ᠡᠵᠡᠨ᠎ᠡ ᠬᠤᠰᠢᠭᠤᠨ ᠤ 4 ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠠᠵᠢᠯᠴᠢᠨ ᠤ ᠡᠪᠯᠡᠯ ᠤᠨ ᠲᠡᠷᠢᠭᠦᠯᠡᠭᠴᠢ 2022 ᠣᠨ ᠤ ᠪᠥᠬᠦ ᠠᠶᠢᠮᠠᠭ ᠤᠨ ︽ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠠᠵᠢᠯᠴᠢᠨ ᠤ ᠡᠪᠯᠡᠯ ᠤᠨ ᠰᠢᠯᠢᠳᠡᠭ ᠲᠡᠷᠢᠭᠦᠯᠡᠭᠴᠢ︾᠎ ᠶᠢᠨ ᠢᠷᠠᠭᠤ ᠠᠯᠳᠠᠷ ᠢ ᠬᠦᠷᠲᠡᠪᠡ
ᠨᠡᠶᠢᠲᠡᠯᠡᠭᠰᠡᠨ ᠴᠠᠭ᠄
2023/2/3
      ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠠᠵᠢᠯᠴᠢᠨ ᠤ ᠡᠪᠯᠡᠯ ᠤᠨ ᠵᠣᠬᠢᠶᠠᠨ ᠪᠠᠶᠢᠭᠤᠯᠤᠯᠲᠠ ᠶᠢ ᠵᠢᠷᠤᠮᠵᠢᠭᠤᠯᠬᠤ ᠪᠦᠳᠦᠭᠡᠨ ᠪᠠᠶᠢᠭᠤᠯᠤᠯᠲᠠ ᠶᠢ ᠠᠬᠢᠭᠤᠯᠵᠤ᠂ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠠᠵᠢᠯᠴᠢᠨ ᠤ ᠡᠪᠯᠡᠯ ᠤᠨ ᠵᠣᠬᠢᠶᠠᠨ ᠪᠠᠶᠢᠭᠤᠯᠤᠯᠲᠠ ᠶᠢᠨ ᠠᠮᠢᠵᠢᠷᠠᠯ ᠤᠨ ᠬᠦᠴᠦᠨ ᠢ ᠬᠥᠭᠵᠢᠭᠡᠵᠦ᠂ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠠᠵᠢᠯᠴᠢᠨ ᠤ ᠡᠪᠯᠡᠯ ᠤᠨ ᠲᠡᠷᠢᠭᠦᠯᠡᠭᠴᠢ ᠶᠢᠨ ᠠᠵᠢᠯ ᠤᠨ ᠢᠳᠡᠪᠬᠢᠵᠢᠯ ᠪᠠ ᠠᠵᠢᠯ ᠮᠡᠷᠭᠡᠵᠢᠯ ᠤᠨ ᠢᠷᠠᠭᠤ ᠠᠯᠳᠠᠷ ᠤᠨ ᠰᠡᠳᠬᠢᠯᠭᠡ ᠶᠢ ᠲᠠᠰᠤᠷᠠᠯᠲᠠ ᠦᠭᠡᠢ ᠨᠡᠮᠡᠭᠳᠡᠭᠦᠯᠬᠦ ᠶᠢᠨ ᠲᠥᠯᠥᠭᠡ᠂ ᠡᠵᠡᠨ᠎ᠡ ᠬᠤᠰᠢᠭᠤᠨ ᠤ ᠠᠵᠢᠯᠴᠢᠨ ᠤ ᠶᠡᠷᠦᠩᠬᠡᠢ ᠡᠪᠯᠡᠯ ᠠᠴᠠ ︽ᠠᠯᠠᠱᠠ ᠠᠶᠢᠮᠠᠭ ᠤᠨ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠠᠵᠢᠯᠴᠢᠨ ᠤ ᠡᠪᠯᠡᠯ ᠤᠨ ᠲᠡᠷᠢᠭᠦᠯᠡᠭᠴᠢ ᠶᠢᠨ ᠪᠠᠷᠢᠮᠵᠢᠶᠠᠵᠢᠭᠰᠠᠨ ᠬᠢᠨᠠᠨ ᠰᠢᠯᠭᠠᠬᠤ ᠳᠦᠷᠢᠮ︾᠎ ᠪᠠᠷ ᠬᠢᠨᠠᠨ ᠰᠢᠯᠭᠠᠵᠤ ᠳᠡᠭᠡᠭᠰᠢ ᠮᠡᠳᠡᠭᠦᠯᠦᠭᠰᠡᠨ ᠢᠶᠠᠷ᠂ ᠡᠵᠡᠨ᠎ᠡ ᠬᠤᠰᠢᠭᠤᠨ ᠤ 4 ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠠᠵᠢᠯᠴᠢᠨ ᠤ ᠡᠪᠯᠡᠯ ᠤᠨ ᠲᠡᠷᠢᠭᠦᠯᠡᠭᠴᠢ 2022 ᠣᠨ ᠤ ᠠᠯᠠᠱᠠ ᠠᠶᠢᠮᠠᠭ ᠤᠨ ︽ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠰᠢᠯᠢᠳᠡᠭ ᠠᠵᠢᠯᠴᠢᠨ ᠤ ᠡᠪᠯᠡᠯ ᠤᠨ ᠲᠡᠷᠢᠭᠦᠯᠡᠭᠴᠢ︾᠎ ᠶᠢᠨ ᠢᠷᠠᠭᠤ ᠠᠯᠳᠠᠷ ᠢ ᠭᠥᠷᠳᠡᠪᠡ᠃      ᠡᠵᠡᠨ᠎ᠡ ᠬᠤᠰᠢᠭᠤᠨ ᠤ ᠶᠤᠸᠠᠨ ᠲᠦᠩ ᠠᠭᠤᠷᠬᠠᠢ ᠶᠢᠨ ᠦᠢᠯᠡᠰ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠠᠵᠢᠯᠴᠢᠨ ᠤ ᠡᠪᠯᠡᠯ ᠤᠨ ᠵᠥᠪᠯᠡᠯ ᠤᠨ ᠶᠠᠨ ᠯᠢ ᠭᠠᠩ᠂ ᠠᠯᠠᠱᠠ ᠠᠶᠢᠮᠠᠭ ᠤᠨ ᠵᠣᠣ ᠲᠦᠩ ᠾᠧ ᠲᠢᠶᠠᠨ ᠰᠢᠶᠠ ᠰᠣᠶᠣᠯ ᠵᠤᠭᠠᠴᠠᠯ ᠤᠨ ᠬᠥᠭᠵᠢᠯᠲᠡ ᠶᠢᠨ ᠬᠢᠵᠠᠭᠠᠷᠲᠤ ᠺᠣᠮᠫᠠᠨᠢ ᠶᠢᠨ ᠡᠵᠡᠨ᠎ᠡ ᠬᠤᠪᠢᠶᠠᠷᠢ ᠺᠣᠮᠫᠠᠨᠢ ᠶᠢᠨ ᠠᠵᠢᠯᠴᠢᠨ ᠤ ᠡᠪᠯᠡᠯ ᠤᠨ ᠵᠥᠪᠯᠡᠯ ᠤᠨ ᠲᠦᠩ ᠰᠢᠶᠣᠣ ᠫᠢᠩ᠂ ᠡᠵᠡᠨ᠎ᠡ ᠬᠤᠰᠢᠭᠤᠨ ᠤ ᠶᠢᠨ ᠶᠤᠸᠠᠨ ᠾᠧ ᠲᠢᠶᠠᠨ ᠰᠢᠶᠠ ᠰᠣᠶᠣᠯ ᠵᠤᠭᠠᠴᠠᠯ ᠤᠨ ᠬᠢᠵᠠᠭᠠᠷᠲᠤ ᠺᠣᠮᠫᠠᠨᠢ ᠶᠢᠨ ᠠᠵᠢᠯᠴᠢᠨ ᠤ ᠡᠪᠯᠡᠯ ᠤᠨ ᠵᠥᠪᠯᠡᠯ ᠤᠨ ᠯᠢᠶᠣᠤ ᠪᠢᠨ᠂ ᠡᠵᠡᠨ᠎ᠡ ᠬᠤᠰᠢᠭᠤᠨ ᠤ ᠰᠢᠨ ᠢ ᠠᠳᠠᠯ ᠠᠬᠤᠢ ᠶᠢᠨ ᠬᠠᠮᠢᠶᠠᠷᠤᠯᠲᠠ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠠᠵᠢᠯᠴᠢᠨ ᠤ ᠡᠪᠯᠡᠯ ᠤᠨ ᠵᠥᠪᠯᠡᠯ ᠤᠨ ᠷᠦ᠋ ᠬᠦᠶ ᠯᠠᠨ᠃
 
ᠢᠷᠡᠯᠲᠡ᠄ ᠡᠵᠡᠨ᠎ᠡ ᠬᠤᠰᠢᠭᠤᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号