1 ᠳ᠋ᠦ᠋ᠭᠡᠷ ᠰᠠᠷ᠎ᠠ ᠳᠤ᠂ ᠡᠵᠡᠨ᠎ᠡ ᠬᠤᠰᠢᠭᠤ ︵ᠴᠡᠭᠡ ᠪᠣᠭᠤᠮᠲᠠ ᠪᠠᠭᠲᠠᠨ᠎ᠠ︶ ᠶᠢᠨ ᠡᠩ ᠤᠨ ᠣᠯᠠᠨ | ᠨᠡᠶᠢᠲᠡ ᠶᠢᠨ ᠲᠥᠰᠥᠪ ᠤᠨ ᠣᠷᠣᠯᠭ᠎ᠠ ᠶᠢ 3978 ᠲᠦᠮᠡᠨ ᠲᠥᠭᠦᠷᠢᠭ ᠪᠡᠶᠡᠯᠡᠭᠦᠯᠵᠦ᠂ ᠳᠡᠭᠡᠷ᠎ᠡ ᠵᠢᠯ ᠤᠨ | ᠬᠢ ᠠᠴᠠ 5.18% ᠪᠠᠷ ᠨᠡᠮᠡᠭᠳᠡᠨ᠂ ᠴᠠᠭ ᠤᠨ ᠳᠠᠷᠠᠭᠠᠯᠠᠯ ᠤᠨ ᠠᠬᠢᠴᠠ ᠠᠴᠠ 3.2 ᠵᠠᠭᠤᠨ ᠤ ᠨᠢᠭᠡᠴᠢ ᠪᠠᠷ | ᠳᠠᠪᠠᠵᠤ᠂ ᠡᠳ᠋ ᠤᠨ ᠵᠠᠰᠠᠭ ᠤᠨ ᠣᠷᠣᠯᠭ᠎ᠠ ᠨᠢ ᠠᠩᠬᠠᠨ ᠤ ᠰᠠᠷ᠎ᠠ ᠳᠠᠭᠠᠨ ᠰᠠᠶᠢᠨ ᠡᠬᠢᠯᠡᠯᠲᠡ ᠲᠠᠢ ᠪᠤᠯᠤᠭᠰᠠᠨ | ᠪᠠᠶᠢᠨ᠎ᠠ᠃ | ᠲᠠᠷᠠᠭᠠᠴᠢ ᠶᠢᠨ ᠠᠯᠬᠤᠮ ᠳᠤ᠂ ᠡᠵᠡᠨ᠎ᠡ ᠬᠤᠰᠢᠭᠤᠨ ᠤ ᠬᠢᠨ ᠨᠠᠷᠢᠨ ᠨᠢᠭᠲᠠ ᠭᠠᠶᠢᠯᠢ ᠶᠢᠨ ᠢᠷᠡᠯᠲᠡ ᠶᠢ | ᠬᠠᠮᠢᠶᠠᠷᠤᠨ ᠡᠵᠡᠮᠳᠡᠬᠦ ᠰᠢᠰᠲ᠋ᠧᠮ ᠢ ᠤᠯᠠᠮ ᠨᠢᠭᠡ ᠠᠯᠬᠤᠮ ᠪᠠᠶᠢᠭᠤᠯᠵᠤ᠂ ᠭᠠᠶᠢᠯᠢ ᠶᠢᠨ ᠪᠤᠰᠤ ᠣᠷᠣᠯᠭ᠎ᠠ ᠶᠢ | ᠵᠣᠬᠢᠶᠠᠨ ᠪᠠᠶᠢᠭᠤᠯᠬᠤ ᠴᠢᠳᠠᠪᠤᠷᠢ ᠶᠢ ᠴᠢᠩᠭᠠᠷᠠᠭᠤᠯᠤᠨ᠂ ᠢᠳᠡᠪᠬᠢᠲᠡᠢ ᠪᠠᠷ ᠡᠳ᠋ ᠤᠨ ᠵᠠᠰᠠᠭ ᠤᠨ ᠭᠠᠶᠢᠯᠢ ᠶᠢᠨ | ᠲᠥᠷᠥ ᠶᠢᠨ ᠪᠣᠳᠣᠯᠭ᠎ᠠ ᠶᠢ ᠦᠷᠭᠦᠯᠵᠢᠯᠡᠨ ᠨᠠᠶᠢᠳᠠᠪᠤᠷᠢᠵᠢᠭᠤᠯᠵᠤ᠂ ᠣᠷᠣᠨ ᠨᠤᠲᠤᠭ ᠤᠨ ᠬᠡᠷᠡᠭᠯᠡᠵᠦ ᠪᠣᠯᠬᠤ | ᠡᠳ᠋ ᠤᠨ ᠬᠦᠴᠦᠨ ᠢ ᠲᠣᠭᠲᠠᠪᠤᠷᠢᠵᠢᠭᠤᠯᠤᠨ᠂ ᠪᠡᠯᠡ ᠮᠥᠩᠭᠦ ᠣᠯᠬᠤ ᠡᠷᠴᠢᠮ ᠢᠶᠠᠨ ᠴᠢᠩᠭᠠᠷᠠᠭᠤᠯᠵᠤ᠂ ᠣᠷᠣᠨ | ᠨᠤᠲᠤᠭ ᠤᠨ ᠡᠯ᠎ᠡ ᠵᠦᠢᠯ ᠤᠨ ᠠᠵᠢᠯ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠬᠦᠴᠦᠲᠡᠢ | ᠪᠠᠲᠤᠯᠠᠭ᠎ᠠ ᠬᠠᠩᠭᠠᠨ᠎ᠠ᠃ | |