ᠴᠠᠭᠠᠨ ᠰᠠᠷ᠎ᠠ ᠶᠢᠨ ᠠᠷᠪᠠᠨ ᠲᠠᠪᠤᠨ ᠤ ᠪᠠᠶᠠᠷ ᠲᠤ ᠵᠣᠷᠢᠭᠤᠯᠤᠨ ᠲᠤᠷ ᠴᠠᠭ ᠤᠨ ᠵᠠᠬ᠎ᠠ ᠳᠡᠯᠭᠡᠭᠦᠷ ᠢ ᠨᠡᠮᠡᠨ ᠪᠠᠶᠢᠭᠤᠯᠬᠤ ᠲᠤᠬᠠᠢ ᠠᠯᠪᠠᠨ ᠵᠠᠷ
ᠨᠡᠶᠢᠲᠡᠯᠡᠭᠰᠡᠨ ᠴᠠᠭ᠄
2023/2/2
      2023 ᠣᠨ ᠤ  ᠴᠠᠭᠠᠨ ᠰᠠᠷ᠎ᠠ ᠶᠢᠨ ᠠᠷᠪᠠᠨ ᠲᠠᠪᠣᠨ ᠤ ᠪᠠᠶᠠᠷ ᠪᠣᠯᠬᠤ ᠳᠤ ᠵᠤᠷᠢᠭᠤᠯᠤᠨ ᠵᠠᠬ᠎ᠠ ᠳᠡᠯᠭᠡᠭᠦᠷ ᠢ ᠴᠡᠴᠡᠭᠯᠡᠭᠦᠯᠦᠨ ᠬᠦᠭᠵᠢᠭᠦᠯᠵᠦ᠂ ᠪᠠᠶᠠᠷ ᠤᠨ ᠡᠳᠦᠷ ᠤᠨ ᠠᠭᠤᠷ ᠠᠮᠢᠰᠬᠤᠯ ᠢ ᠪᠣᠶ ᠪᠣᠯᠭᠠᠬᠤ ᠶᠢᠨ ᠲᠣᠰᠠᠳᠠ᠂ ᠰᠤᠳᠤᠯᠬᠤ ᠪᠠᠷ ᠳᠡᠮᠵᠢᠨ᠂ ᠨᠤᠭᠤ ᠭᠠᠵᠠᠷ ᠤᠨ ᠰᠣᠶᠣᠯ ᠤᠨ ᠴᠡᠴᠡᠷᠯᠢᠭ ᠲᠤ ᠴᠠᠭᠠᠨ ᠰᠠᠷ᠎ᠠ ᠶᠢᠨ ᠠᠷᠪᠠᠨ ᠲᠠᠪᠤᠨ ᠤ ᠪᠠᠶᠠᠷ ᠤᠨ ᠲᠦᠷ ᠴᠠᠭ ᠤᠨ ᠪᠣᠷᠤᠯᠠᠭᠤᠯᠭ᠎ᠠ ᠶᠢᠨ ᠵᠠᠬ᠎ᠠ ᠳᠡᠯᠭᠡᠭᠦᠷ ᠭᠠᠷᠭᠠᠬᠤ ᠪᠠᠷ ᠪᠣᠶ᠃ ᠤᠳᠤ ᠬᠤᠯᠪᠣᠭᠳᠠᠯ ᠪᠦᠬᠦᠢ ᠵᠦᠢᠯ ᠢ ᠳᠣᠣᠷᠠᠬᠢ ᠮᠡᠲᠦ ᠵᠠᠷᠯᠠᠶ᠎ᠠ᠄      ᠨᠢᠭᠡ᠂ ᠡᠵᠡᠩᠨᠡᠯᠲᠡ ᠶᠢᠨ ᠣᠷᠣᠨ      ᠨᠤᠭᠤ ᠭᠠᠵᠠᠷ ᠤᠨ ᠰᠣᠶᠣᠯ ᠤᠨ ᠴᠡᠴᠡᠷᠯᠢᠭ ᠤᠨ ᠰᠠᠨᠰᠠᠷ ᠤᠨ ᠠᠶᠠᠯᠠᠯ ᠤᠨ ᠵᠦᠴᠦᠭᠡ ᠶᠢᠨ ᠲᠠᠯᠠᠪᠠᠢ ︵ᠴᠡᠴᠡᠷᠯᠢᠭ ᠤᠨ ᠵᠡᠭᠦᠨ ᠲᠠᠯ᠎ᠠ ᠶᠢᠨ ᠮᠣᠩᠭᠤᠯ ᠶᠡᠭᠡ ᠣᠷᠳᠤᠨ ᠤ ᠳᠦᠷᠰᠦᠲᠦ ᠵᠦᠴᠦᠭᠡ ᠶᠢᠨ ᠲᠠᠯᠠᠪᠠᠢ ᠶᠢᠨ ᠬᠤᠶᠠᠷ ᠲᠠᠯ᠎ᠠ ᠳᠤ︶      ᠬᠤᠶᠠᠷ᠂ ᠡᠵᠡᠩᠨᠡᠬᠦ ᠴᠠᠭ      2023 ᠣᠨ ᠤ 2 ᠳ᠋ᠤᠭᠠᠷ ᠰᠠᠷ᠎ᠠ ᠶᠢᠨ 4᠎ ᠤ ᠡᠳᠦᠷ ᠠᠴᠠ 2 ᠳ᠋ᠤᠭᠠᠷ ᠰᠠᠷ᠎ᠠ ᠶᠢᠨ10᠎ ᠤ ᠡᠳᠦᠷ      ᠭᠤᠷᠪᠠ᠂ ᠬᠠᠮᠢᠶᠠᠷᠤᠯᠲᠠ ᠶᠢᠨ ᠱᠠᠭᠠᠷᠳᠠᠯᠭ᠎ᠠ      ︵ᠨᠢᠭᠡ︶  ᠴᠠᠭᠠᠨ ᠰᠠᠷ᠎ᠠ ᠶᠢᠨ ᠠᠷᠪᠠᠨ ᠲᠠᠪᠤᠨ ᠤ ᠪᠠᠶᠠᠷ ᠤᠨ ᠲᠦᠷ ᠴᠠᠭ ᠤᠨ ᠵᠠᠬ᠎ᠠ ᠳᠡᠯᠭᠡᠭᠦᠷ ᠤᠨ ᠪᠣᠷᠤᠯᠠᠭᠤᠯᠭ᠎ᠠ ᠳᠤ ᠣᠷᠣᠭᠰᠠᠨ ᠡᠵᠡᠩᠨᠡᠭᠴᠢ ᠡᠷᠬᠡᠪᠰᠢ ᠬᠠᠮᠢᠶᠠᠷᠤᠯᠲᠠ ᠶᠢ ᠳᠠᠭᠠᠵᠤ᠂ ᠱᠠᠭᠠᠷᠳᠠᠯᠭ᠎ᠠ ᠶᠣᠰᠣᠭᠠᠷ ᠳᠡᠯᠭᠡᠭᠡ ᠮᠠᠶᠢᠮᠠᠢ ᠪᠠᠨ ᠳᠡᠯᠭᠡᠵᠦ ᠲᠠᠯᠪᠢᠬᠤ ᠬᠡᠷᠡᠭᠲᠡᠢ᠃ ᠣᠷᠣᠨ ᠪᠠᠶᠢᠷᠢ ᠪᠠᠨ ᠳᠤᠷ᠎ᠠ ᠪᠠᠷ ᠢᠶᠠᠨ ᠬᠤᠪᠢᠷᠠᠭᠤᠯᠵᠤ ᠪᠣᠯᠬᠤ ᠦᠭᠡᠢ᠂ ᠲᠠᠯᠠᠪᠠᠶ ᠪᠠᠨ ᠳᠤᠷ᠎ᠠ ᠪᠠᠷ ᠢᠶᠠᠨ ᠥᠷᠭᠡᠳᠬᠡᠵᠦ ᠪᠣᠯᠬᠤ ᠦᠭᠡᠢ᠂ ᠳᠡᠯᠭᠡᠭᠡ ᠮᠠᠶᠢᠮᠠᠢ ᠶᠢᠨ ᠡᠷᠬᠢᠨ ᠲᠣᠭᠤᠷᠢᠨ ᠤ ᠴᠡᠪᠡᠷ ᠲᠡᠭᠰᠢ ᠪᠠᠶᠢᠬᠤ ᠶᠢ ᠰᠠᠶᠢᠲᠤᠷ ᠪᠠᠲᠤᠯᠠᠬᠤ ᠬᠡᠷᠡᠭᠲᠡᠢ᠃     ︵ᠬᠤᠶᠠᠷ︶ ᠥᠨᠳᠥᠷ ᠲᠡᠭᠤᠠᠳᠦ ᠯᠠᠪᠠᠷ ᠵᠡᠷᠭᠡ ᠱᠤᠤᠭᠢᠶᠠᠨ ᠳᠤ ᠪᠣᠬᠢᠷᠲᠤᠭᠳᠠᠭᠰᠠᠨ ᠲᠡᠭᠤ ᠴᠢᠮᠡᠭᠡᠨ ᠤ ᠲᠥᠬᠦᠭᠡᠷᠦᠮᠵᠢ ᠪᠠᠷ ᠬᠤᠳᠠᠯᠳᠤᠨ ᠠᠪᠤᠭᠴᠢᠳ ᠢ ᠲᠠᠲᠠᠵᠤ ᠠᠪᠴᠢᠷᠠᠬᠤ ᠶᠢ ᠴᠠᠭᠠᠵᠠᠯᠠᠨ᠎ᠠ᠃ ᠠᠶᠤᠯ ᠲᠠᠢ ᠡᠳ᠋ ᠪᠣᠳᠠᠰ ᠵᠢᠴᠢ ᠡᠷᠡᠭᠦᠯ ᠪᠤᠰᠤ᠂ ᠵᠣᠭᠤᠰ ᠨᠠᠭᠠᠳᠬᠤ᠂ ᠮᠡᠬᠡᠯᠡᠬᠦ ᠲᠠᠸᠠᠷ ᠣᠷᠣᠭᠤᠯᠵᠤ ᠠᠪᠴᠢᠷᠠᠬᠤ ᠶᠢ ᠴᠢᠩᠭ᠎ᠠ ᠴᠠᠭᠠᠵᠠᠯᠠᠨ᠎ᠠ᠃      ︵ᠭᠤᠷᠪᠠ︶ ᠡᠵᠡᠩᠨᠡᠭᠴᠢ ᠮᠠᠶᠢᠬᠠᠨ ᠪᠤᠶᠤ ᠪᠤᠰᠤᠳ ᠲᠥᠷ ᠴᠠᠭ ᠤᠨ ᠪᠠᠷᠢᠯᠭ᠎ᠠ ᠶᠢᠨ ᠪᠡᠯᠡᠳᠬᠡᠮᠵᠢ ᠪᠣᠰᠬᠠᠵᠤ ᠪᠣᠯᠬᠤ ᠦᠭᠡᠢ᠃ ᠨᠡᠭᠦᠷᠡᠰᠦᠨ ᠵᠤᠤᠬ᠎ᠠ᠂ ᠢᠯᠡ ᠭᠠᠯ ᠬᠡᠷᠡᠭᠯᠡᠵᠦ ᠪᠣᠯᠬᠤ ᠦᠭᠡᠢ᠃ ᠤᠯᠠᠨ ᠨᠡᠶᠢᠲᠡ ᠶᠢᠨ ᠪᠡᠯᠡᠳᠬᠡᠮᠵᠢ ᠶᠢ ᠡᠪᠳᠡᠨ ᠰᠦᠢᠳᠬᠡᠵᠦ ᠪᠣᠯᠬᠤ ᠦᠭᠡᠢ᠃ ᠳᠡᠯᠭᠡᠭᠡ ᠮᠠᠶᠢᠮᠠᠢ ᠶᠢᠨ ᠡᠷᠬᠢᠨ ᠲᠣᠭᠤᠷᠢᠨ ᠤ ᠠᠷᠢᠭᠤᠨ ᠴᠡᠪᠡᠷ ᠢ ᠥᠪᠡᠷ ᠲᠡᠭᠡᠨ ᠪᠠᠲᠤᠯᠠᠬᠤ ᠬᠡᠷᠡᠭᠲᠡᠢ᠃      ︵ᠳᠥᠷᠪᠡ︶ ᠬᠡᠷᠪᠡ ᠵᠠᠰᠠᠭ ᠤᠨ ᠣᠷᠳᠣᠨ ᠤ ᠴᠢᠬᠤᠯᠠ ᠶᠡᠭᠡ ᠠᠵᠢᠯᠯᠠᠭ᠎ᠠ ᠶᠢᠨ ᠬᠡᠷᠡᠭᠴᠡᠭᠡ ᠪᠠ ᠭᠡᠨᠡᠳᠲᠡ ᠶᠢᠨ ᠬᠡᠷᠡᠭ ᠲᠣᠬᠢᠶᠠᠯᠳᠤᠪᠠᠯ᠂ ᠡᠯ᠎ᠡ ᠡᠵᠡᠩᠨᠡᠭᠴᠢ ᠨᠥᠬᠦᠴᠡᠯ ᠦᠭᠡᠢ ᠪᠠᠷ ᠴᠠᠭ ᠲᠤᠬᠠᠢ ᠳᠤᠨᠢ ᠬᠠᠮᠵᠢᠯᠴᠠᠨ ᠡᠵᠡᠩᠨᠡᠯᠲᠡ ᠶᠢᠨ ᠴᠠᠭ ᠢ ᠲᠣᠬᠢᠷᠠᠭᠤᠯᠬᠤ ᠪᠤᠶᠤ ᠲᠦᠷ ᠴᠠᠭ ᠤᠨ ᠵᠠᠬ᠎ᠠ ᠳᠡᠯᠭᠡᠭᠦᠷ ᠢ ᠬᠠᠭᠠᠬᠤ ᠬᠡᠷᠡᠭᠲᠡᠢ᠃      ᠲᠤᠰ ᠠᠯᠪᠠᠨ ᠵᠠᠷ ᠢ ᠨᠡᠶᠢᠲᠡᠯᠡᠭᠰᠡᠨ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃ ᠥᠷᠭᠡᠨ ᠤᠯᠠᠨ ᠰᠠᠭᠤᠭᠠᠯᠢ ᠠᠷᠠᠳ ᠪᠣᠯᠣᠨ ᠡᠵᠡᠩᠨᠡᠭᠴᠢᠳ ᠬᠠᠷᠢᠯᠴᠠᠨ ᠳᠠᠮᠵᠢᠭᠤᠯᠵᠤ᠂ ᠢᠳᠡᠪᠬᠢᠲᠡᠢ ᠪᠠᠷ ᠬᠠᠮᠵᠢᠯᠴᠠᠵᠤ᠂ ᠪᠠᠶᠠᠷ ᠪᠠᠶᠠᠰᠬᠤᠯᠠᠩ ᠲᠠᠢ ᠴᠠᠭᠠᠨ ᠰᠠᠷ᠎ᠠ ᠶᠢᠨ ᠠᠷᠪᠠᠨ ᠲᠠᠪᠤᠨ ᠤ ᠪᠠᠶᠠᠷ ᠢ ᠬᠠᠮᠲᠤ ᠪᠠᠷ ᠥᠩᠭᠡᠷᠡᠭᠦᠯᠲᠦᠭᠡᠢ︕      ᠬᠠᠷᠢᠯᠴᠠᠬᠤ ᠬᠥᠮᠥᠨ᠄       ᠶᠠᠩ ᠱᠢ ᠰᠢᠩ ︵18804872999︶      ᠸᠠᠩ ᠴᠢᠶᠠᠩ ︵180048379999︶      ᠴᠢᠶᠣᠤ ᠯᠧᠢ ︵182048358585858︶ 
 
ᠢᠷᠡᠯᠲᠡ᠄ ᠡᠵᠡᠨ᠎ᠡ ᠬᠤᠰᠢᠭᠤᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号