2 ᠳ᠋ᠤᠭᠠᠷ ᠰᠠᠷ᠎ᠠ ᠶᠢᠨ 13 ᠤ ᠡᠳᠦᠷ᠂ ᠡᠵᠡᠨ᠎ᠡ ᠬᠤᠰᠢᠭᠤᠨ ᠤ ᠮᠡᠳᠡᠭᠦᠯᠦᠭᠰᠡᠨ 6MW ᠬᠡᠯᠪᠡᠷᠢ ᠶᠢᠨ | ᠬᠡᠷᠡᠯ ᠴᠡᠨᠡᠭ ᠤᠨ ᠴᠠᠬᠢᠯᠭᠠᠨ ᠥᠷᠲᠡᠭᠡᠨ ᠤ ᠲᠥᠷᠥᠯ ᠵᠦᠢᠯ ᠵᠥᠪᠰᠢᠶᠡᠷᠡᠭᠳᠡᠪᠡ᠃ | ᠲᠣᠰ ᠲᠥᠷᠥᠯ ᠵᠦᠢᠯ ᠪᠣᠯ ᠡᠵᠡᠨ᠎ᠡ ᠬᠤᠰᠢᠭᠤᠨ ᠤ ᠰᠢᠨ ᠬᠠᠩ ᠡᠨᠧᠷᠭᠢ ᠶᠢᠨ ᠬᠢᠵᠠᠭᠠᠷᠲᠤ ᠺᠣᠮᠫᠠᠨᠢ ᠶᠢᠨ | 6MW ᠬᠡᠯᠪᠡᠷᠢ ᠶᠢᠨ ᠬᠡᠷᠡᠯ ᠴᠡᠨᠡᠭ ᠤᠨ ᠴᠠᠬᠢᠯᠭᠠᠨ ᠥᠷᠲᠡᠭᠡᠨ ᠤ ᠲᠥᠷᠥᠯ ᠵᠦᠢᠯ ᠪᠣᠯᠣᠨ᠎ᠠ᠂ ᠰᠤᠪᠨᠠᠭᠤᠷ | ᠰᠤᠮᠤ ᠶᠢᠨ ᠴᠡᠭᠡ ᠭᠠᠴᠠᠭ᠎ᠠ ᠳᠤ ᠪᠠᠶᠢᠷᠢᠯᠡᠵᠦ᠂ ᠮᠠᠰᠢᠨ ᠴᠣᠭᠴᠠᠯᠠᠪᠤᠷᠢ ᠶᠢᠨ ᠪᠠᠭᠲᠠᠭᠠᠮᠵᠢ ᠨᠢ 0.6 ᠲᠦᠮᠡᠨ | ᠺᠢᠯᠣᠸᠠᠲ ᠲᠤ ᠬᠦᠷᠴᠦ᠂ ᠶᠡᠷᠦᠩᠬᠡᠢ ᠪᠡᠯᠡ ᠣᠷᠣᠭᠤᠯᠤᠯᠲᠠ ᠨᠢ 2400 ᠲᠦᠮᠡᠨ ᠲᠥᠭᠦᠷᠢᠭ ᠪᠣᠯᠣᠨ᠎ᠠ᠃ | 2023 ᠣᠨ ᠤ ᠵᠢᠯ ᠤᠨ ᠡᠴᠦᠰ ᠲᠤ ᠪᠠᠶᠢᠭᠤᠯᠵᠤ ᠳᠠᠭᠤᠰᠬᠠᠭᠠᠳ ᠠᠰᠢᠭᠯᠠᠯᠲᠠ ᠳᠤ ᠣᠷᠣᠭᠤᠯᠬᠤ ᠪᠠᠷ | ᠲᠥᠯᠥᠪᠯᠡᠵᠦ᠂ ᠵᠢᠱᠢᠯᠲᠡ ᠪᠠᠷ ᠵᠢᠯ ᠤᠨ ᠴᠠᠬᠢᠯᠭᠠᠨ ᠭᠠᠷᠭᠠᠬᠤ ᠬᠡᠮᠵᠢᠶ᠎ᠡ 1000 ᠲᠦᠮᠡᠨ ᠺᠢᠯᠣᠸᠠᠲ ᠲᠤ ᠬᠦᠷᠬᠦ | ᠪᠣᠯᠣᠨ᠎ᠠ᠃ | ᠲᠠᠷᠠᠭᠠᠴᠢ ᠶᠢᠨ ᠠᠯᠬᠤᠮ ᠳᠤ᠂ ᠮᠥᠷᠳᠡᠨ ᠦᠢᠯᠡᠴᠢᠯᠡᠬᠦ ᠡᠷᠴᠢᠮ ᠢᠶᠠᠨ ᠴᠢᠩᠭᠠᠷᠠᠭᠤᠯᠵᠤ᠂ ᠲᠥᠷᠥᠯ ᠵᠦᠢᠯ ᠢ | ᠲᠣᠭᠲᠠᠭᠰᠠᠨ ᠬᠤᠭᠤᠴᠠᠭᠠᠨ ᠳᠤ ᠳᠠᠩᠰᠠᠯᠠᠭᠤᠯᠬᠤ ᠶᠢᠨ ᠬᠠᠮᠲᠤ ᠠᠵᠢᠯ ᠡᠬᠢᠯᠡᠭᠦᠯᠦᠨ ᠪᠦᠲᠦᠭᠡᠨ ᠪᠠᠶᠢᠭᠤᠯᠬᠤ ᠶᠢ | ᠠᠬᠢᠭᠤᠯᠤᠨ᠎ᠠ᠃ |