠᠷᠳᠡᠨ ᠭᠦᠢᠴᠡᠳᠭᠡᠯ ᠬᠢᠬᠦ ᠦᠪᠡᠷ ᠤᠨ ᠦᠷᠳᠡᠭ ᠢ ᠨᠢ ᠪᠠᠭᠠᠰᠬᠠᠪᠠ᠃ ᠡᠯ᠎ᠡ ᠴᠤᠩᠬᠤᠪᠴᠢ ᠶᠢᠨ ᠦᠢᠯᠡᠴᠢᠯᠡᠭᠡᠨ ᠤ ᠠᠵᠢᠯᠲᠠᠨ ᠬᠠᠯᠠᠮᠰᠠᠭ ᠢᠶᠠᠷ ᠠᠵᠢᠯᠯᠠᠨ᠂ ᠤᠯᠠᠨ       ᠲᠦᠮᠡᠨ ᠤ ᠭᠠᠷᠳᠠᠨ ᠭᠦᠢᠴᠡᠳᠭᠡᠯ ᠬᠢᠬᠦ ᠦᠷ᠎ᠡ ᠪᠦᠲᠦᠮᠵᠢ ᠶᠢ ᠳᠡᠭᠡᠭᠰᠢᠯᠡᠭᠦᠯᠬᠦ ᠶᠢᠨ ᠬᠠᠮᠲᠤ᠂ ᠤᠯᠠᠨ ᠲᠦᠮᠡᠨ ᠳᠤ ᠬᠠᠶᠢᠷ᠎ᠠ ᠬᠠᠯᠠᠮᠵᠢ ᠬᠦᠷᠲᠡᠭᠡᠨ᠎ᠡ᠃
 
ᠢᠷᠡᠯᠲᠡ᠄ ᠡᠵᠡᠨ᠎ᠡ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号