ᠡᠵᠡᠨ᠎ᠡ ᠬᠤᠰᠢᠭᠤ ᠭᠠᠯ ᠤᠨᠲᠠᠷᠠᠭᠠᠬᠤ ᠠᠮᠤᠷ ᠲᠦᠪᠰᠢᠨ ᠤ ᠰᠣᠷᠢᠯᠲᠠ‌‍ᠬᠢᠪᠡ
ᠨᠡᠶᠢᠲᠡᠯᠡᠭᠰᠡᠨ ᠴᠠᠭ᠄
2023/2/10
      2 ᠰᠠᠷ᠎ᠠ ᠶᠢᠨ 9᠎ ᠤ ᠡᠳᠦᠷ᠂ ᠡᠵᠡᠨ᠎ᠡ ᠬᠤᠰᠢᠭᠤᠨ ᠤ ᠳᠤᠯᠠᠭᠠᠨ ᠳᠤᠯᠠᠭᠠᠯᠠᠭ᠎ᠠ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠡᠵᠡᠨ᠎ᠡ ᠬᠤᠰᠢᠭᠤᠨ ᠤ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ ᠲᠠᠢ ᠬᠠᠮᠲᠤᠷᠠᠨ ᠭᠠᠯ ᠤᠨᠲᠠᠷᠠᠭᠠᠬᠤ ᠰᠣᠷᠢᠯᠲᠠ ᠶᠢ ᠥᠷᠨᠢᠭᠦᠯᠵᠦ᠂ ᠬᠤᠰᠢᠭᠤᠨ ᠤ ᠬᠤᠲᠠ ᠶᠢᠨ ᠬᠠᠮᠢᠶᠠᠷᠤᠯᠲᠠ ᠶᠢᠨ ᠲᠣᠪᠴᠢᠶ᠎ᠠ᠂ ᠳᠤᠯᠠᠭᠠᠯᠠᠭ᠎ᠠ ᠬᠠᠩᠭᠠᠬᠤ ᠺᠣᠮᠫᠠᠨᠢ ᠶᠢᠨ ᠭᠠᠯ ᠤᠨᠲᠠᠷᠠᠭᠠᠬᠤ ᠠᠮᠤᠷ ᠲᠦᠪᠰᠢᠨ ᠤ ᠬᠠᠷᠢᠭᠤᠴᠠᠯᠭᠠᠲᠠᠨ᠂ ᠠᠮᠤᠷ ᠲᠦᠪᠰᠢᠨ ᠤ ᠠᠵᠢᠯᠲᠠᠨ᠂ ᠡᠯ᠎ᠡ ᠰᠠᠯᠠᠭ᠎ᠠ ᠮᠥᠴᠢᠷ ᠤᠨ ᠠᠵᠢᠯᠲᠠᠨ ᠨᠡᠶᠢᠲᠡ 40 ᠭᠠᠷᠤᠢ ᠬᠥᠮᠥᠨ ᠪᠣᠯᠪᠠᠰᠤᠷᠠᠯ ᠰᠣᠷᠢᠯᠲᠠ ᠳᠤ ᠣᠷᠣᠯᠴᠠᠵᠠᠢ᠃      ᠰᠣᠷᠢᠯᠲᠠ ᠨᠢ ᠳᠤᠯᠠᠭᠠᠯᠠᠭ᠎ᠠ ᠶᠢᠨ ᠦᠢᠯᠡᠳᠪᠦᠷᠢ ᠶᠢᠨ ᠲᠠᠰᠤᠭ ᠲᠤ ᠭᠠᠯ ᠤᠨ ᠠᠶᠤᠯ ᠭᠠᠷᠤᠭᠰᠠᠨ ᠠᠴᠠ ᠬᠥᠮᠥᠰ ᠬᠠᠰᠢᠭᠳᠠᠵᠤ᠂ ᠭᠠᠯ ᠤᠨ ᠪᠠᠶᠢᠳᠠᠯ ᠶᠡᠬᠡᠳᠴᠦ᠂ ᠦᠢᠯᠡᠳᠪᠦᠷᠢ ᠶᠢᠨ ᠡᠯ᠎ᠡ ᠲᠠᠰᠤᠭ ᠤᠨ ᠠᠮᠤᠷ ᠲᠦᠪᠰᠢᠨ ᠳᠤ ᠠᠶᠤᠯ ᠲᠦᠭᠰᠢᠭᠦᠷᠢ ᠤᠴᠠᠷᠠᠭᠤᠯᠬᠤ ᠪᠠᠷ ᠠᠷᠤ ᠦᠵᠡᠭᠳᠡᠯ ᠪᠣᠯᠭᠠᠨ ᠶᠠᠪᠤᠭᠳᠠᠪᠠ᠃ ᠰᠣᠷᠢᠯᠲᠠ ᠳᠤ ᠲᠦᠭᠰᠢᠭᠦᠷᠢᠲᠦ ᠪᠠᠶᠢᠳᠠᠯ ᠢ ᠰᠡᠷᠡᠵᠦ ᠮᠡᠳᠡᠬᠦ᠂  ᠪᠡᠯᠡᠳᠬᠡᠯ ᠲᠥᠰᠥᠯ ᠢ ᠡᠬᠢᠯᠡᠭᠦᠯᠬᠦ᠂ ᠲᠦᠷᠭᠡᠨ ᠲᠠᠷᠬᠠᠭᠠᠬᠤ᠂ ᠭᠠᠯ ᠤᠨ ᠪᠠᠶᠢᠳᠠᠯ ᠢ ᠡᠵᠡᠮᠳᠡᠬᠦ ᠵᠡᠷᠭᠡ ᠭᠤᠭᠴᠤᠭ᠎ᠠ ᠶᠢ  ᠪᠡᠶᠡᠯᠡᠭᠦᠯᠪᠡ᠃ ᠰᠣᠷᠢᠯᠲᠠ ᠶᠢᠨ ᠶᠠᠪᠤᠴᠠ ᠨᠢ ᠡᠮᠬᠢ ᠴᠡᠭᠴᠡ ᠲᠠᠢ᠂ ᠠᠵᠢᠯ ᠤᠨ ᠬᠤᠪᠢᠶᠠᠷᠢᠯᠠᠯ ᠨᠢ ᠲᠣᠳᠣᠷᠬᠠᠢ᠂ ᠵᠣᠬᠢᠶᠠᠨ ᠪᠠᠶᠢᠭᠤᠯᠤᠯᠲᠠ ᠨᠢ ᠡᠮᠬᠢ ᠵᠢᠷᠤᠮ ᠲᠠᠢ ᠪᠠᠶᠢᠵᠤ᠂ ᠰᠣᠷᠢᠯᠲᠠ ᠶᠢᠨ ᠠᠭᠤᠯᠭ᠎ᠠ ᠶᠢ ᠤᠷᠤᠭᠰᠢᠲᠠᠢ ᠪᠡᠶᠡᠯᠡᠭᠦᠯᠵᠦ᠂ ᠵᠢᠱᠢᠭᠰᠡᠨ ᠦᠷ᠎ᠡ ᠪᠦᠲᠦᠮᠵᠢ ᠳᠤ ᠭᠦᠷᠦᠭᠰᠡᠨ ᠪᠠᠶᠢᠨ᠎ᠠ᠃ ᠲᠣᠰ ᠤᠳᠠᠭᠠᠨ ᠤ ᠰᠣᠷᠢᠯᠲᠠ ᠳᠤ ᠭᠡᠨᠡᠳᠲᠡ ᠶᠢᠨ ᠬᠡᠷᠡᠭ ᠤᠨ ᠲᠦᠭᠰᠢᠭᠦᠷᠢ ᠶᠢ ᠠᠷᠭᠠᠴᠠᠬᠤ ᠤᠬᠠᠮᠰᠠᠷ ᠢ ᠳᠡᠭᠡᠭᠰᠢᠯᠡᠭᠦᠯᠦᠭᠰᠡᠨ ᠮᠥᠷᠲᠡᠭᠡᠨ ᠣᠷᠣᠯᠴᠠᠭᠰᠠᠳ ᠲᠤ ᠪᠠᠴᠢᠮ ᠪᠠᠶᠢᠳᠠᠯ ᠢ ᠠᠷᠭᠠᠴᠠᠭᠠᠬᠤ ᠮᠡᠳᠡᠯᠭᠡ ᠪᠠ ᠰᠢᠢᠳᠪᠦᠷᠢᠯᠡᠬᠦ ᠴᠢᠳᠠᠪᠤᠷᠢ ᠶᠢ ᠡᠵᠡᠮᠰᠢᠭᠦᠯᠦᠭᠰᠡᠨ ᠪᠠᠶᠢᠨ᠎ᠠ᠃ ᠲᠤᠬᠠᠢ ᠶᠢᠨ ᠲᠠᠯᠠᠪᠤᠷ ᠲᠤ ᠬᠢᠴᠢᠶᠡᠯ ᠣᠷᠣᠬᠤ ᠪᠠ ᠪᠣᠳᠠᠲᠠᠢ ᠰᠣᠷᠢᠯᠲᠠ ᠬᠢᠬᠦ ᠶᠢ ᠤᠶᠠᠯᠳᠤᠭᠤᠯᠬᠤ ᠠᠷᠭ᠎ᠠ ᠮᠠᠶ᠋ᠢᠭ ᠢᠶᠠᠷ ᠳᠠᠮᠵᠢᠭᠤᠯᠤᠨ᠂ ᠭᠠᠯ ᠤᠨᠲᠠᠷᠠᠭᠠᠭᠴᠢ ᠠᠴᠠ ᠭᠠᠯ ᠤᠨᠲᠠᠷᠠᠭᠠᠭᠤᠷ ᠢ ᠵᠥᠪ ᠣᠨᠣᠪᠴᠢᠲᠠᠶ ᠬᠡᠷᠡᠭᠯᠡᠬᠦ ᠠᠷᠭ᠎ᠠ ᠵᠢᠴᠢ ᠠᠵᠢᠯᠯᠠᠬᠤ ᠠᠷᠭ᠎ᠠ ᠪᠠᠷᠢᠯ ᠢ ᠣᠯᠠᠨ ᠳᠤ ᠲᠠᠶᠢᠯᠪᠤᠷᠢᠯᠠᠵᠤ ᠥᠭᠭᠦᠭᠰᠡᠨ ᠪᠠᠶᠢᠨ᠎ᠠ᠃
 
ᠢᠷᠡᠯᠲᠡ᠄ ᠡᠵᠡᠨ᠎ᠡ ᠬᠤᠰᠢᠭᠤᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号