2 ᠳ᠋ᠤᠭᠠᠷ ᠰᠠᠷ᠎ᠠ ᠶᠢᠨ 8 ᠤ ᠡᠳᠦᠷ᠂ ᠡᠵᠡᠨ᠎ᠡ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠨᠠᠮ ᠤᠨ | ᠤᠳᠤᠷᠢᠳᠬᠤ ᠳᠤᠭᠤᠶᠢᠯᠠᠩ 2022 ᠣᠨ ᠤ ᠠᠷᠠᠳᠴᠢᠯᠠᠯ ᠤᠨ ᠠᠮᠢᠳᠤᠷᠠᠯ ᠤᠨ ᠬᠤᠷᠠᠯ ᠬᠤᠷᠠᠯᠳᠤᠭᠤᠯᠵᠤ᠂ | ᠬᠤᠷᠠᠯ ᠨᠢ ᠭᠤᠣᠯ ᠰᠡᠳᠦᠪ ᠲᠠᠢ ᠨᠢᠭᠲᠠ ᠤᠶᠠᠯᠳᠤᠨ᠂ ᠠᠰᠠᠭᠤᠳᠠᠯ ᠳᠤ ᠰᠢᠭᠤᠳ ᠬᠠᠨᠳᠤᠵᠤ᠂ ᠠᠵᠢᠯ ᠤᠨ | ᠪᠣᠳᠠᠲᠠᠢ ᠲᠠᠢ ᠪᠠᠨ ᠤᠶᠠᠯᠳᠤᠭᠤᠯᠤᠨ᠂ ᠪᠥᠬᠦ ᠲᠠᠯ᠎ᠠ ᠪᠠᠷ ᠬᠠᠷᠢᠴᠠᠭᠤᠯᠤᠨ ᠪᠠᠶᠢᠴᠠᠭᠠᠵᠤ᠂ ᠰᠢᠭᠦᠮᠵᠢᠯᠡᠯ ᠪᠠ | ᠥᠪᠡᠷ ᠤᠨ ᠰᠢᠭᠦᠮᠵᠢᠯᠡᠯ ᠢ ᠨᠠᠷᠢᠨ ᠬᠢᠨᠠᠮᠠᠭᠠᠢ ᠥᠷᠨᠢᠭᠦᠯᠪᠡ᠃ᠬᠤᠰᠢᠭᠤᠨ ᠨᠠᠮ ᠤᠨ ᠬᠤᠷᠢᠶᠠᠨ ᠤ ᠳᠡᠳ᠋ ᠱᠦᠵᠢ᠂ | ᠬᠤᠰᠢᠭᠤ ᠳᠠᠷᠤᠭ᠎ᠠ᠂ ᠬᠤᠰᠢᠭᠤᠨ ᠤ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ | ᠪᠦᠬᠡ ᠬᠤᠷᠠᠯ ᠡᠷᠭᠢᠯᠡᠭᠰᠡᠨ ᠪᠥᠭᠡᠳ ᠳ᠋ᠦᠩᠨᠡᠯᠲᠡ ᠶᠢᠨ ᠶᠠᠷᠢᠶ᠎ᠠ ᠲᠠᠯᠪᠢᠵᠠᠢ᠃ ᠬᠤᠰᠢᠭᠤᠨ ᠤ ᠨᠠᠮ ᠤᠨ ᠬᠤᠷᠢᠶᠠᠨ ᠤ | ᠬᠤᠶᠠᠳᠤᠭᠠᠷ ᠱᠠᠯᠠᠪᠳᠠᠭᠤᠯᠤᠨ ᠵᠢᠯᠤᠭᠤᠳᠬᠤ ᠳᠤᠭᠤᠶᠢᠯᠠᠩ ᠤᠨ ᠳᠠᠷᠤᠭ᠎ᠠ᠂ ᠬᠤᠰᠢᠭᠤᠨ ᠤ ᠨᠠᠮ ᠤᠨ ᠬᠤᠷᠢᠶᠠᠨ ᠤ | ᠪᠠᠶᠢᠩᠭᠤ ᠶᠢᠨ ᠭᠡᠰᠢᠭᠦᠨ᠂ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠱᠦᠵᠢ᠂ ᠬᠢᠨᠠᠨ ᠪᠠᠶᠢᠴᠠᠭᠠᠬᠤ ᠵᠥᠪᠯᠡᠯ ᠤᠨ | ᠡᠷᠬᠢᠯᠡᠭᠴᠢ ᠵᠠᠩ ᠱᠦ ᠰᠢᠶᠠ ᠵᠢᠴᠢ ᠱᠠᠯᠠᠪᠳᠠᠭᠤᠯᠤᠨ ᠵᠢᠯᠤᠭᠤᠳᠬᠤ ᠳᠤᠭᠤᠶᠢᠯᠠᠩ ᠤᠨ ᠬᠠᠮᠢᠶ᠎ᠠ ᠪᠦᠬᠦᠢ ᠨᠥᠬᠦᠳ | ᠬᠤᠷᠠᠯ ᠳᠤ ᠣᠷᠣᠯᠴᠠᠵᠤ ᠵᠢᠭᠠᠨ ᠵᠢᠯᠣᠭᠤᠳᠪᠠ᠃ | ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠲᠣᠰ | ᠤᠳᠠᠭᠠᠨ ᠤ ᠠᠷᠠᠳᠴᠢᠯᠠᠯ ᠤᠨ ᠠᠮᠢᠳᠤᠷᠠᠯ ᠤᠨ ᠬᠤᠷᠠᠯ ᠢ ᠰᠠᠶᠢᠲᠤᠷ ᠬᠤᠷᠠᠯᠳᠤᠭᠤᠯᠬᠤ ᠶᠢ ᠳᠡᠭᠡᠳᠦ ᠬᠡᠮᠵᠢᠶ᠎ᠡ ᠪᠠᠷ | ᠴᠢᠬᠤᠯᠠᠴᠢᠯᠠᠵᠤ᠂ ᠬᠤᠷᠠᠯ ᠠᠴᠠ ᠡᠮᠦᠨ᠎ᠡ ᠨᠠᠷᠢᠨ ᠨᠢᠮᠪᠠᠢ ᠵᠣᠬᠢᠶᠠᠨ ᠪᠠᠶᠢᠭᠤᠯᠵᠤ᠂ ᠰᠤᠷᠤᠯᠴᠠᠵᠤ ᠰᠤᠳᠤᠯᠤᠨ | ᠶᠠᠷᠢᠯᠴᠠᠬᠤ ᠶᠢ ᠭᠦᠨᠵᠡᠭᠡᠢ ᠥᠷᠨᠢᠭᠦᠯᠵᠦ᠂ ᠣᠯᠠᠨ ᠠᠷᠭ᠎ᠠ ᠵᠠᠮ ᠢᠶᠠᠷ ᠰᠠᠨᠠᠯ ᠰᠠᠨᠠᠭᠤᠯᠭ᠎ᠠ ᠬᠤᠷᠢᠶᠠᠵᠤ᠂ ᠰᠡᠳᠬᠢᠯ ᠤᠨ | ᠦᠭᠡ ᠪᠠᠨ ᠬᠡᠯᠡᠯᠴᠡᠨ ᠶᠠᠷᠢᠯᠴᠠᠬᠤ ᠶᠢ ᠥᠷᠭᠡᠨ ᠢᠶᠠᠷ ᠥᠷᠨᠢᠭᠦᠯᠵᠦ᠂ ᠣᠷᠣᠰᠢᠵᠤ ᠪᠠᠶᠢᠭ᠎ᠠ ᠠᠰᠠᠭᠤᠳᠠᠯ ᠢ | ᠭᠦᠨᠵᠡᠭᠡᠢ ᠪᠠᠶᠢᠴᠠᠭᠠᠨ ᠳᠡᠯᠭᠡᠵᠦ᠂ ᠬᠠᠷᠢᠴᠠᠭᠤᠯᠤᠭᠰᠠᠨ ᠪᠠᠶᠢᠴᠠᠭᠠᠯᠲᠠ ᠶᠢᠨ ᠮᠠᠲ᠋ᠧᠷᠢᠶᠠᠯ ᠢ ᠨᠠᠷᠢᠨ ᠬᠢᠨᠠᠮᠠᠭᠠᠢ | ᠲᠤᠭᠤᠷᠪᠢᠵᠤ᠂ ᠠᠷᠠᠳᠴᠢᠯᠠᠯ ᠤᠨ ᠠᠮᠢᠳᠤᠷᠠᠯ ᠤᠨ ᠬᠤᠷᠠᠯ ᠢ ᠬᠤᠷᠠᠯᠳᠤᠭᠤᠯᠬᠤ ᠬᠠᠮᠢᠶ᠎ᠠ ᠪᠦᠬᠦᠢ ᠪᠡᠯᠡᠳᠬᠡᠯ ᠠᠵᠢᠯ ᠢ | ᠯᠠᠪᠳᠠᠭᠤᠨ ᠪᠠᠲᠤᠲᠠᠢ ᠰᠠᠶᠢᠲᠤᠷ ᠬᠢᠭᠰᠡᠨ ᠪᠠᠶᠢᠨ᠎ᠠ᠃ | ᠬᠤᠷᠠᠯ ᠠᠴᠠ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ | ᠳᠤᠭᠤᠶᠢᠯᠠᠩ ᠤᠨ ᠤᠳᠤᠷᠢᠳᠬᠤ ᠪᠠᠭ ᠤᠨ 2021 ᠣᠨ ᠤ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ | ᠲᠤᠰᠬᠠᠢ ᠰᠡᠳᠦᠪᠲᠦ ᠠᠷᠠᠳᠴᠢᠯᠠᠭᠰᠠᠨ ᠠᠮᠢᠳᠤᠷᠠᠯ ᠤᠨ ᠬᠤᠷᠠᠯ ᠤᠨ ᠴᠡᠭᠴᠡᠯᠡᠨ ᠥᠭᠡᠷᠡᠴᠢᠯᠡᠵᠦ | ᠨᠠᠶᠢᠳᠠᠪᠤᠷᠢᠵᠢᠭᠤᠯᠤᠭᠰᠠᠨ ᠪᠠᠶᠢᠳᠠᠯ ᠪᠠ ᠲᠣᠰ ᠤᠳᠠᠭᠠᠨ ᠤ ᠠᠷᠠᠳᠴᠢᠯᠠᠭᠰᠠᠨ ᠠᠮᠢᠳᠤᠷᠠᠯ ᠤᠨ ᠬᠤᠷᠠᠯ ᠤᠨ ᠰᠠᠨᠠᠯ | ᠬᠤᠷᠢᠶᠠᠭᠰᠠᠨ ᠪᠠᠶᠢᠳᠠᠯ ᠢ ᠮᠡᠳᠡᠭᠳᠡᠪᠡ᠃ ᠪᠦᠬᠡ ᠡᠵᠡᠨ᠎ᠡ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ | ᠨᠠᠮ ᠤᠨ ᠤᠳᠤᠷᠢᠳᠬᠤ ᠳᠤᠭᠤᠶᠢᠯᠠᠩ ᠢ ᠲᠥᠯᠥᠭᠡᠯᠡᠨ ᠬᠠᠷᠭᠠᠭᠤᠯᠤᠭᠰᠠᠨ ᠪᠠᠶᠢᠴᠠᠭᠠᠯᠲᠠ ᠬᠢᠵᠦ᠂ ᠨᠠᠮ ᠤᠨ | ᠤᠳᠤᠷᠢᠳᠬᠤ ᠳᠤᠭᠤᠶᠢᠯᠠᠩ ᠤᠨ ᠪᠦᠷᠢᠯᠳᠦᠭᠦᠨ ᠴᠤ ᠨᠢᠭᠡᠳ ᠨᠢᠭᠡ ᠪᠠᠷ ᠬᠤᠪᠢ ᠬᠥᠮᠥᠨ ᠤ ᠬᠠᠷᠭᠤᠭᠤᠯᠤᠭᠰᠠᠨ | ᠪᠠᠶᠢᠴᠠᠭᠠᠯᠲᠠ ᠬᠢᠵᠦ᠂ ᠪᠤᠰᠤᠳ ᠨᠥᠬᠦᠳ ᠨᠢ ᠰᠢᠭᠦᠮᠵᠢᠯᠡᠭᠰᠡᠨ ᠰᠠᠨᠠᠯ ᠢᠶᠠᠨ ᠲᠡᠰ ᠳᠠᠷᠠᠭᠠᠯᠠᠨ ᠳᠤᠷᠠᠳᠤᠨ | ᠭᠠᠷᠭᠠᠪᠠ᠃ | ᠪᠦᠬᠡ ᠳ᠋ᠦᠩᠨᠡᠯᠲᠡ ᠶᠢᠨ ᠶᠠᠷᠢᠶᠠᠨ ᠳᠠᠭᠠᠨ᠂ ᠡᠨᠡ ᠤᠳᠠᠭ᠎ᠠ ᠶᠢᠨ ᠠᠷᠠᠳᠴᠢᠯᠠᠯ ᠤᠨ ᠠᠮᠢᠳᠤᠷᠠᠯ ᠤᠨ ᠬᠤᠷᠠᠯ ᠳᠤ | ᠪᠤᠰᠤᠳ ᠤᠨ ᠬᠦᠷᠦᠯᠴᠡᠬᠦ ᠦᠭᠡᠢ ᠲᠠᠯ᠎ᠠ ᠶᠢ ᠵᠢᠭᠠᠵᠤ ᠭᠠᠷᠭᠠᠬᠤ ᠶᠢᠨ ᠬᠠᠮᠲᠤ ᠥᠪᠡᠷ ᠤᠨ ᠠᠰᠠᠭᠤᠳᠠᠯ ᠠᠴᠠ ᠪᠠᠨ | ᠵᠠᠶᠢᠯᠠᠬᠤ ᠦᠭᠡᠢ ᠪᠠᠶᠢᠬᠤ ᠶᠢ ᠪᠡᠶᠡᠯᠡᠭᠦᠯᠵᠦ᠂ ᠨᠢᠭᠤᠷ ᠤᠯᠠᠶᠢᠵᠤ ᠬᠥᠯᠥᠰᠦ ᠭᠠᠷᠬᠤ ᠪᠠᠴᠢᠮ ᠲᠤᠯᠭᠠᠮ᠎ᠠ ᠲᠥᠪ | ᠴᠢᠩᠭ᠎ᠠ ᠪᠠᠶᠢᠳᠠᠯ ᠪᠠᠶᠢᠬᠤ ᠪᠠᠷ ᠪᠠᠷᠠᠬᠤ ᠦᠭᠡᠢ ᠪᠠᠰᠠ ᠡᠷᠴᠢ ᠵᠣᠷᠢᠭ ᠢᠶᠠᠨ ᠬᠥᠪᠴᠢᠯᠡᠬᠦ ᠠᠭᠤᠵᠢᠭᠤ ᠲᠠᠯᠪᠢᠭᠤ ᠡᠶ᠎ᠡ | ᠵᠣᠬᠢᠴᠠᠩᠭᠤᠢ ᠪᠠᠶᠢᠳᠠᠯ ᠲᠠᠢ ᠪᠠᠶᠢᠵᠤ᠂ᠬᠠᠷᠢᠯᠴᠠᠨ ᠬᠥᠮᠥᠵᠢᠭᠦᠯᠬᠦ᠂ ᠬᠠᠷᠢᠯᠴᠠᠨ ᠰᠡᠷᠡᠮᠵᠢᠯᠡᠭᠦᠯᠬᠦ᠂ ᠬᠠᠮᠲᠤᠪᠠᠷ | ᠲᠠᠪᠰᠢᠬᠤ ᠪᠠ ᠳᠡᠭᠡᠭᠰᠢᠯᠡᠬᠦ ᠦᠷ᠎ᠡ ᠳ᠋ᠦᠩ ᠳᠤ ᠬᠦᠷᠴᠦ ᠴᠢᠳᠠᠪᠠ᠃ ᠲᠠᠷᠠᠭᠠᠴᠢ ᠶᠢᠨ ᠠᠯᠬᠤᠮ ᠳᠤ᠂ ᠪᠢᠳᠡ | ᠬᠤᠰᠢᠭᠤᠨ ᠤ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠲᠣᠰ ᠪᠡᠶ᠎ᠡ ᠶᠢᠨ | ᠪᠠᠶᠢᠭᠤᠯᠤᠯᠲᠠ ᠶᠢ ᠦᠨᠡᠨ ᠬᠦ ᠴᠢᠩᠭᠠᠳᠬᠠᠵᠤ᠂ ᠲᠤᠭ ᠲᠡᠮᠳᠡᠭ ᠲᠣᠳᠣᠷᠬᠠᠢ ᠪᠠᠷ ᠤᠯᠤᠰ ᠲᠥᠷᠥ ᠶᠢ ᠡᠷᠬᠢᠮᠯᠡᠵᠦ᠂ | ︽ᠬᠤᠶᠠᠷ ᠢ ᠲᠣᠭᠲᠠᠭᠠᠬᠤ︾ ᠶᠢ ᠲᠦᠷᠦᠭᠦᠯᠡᠨ ᠬᠦᠷᠢᠶᠡᠯᠡᠵᠦ᠂ ︽ᠳᠥᠷᠪᠡᠨ ᠤᠬᠠᠮᠰᠠᠷ︾ ᠢ ᠪᠠᠲᠤ ᠪᠠᠬᠢ ᠪᠣᠶ | ᠪᠣᠯᠭᠠᠵᠤ᠂ ︽ᠳᠥᠷᠪᠡᠨ ᠢᠲᠡᠭᠡᠯ︾ ᠢ ᠪᠠᠲᠤᠳᠬᠠᠨ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠦᠨ᠎ᠡ᠃ | ᠰᠤᠷᠲᠠᠯ ᠢᠶᠠᠨ ᠬᠤᠪᠢᠷᠠᠭᠤᠯᠬᠤ ᠪᠠᠷ ᠰᠢᠨᠲᠠᠷᠠᠰᠢ ᠦᠭᠡᠢ ᠴᠢᠷᠮᠠᠶᠢᠵᠤ᠂ ᠦᠵᠡᠯ ᠰᠠᠨᠠᠭ᠎ᠠ᠂ ᠴᠢᠳᠠᠪᠤᠷᠢ᠂ ᠰᠤᠷᠲᠠᠯ ᠤᠨ | ᠲᠠᠯ᠎ᠠ ᠪᠠᠷ ᠴᠥᠮ ᠬᠠᠲᠠᠭᠤ ᠴᠢᠩᠭ᠎ᠠ ᠪᠠᠶᠢᠬᠤ ᠬᠡᠷᠡᠭᠲᠡᠢ᠃ ᠪᠣᠳᠠᠲᠠᠢ ᠠᠵᠢᠯᠯᠠᠨ ᠬᠥᠭᠵᠢᠯᠲᠡ ᠶᠢ ᠠᠬᠢᠭᠤᠯᠵᠤ᠂ | ᠰᠢ ᠶᠢᠨ ᠫᠢᠩ ᠶᠡᠷᠦᠩᠬᠡᠢ ᠱᠦᠵᠢ ᠶᠢᠨ ᠥᠪᠥᠷ ᠮᠣᠩᠭᠤᠯ ᠳᠤ ᠲᠤᠰᠢᠶᠠᠭᠰᠠᠨ ︽ᠲᠠᠪᠤᠨ ᠶᠡᠭᠡ ᠡᠭᠦᠷᠭᠡ︾ ᠲᠠᠢ | ᠬᠠᠷᠢᠴᠠᠭᠤᠯᠤᠨ᠂ ᠭᠤᠣᠯᠳᠠᠯᠭ᠎ᠠ ᠲᠠᠢ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠪᠥᠬᠦ ᠬᠦᠴᠦᠨ ᠢᠶᠠᠷ ᠢᠶᠠᠨ | ᠰᠠᠶᠢᠲᠤᠷ ᠠᠳᠬᠤᠵᠤ᠂ ᠪᠥᠬᠦ ᠬᠤᠰᠢᠭᠤᠨ ᠤ ᠠᠵᠤ ᠠᠬᠤᠢ ᠨᠡᠶᠢᠭᠡᠮ ᠤᠨ ᠲᠣᠭᠲᠠᠭᠤᠨ ᠡᠷᠡᠭᠦᠯ ᠢᠶᠠᠷ ᠬᠥᠭᠵᠢᠬᠦ ᠶᠢ | ᠠᠬᠢᠭᠤᠯᠬᠤ ᠬᠡᠷᠡᠭᠲᠡᠢ᠃ ᠴᠡᠭᠴᠡᠯᠡᠨ ᠰᠠᠶᠢᠵᠢᠷᠠᠭᠤᠯᠬᠤ ᠶᠢ ᠴᠢᠩᠭ᠎ᠠ ᠠᠳᠬᠤᠵᠤ᠂ ᠥᠭᠡᠷᠡᠴᠢᠯᠡᠯᠲᠡ ᠶᠢᠨ ᠦᠷ᠎ᠡ | ᠪᠦᠲᠦᠮᠵᠢ ᠣᠯᠬᠤ᠂ ᠳᠦᠷᠢ ᠲᠥᠷᠬᠦ ᠶᠢ ᠰᠠᠶᠢᠵᠢᠷᠠᠭᠤᠯᠬᠤ ᠶᠢ ᠪᠠᠲᠤᠯᠠᠵᠤ᠂ ᠵᠣᠬᠢᠶᠠᠨ ᠪᠠᠶᠢᠭᠤᠯᠤᠯᠲᠠ ᠶᠢ ᠰᠠᠨᠠᠭ᠎ᠠ | ᠠᠮᠤᠷ ᠪᠠᠶᠢᠯᠭᠠᠵᠤ᠂ ᠤᠯᠠᠨ ᠲᠦᠮᠡᠨ ᠢ ᠰᠡᠳᠬᠢᠯ ᠬᠠᠨᠤᠮᠵᠢᠲᠠᠢ ᠪᠣᠯᠭᠠᠬᠤ ᠬᠡᠷᠡᠭᠲᠡᠢ ᠭᠡᠪᠡ᠃ | | | |