1 ᠳ᠋ᠦ᠋ᠭᠡᠷ ᠰᠠᠷ᠎ᠠ ᠶᠢᠨ 29 ᠤ ᠡᠳᠦᠷ᠂ ᠡᠵᠡᠨ᠎ᠡ ᠬᠤᠰᠢᠭᠤᠨ ᠤ ᠨᠠᠮ ᠤᠨ ᠬᠤᠷᠢᠶᠠᠨ ᠤ ᠱᠦᠵᠢ ᠸᠠᠩ ᠯᠢ | ᠵᠢᠶᠦ᠋ᠨ ᠬᠤᠰᠢᠭᠤᠨ ᠤ ᠨᠠᠮ ᠤᠨ ᠬᠤᠷᠢᠶᠠᠨ ᠤ ᠣᠨᠣᠯ ᠰᠤᠷᠤᠯᠴᠠᠬᠤ ᠭᠤᠣᠯ ᠳᠤᠭᠤᠶᠢᠯᠠᠩ ᠤᠨ 2023 ᠣᠨ ᠤ | ᠠᠩᠬᠠᠳᠤᠭᠠᠷ ᠤᠳᠠᠭᠠᠨ ᠤ ᠬᠠᠮᠲᠤ ᠵᠢᠨᠰᠤᠷᠤᠯᠴᠠᠯᠭ᠎ᠠ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ᠬᠤᠷᠠᠯ ᠨᠢ | 2022 ᠣᠨ ᠤ ᠠᠷᠠᠳᠴᠢᠯᠠᠯ ᠤᠨ ᠠᠮᠢᠳᠤᠷᠠᠯ ᠤᠨ ᠬᠤᠷᠠᠯ ᠤᠨ ᠭᠤᠣᠯ ᠰᠡᠳᠦᠪ ᠤᠨ ᠲᠣᠭᠤᠷᠢᠨ ᠳᠤ ᠭᠦᠨᠵᠡᠭᠡᠢ | ᠰᠤᠷᠤᠯᠴᠠᠵᠤ ᠰᠤᠳᠤᠯᠤᠨ ᠶᠠᠷᠢᠯᠴᠠᠪᠠ᠃ ᠪᠦᠬᠡ᠂ ᠪᠥᠳᠥᠭᠡᠯᠴᠢ᠂ ᠲᠠᠩ ᠰᠢᠤᠸᠠᠢ ᠪᠢᠨ᠂ ᠰᠢᠦᠢ ᠵᠢᠩ ᠵᠡᠷᠭᠡ | ᠬᠤᠰᠢᠭᠤᠨ ᠤ ᠨᠠᠮ ᠤᠨ ᠬᠤᠷᠢᠶᠠᠨ ᠤ ᠤᠨᠤᠯ ᠰᠤᠷᠤᠯᠴᠠᠬᠤ ᠭᠤᠣᠯ ᠳᠤᠭᠤᠶᠢᠯᠠᠩ ᠤᠨ ᠭᠡᠰᠢᠭᠦᠳ | ᠰᠤᠷᠤᠯᠴᠠᠯᠭ᠎ᠠ ᠳᠤ ᠣᠷᠣᠯᠴᠠᠪᠠ᠃ | ᠬᠤᠷᠠᠯ ᠳᠤ ᠰᠢ ᠶᠢᠨ ᠫᠢᠩ ᠶᠡᠷᠦᠩᠬᠡᠢ ᠱᠦᠵᠢ ᠶᠢᠨ ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ | ᠲᠣᠪᠴᠢᠶᠠᠨ ᠤ ᠠᠷᠠᠳᠴᠢᠯᠠᠯ ᠤᠨ ᠠᠮᠢᠳᠤᠷᠠᠯ ᠤᠨ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ᠂ | ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠢᠳᠤᠭᠠᠷ ᠤᠳᠠᠭ᠎ᠠ ᠶᠢᠨ ᠪᠦᠬᠦ ᠤᠯᠤᠰ ᠤᠨ ᠲᠥᠯᠥᠭᠡᠯᠡᠭᠴᠢᠳ ᠤᠨ | ᠶᠡᠭᠡ ᠬᠤᠷᠠᠯ ᠳᠡᠭᠡᠷᠡᠬᠢ ᠢᠯᠡᠳᠬᠡᠯ ᠤᠨ ᠬᠡᠰᠡᠭ ᠠᠭᠤᠯᠭ᠎ᠠ᠂ ᠪᠦᠬᠦ ᠤᠯᠤᠰ ᠤᠨ ᠤᠬᠠᠭᠤᠯᠬᠤ ᠬᠡᠯᠲᠡᠰ ᠤᠨ ᠳᠠᠷᠤᠭ᠎ᠠ | ᠨᠠᠷ ᠤᠨ ᠬᠤᠷᠠᠯ ᠤᠨ ᠵᠣᠷᠢᠭ ᠰᠠᠨᠠᠭ᠎ᠠ ᠵᠡᠷᠭᠡ ᠰᠤᠷᠤᠯᠴᠠᠬᠤ ᠠᠭᠤᠯᠭ᠎ᠠ ᠶᠢ ᠳᠠᠮᠵᠢᠭᠤᠯᠤᠨ ᠰᠤᠷᠤᠯᠴᠠᠵᠠᠢ᠃ | ᠬᠤᠷᠠᠯ ᠠᠴᠠ ᠴᠢᠬᠤᠯᠠᠴᠢᠯᠠᠬᠤ ᠳᠠᠭᠠᠨ᠄ ᠡᠷᠬᠡᠪᠰᠢ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ | ᠬᠤᠷᠢᠶ᠎ᠠ᠂ ᠠᠶᠢᠮᠠᠭ ᠤᠨ ᠨᠠᠮ ᠤᠨ ᠬᠤᠷᠢᠶ᠎ᠠ ᠶᠢᠨ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠢ ᠴᠢᠩᠭ᠎ᠠ ᠵᠢᠷᠣᠮᠯᠠᠵᠦ᠂ | ᠠᠷᠠᠳᠴᠢᠯᠠᠯ ᠤᠨ ᠠᠮᠢᠳᠤᠷᠠᠯ ᠤᠨ ᠬᠤᠷᠠᠯ ᠤᠨ ᠭᠤᠣᠯ ᠰᠡᠳᠦᠪ ᠲᠠᠢ ᠨᠢᠭᠲᠠ ᠤᠶᠠᠯᠳᠤᠭᠤᠯᠵᠤ ᠣᠨᠣᠯ ᠤᠨ | ᠰᠤᠷᠤᠯᠴᠠᠯᠭ᠎ᠠ ᠪᠠᠨ ᠥᠨᠡᠨᠬᠦ ᠴᠢᠩᠭᠠᠳᠬᠠᠨ᠂ ᠬᠠᠷᠢᠴᠠᠭᠤᠯᠤᠨ ᠪᠠᠶᠢᠴᠠᠭᠠᠬᠤ ᠮᠠᠲ᠋ᠧᠷᠢᠶᠠᠯ ᠢ ᠨᠠᠷᠢᠨ ᠬᠢᠨᠠᠮᠠᠭᠠᠢ | ᠲᠤᠭᠤᠷᠪᠢᠨ ᠪᠢᠴᠢᠬᠦ ᠶᠢᠨ ᠳᠠᠭᠠᠤ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ | ᠠᠷᠠᠳᠴᠢᠯᠠᠯ ᠤᠨ ᠠᠮᠢᠳᠤᠷᠠᠯ ᠤᠨ ᠬᠤᠷᠠᠯ ᠢ ᠨᠠᠷᠢᠨ ᠨᠢᠮᠪᠠᠢ ᠪᠡᠯᠡᠳᠬᠡᠵᠦ᠂ ᠥᠪᠡᠷ ᠤᠨ ᠪᠡᠶ᠎ᠡ ᠳᠡᠭᠡᠨ ᠬᠤᠪᠢᠰᠬᠠᠯ | ᠬᠢᠬᠦ ᠵᠣᠷᠢᠭ ᠰᠠᠨᠠᠭ᠎ᠠ ᠪᠠᠷ ᠰᠢᠭᠦᠮᠵᠢᠯᠡᠯ ᠪᠠ ᠥᠪᠡᠷ ᠤᠨ ᠰᠢᠭᠦᠮᠵᠢᠯᠡᠯ ᠢ ᠢᠳᠡᠪᠬᠢᠲᠠᠢ ᠥᠷᠨᠢᠬᠦᠯᠦᠨ᠂ ᠪᠠᠲᠤ ᠴᠢᠩᠭ᠎ᠠ | ᠨᠠᠮᠴᠢ ᠴᠢᠨᠠᠷ ᠢ ᠤᠯᠠᠮ ᠨᠢᠭᠡ ᠠᠯᠬᠤᠮ ᠳᠠᠪᠲᠠᠨ ᠪᠣᠯᠪᠠᠰᠤᠷᠠᠭᠤᠯᠬᠤ ᠬᠡᠷᠡᠭᠲᠡᠢ᠃ ᠡᠯ᠎ᠡ ᠱᠠᠲᠤᠨ ᠤ ᠨᠠᠮ ᠤᠨ | ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠡᠷᠬᠡᠪᠰᠢ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠴᠢᠬᠤᠯᠠ | ᠶᠡᠭᠡ ᠤᠯᠤᠰ ᠲᠦᠷᠦ ᠶᠢᠨ ᠬᠠᠷᠢᠭᠤᠴᠠᠯᠭ᠎ᠠ ᠶᠢ ᠡᠷᠡᠰ ᠡᠭᠦᠷᠭᠡᠯᠡᠵᠦ᠂ ᠤᠯᠤᠰ ᠲᠦᠷᠦ ᠶᠢᠨ ᠬᠠᠷᠢᠭᠤᠴᠠᠯᠭ᠎ᠠ ᠪᠠᠨ | ᠥᠨᠡᠨᠬᠦ ᠴᠢᠩᠭᠠᠳᠬᠠᠨ᠂ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠵᠠᠩᠭᠢᠯᠠᠭ᠎ᠠ ᠶᠢ ᠴᠢᠩᠭ᠎ᠠ ᠠᠳᠬᠤᠵᠤ᠂ ᠴᠢᠩᠭ᠎ᠠ | ᠱᠠᠭᠠᠷᠳᠠᠯᠭ᠎ᠠ ᠪᠠ ᠢᠯᠡ ᠲᠣᠳᠣ ᠤᠳᠤᠷᠢᠳᠤᠮᠵᠢ ᠪᠠᠷ ᠥᠷᠭᠡᠨ ᠤᠯᠠᠨ ᠨᠠᠮ ᠤᠨ ᠭᠡᠰᠢᠭᠦᠨ ᠺᠠᠳ᠋ᠷᠴᠤᠳ ᠢ ᠬᠥᠲᠥᠯᠥᠨ | ᠳᠠᠭᠠᠭᠤᠯᠵᠤ ᠰᠠᠶᠢᠨ ᠰᠤᠷᠲᠠᠯ ᠢ ᠪᠠᠳᠠᠷᠠᠭᠤᠯᠤᠨ᠂ ᠰᠢᠨ᠎ᠡ ᠠᠶᠠᠨ ᠳᠤ ᠡᠷᠡᠯᠬᠡᠭᠯᠡᠨ ᠤᠷᠤᠭᠰᠢᠯᠠᠵᠤ᠂ ᠰᠢᠨ᠎ᠡ | ᠠᠮᠵᠢᠯᠲᠠ ᠪᠦᠲᠦᠮᠵᠢ ᠶᠢ ᠡᠭᠦᠳᠬᠦ ᠬᠡᠷᠡᠭᠲᠡᠢ ᠭᠡᠪᠡ᠃ | ᠬᠤᠷᠠᠯ ᠳᠡᠭᠡᠷ᠎ᠡ᠂ ᠬᠡᠰᠡᠭ ᠬᠤᠰᠢᠭᠤᠨ ᠤ ᠨᠠᠮ ᠤᠨ ᠬᠤᠷᠢᠶ᠎ᠠ ᠶᠢᠨ ᠣᠨᠣᠯ ᠰᠤᠷᠤᠯᠴᠠᠬᠤ ᠭᠤᠣᠯ | ᠳᠤᠭᠤᠶᠢᠯᠠᠩ ᠤᠨ ᠭᠡᠰᠢᠭᠦᠳ ᠪᠠᠰᠠ 2022 ᠣᠨ ᠤ ᠠᠷᠠᠳᠴᠢᠯᠠᠯ ᠤᠨ ᠠᠮᠢᠳᠤᠷᠠᠯ ᠤᠨ ᠬᠤᠷᠠᠯ ᠤᠨ ᠭᠤᠣᠯ | ᠰᠡᠳᠦᠪ ᠤᠨ ᠲᠣᠭᠤᠷᠢᠨ ᠳᠤ ᠲᠣᠰ ᠪᠡᠶ᠎ᠡ ᠶᠢᠨ ᠠᠵᠢᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠰᠤᠳᠤᠯᠤᠨ | ᠶᠠᠷᠢᠯᠴᠠᠵᠤ ᠰᠠᠨᠠᠯ ᠢᠶᠠᠨ ᠰᠣᠯᠢᠯᠴᠠᠪᠠ᠃ ᠮᠥᠨᠴᠦ ᠰᠤᠳᠤᠯᠤᠨ ᠶᠠᠷᠢᠯᠴᠠᠬᠤ ᠪᠠᠷ ᠳᠠᠮᠵᠢᠨ᠂ ᠨᠠᠮ ᠤᠨ ᠴᠢᠬᠤᠯᠠ ᠶᠡᠭᠡ | ᠣᠨᠣᠯ ᠪᠠ ᠦᠢᠯᠡᠳᠦᠯᠭᠡ ᠶᠢᠨ ᠱᠠᠭᠠᠷᠳᠠᠯᠭ᠎ᠠ ᠶᠢᠨ ᠲᠤᠬᠠᠢ ᠲᠠᠨᠢᠯᠲᠠ ᠪᠠᠨ ᠭᠦᠨᠵᠡᠭᠡᠶᠢᠷᠡᠭᠦᠯᠵᠦ᠂ ᠬᠠᠮᠲᠤ ᠶᠢᠨ | ᠲᠠᠨᠢᠯᠲᠠ ᠪᠠᠨ ᠨᠢᠭᠲᠠᠷᠠᠭᠤᠯᠤᠨ᠂ ᠤᠷᠤᠭᠰᠢᠯᠠᠯᠲᠠ ᠶᠢᠨ ᠴᠢᠭᠯᠡᠯ ᠢᠶᠠᠨ ᠲᠣᠳᠣᠷᠬᠠᠢ ᠪᠣᠯᠭᠠᠵᠤ᠂ ᠠᠷᠠᠳᠴᠢᠯᠠᠭᠰᠠᠨ | ᠠᠮᠢᠳᠤᠷᠠᠯ ᠤᠨ ᠬᠤᠷᠠᠯ ᠢ ᠰᠠᠶᠢᠲᠤᠷ ᠬᠤᠷᠠᠯᠳᠤᠭᠤᠯᠬᠤ ᠦᠵᠡᠯ ᠰᠠᠨᠠᠭᠠᠨ ᠤ ᠰᠠᠭᠤᠷᠢ ᠪᠠᠨ ᠪᠠᠲᠤᠳᠬᠠᠵᠠᠢ᠃ |