ᠬᠠᠪᠤᠷ ᠠᠴᠠ ᠨᠠᠰᠢ᠂ ᠡᠵᠡᠨ᠎ᠡ ᠬᠤᠰᠢᠭᠤᠨ ᠤ ᠢᠳᠡᠭᠡᠨ ᠤᠮᠳᠠᠭᠠᠨ ᠤ ᠦᠢᠯᠡᠰ ᠨᠢ ᠲᠦᠷᠭᠡᠨ ᠢᠶᠠᠷ | ᠰᠡᠷᠭᠦᠵᠦ᠂ ᠰᠦᠯᠵᠢᠶᠡᠨ ᠠᠴᠠ ᠭᠠᠳᠠᠨᠠᠬᠢ ᠬᠡᠷᠡᠭᠯᠡᠭᠡ ᠨᠡᠯᠢᠶᠡᠳ ᠥᠨᠳᠥᠷ ᠨᠡᠮᠡᠭᠳᠡᠯ ᠲᠠᠢ ᠪᠠᠶᠢᠵᠤ᠂ ᠢᠳᠡᠭᠡᠨ | ᠤᠮᠳᠠᠭᠠᠨ ᠤ ᠬᠡᠷᠡᠭᠯᠡᠭᠡᠨ ᠤ ᠵᠠᠬ᠎ᠠ ᠳᠡᠯᠭᠡᠭᠦᠷ ᠲᠦᠷᠭᠡᠨ ᠰᠠᠶᠢᠵᠢᠷᠠᠪᠠ᠃ ᠣᠲᠣ ᠪᠣᠯᠲᠠᠯ᠎ᠠ᠂ ᠪᠥᠬᠦ ᠬᠤᠰᠢᠭᠤᠨ ᠤ | ᠢᠳᠡᠭᠡᠨ ᠤᠮᠳᠠᠭᠠᠨ ᠤ ᠨᠢᠭᠡᠴᠡ ᠶᠢᠨ ᠡᠵᠡᠩᠨᠡᠯᠲᠡ ᠨᠢ ᠨᠢᠭᠡᠨᠲᠡ 266 ᠰᠡᠷᠭᠦᠵᠦ᠂ ᠠᠵᠢᠯ ᠢᠶᠠᠨ ᠰᠡᠷᠭᠦᠭᠡᠭᠰᠡᠨ | ᠨᠣᠷᠮ᠎ᠠ ᠨᠢ 70% ᠳᠤ ᠬᠥᠷᠪᠡ︔ᠰᠢᠨ᠎ᠡ ᠪᠠᠷ ᠡᠷᠭᠢᠯᠡᠭᠰᠡᠨ ᠢᠳᠡᠭᠡᠨ ᠤᠮᠳᠠᠭᠠᠨ ᠤ ᠨᠢᠭᠡᠴᠡ 2022 ᠣᠨ ᠤ | ᠠᠳᠠᠯᠢ ᠬᠤᠭᠤᠴᠠᠭᠠᠨ ᠤ ᠬᠢ ᠠᠴᠠ 30% ᠪᠠᠷ ᠥᠨᠳᠥᠷ ᠪᠣᠯᠵᠠᠢ᠃ | ᠲᠠᠷᠠᠭᠠᠴᠢ ᠶᠢᠨ ᠠᠯᠬᠤᠮ ᠳᠤ᠂ ᠡᠵᠡᠨ᠎ᠡ ᠬᠤᠰᠢᠭᠤᠨ ᠤ ᠬᠢᠨ ᠭᠡᠷ ᠲᠤᠨᠢ ᠬᠦᠷᠴᠦ ᠵᠢᠭᠠᠨ ᠵᠢᠯᠤᠭᠤᠳᠬᠤ᠂ | ᠲᠥᠷᠥ ᠶᠢᠨ ᠪᠣᠳᠣᠯᠭ᠎ᠠ ᠶᠢᠨ ᠤᠬᠠᠭᠤᠯᠭ᠎ᠠ᠂ ᠪᠠᠶᠢᠩᠭᠤ ᠪᠠᠶᠢᠴᠠᠭᠠᠬᠤ ᠵᠡᠷᠭᠡ ᠦᠢᠯᠡᠴᠢᠯᠡᠭᠡᠨ ᠤ ᠡᠷᠴᠢᠮ ᠢᠶᠠᠨ | ᠴᠢᠩᠭᠠᠷᠠᠭᠤᠯᠵᠤ᠂ ᠡᠵᠡᠩᠨᠡᠭᠴᠢᠳ ᠤᠨ ᠵᠠᠰᠠᠭ ᠵᠠᠬᠢᠷᠭᠠᠨ ᠤ ᠵᠥᠪᠰᠢᠶᠡᠷᠡᠯ ᠪᠠ ᠡᠵᠡᠩᠨᠡᠯᠲᠡ ᠶᠢᠨ ᠶᠠᠪᠤᠴᠠ ᠳᠠᠬᠢ | ᠬᠦᠴᠢᠷ ᠠᠰᠠᠭᠤᠳᠠᠯ᠂ ᠰᠡᠵᠢᠭ ᠲᠠᠢ ᠵᠦᠢᠯ ᠢ ᠢᠳᠡᠪᠬᠢᠲᠡᠢ ᠰᠢᠢᠳᠪᠦᠷᠢᠯᠡᠵᠦ᠂ ᠢᠳᠡᠭᠡᠨ ᠤᠮᠳᠠᠭᠠᠨ ᠤ ᠠᠵᠢᠯ | ᠲᠥᠷᠥᠯ ᠤᠨ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠪᠥᠬᠦ ᠬᠦᠴᠦᠨ ᠢᠶᠠᠷ ᠰᠢᠯᠢᠳᠡᠭᠵᠢᠭᠦᠯᠦᠨ᠂ ᠢᠳᠡᠭᠡᠨ | ᠤᠮᠳᠠᠭᠠᠨ ᠤ ᠠᠵᠢᠯ ᠲᠥᠷᠥᠯ ᠤᠨ ᠬᠡᠷᠡᠭᠯᠡᠭᠡ ᠪᠠᠨ ᠥᠷᠭᠡᠳᠬᠡᠬᠦ ᠶᠢ ᠠᠬᠢᠭᠤᠯᠵᠤ᠂ ᠡᠵᠡᠩᠨᠡᠯᠲᠡ ᠶᠢᠨ ᠬᠡᠯᠪᠡᠷᠢ | ᠪᠠᠶᠢᠳᠠᠯ ᠤᠨ ᠠᠭᠤᠰᠤᠯᠴᠠᠯ ᠤᠨ ᠠᠮᠢᠵᠢᠷᠠᠯ ᠤᠨ ᠬᠦᠴᠦᠨ ᠢ ᠭᠦᠢᠴᠡᠳ ᠪᠠᠳᠠᠷᠠᠭᠤᠯᠤᠨ᠎ᠠ᠃ | |