ᠡᠵᠡᠨ᠎ᠡ ᠬᠤᠰᠢᠭᠤᠨ ᠤ ᠬᠤᠯᠠ ᠵᠠᠮ ᠤᠨ ᠮᠠᠰᠢᠨ ᠲᠡᠷᠭᠡᠨ ᠤ ᠥᠷᠲᠡᠭᠡ ᠨᠢ ᠠᠶᠠᠨᠴᠢᠳ ᠤᠨ ᠲᠡᠭᠡᠭᠡᠪᠦᠷᠢ ᠶᠢᠨ ᠠᠵᠢᠯ ᠢᠶᠠᠨ ᠡᠬᠢᠯᠡᠭᠦᠯᠪᠡ
ᠨᠡᠶᠢᠲᠡᠯᠡᠭᠰᠡᠨ ᠴᠠᠭ᠄
2023/2/6
      ᠴᠠᠭᠠᠨ ᠰᠠᠷ᠎ᠠ ᠶᠢᠨ ᠠᠮᠠᠷᠠᠯᠲᠠ ᠶᠢᠨ ᠬᠤᠭᠤᠴᠠᠭ᠎ᠠ ᠳᠠᠭᠤᠰᠬᠤ ᠶᠢ ᠳᠠᠭᠠᠯᠳᠤᠨ᠂ ᠣᠯᠠᠨ ᠲᠦᠮᠡᠨ ᠤ ᠭᠠᠳᠠᠭᠰᠢ ᠭᠠᠷᠴᠤ ᠬᠥᠯᠥᠰᠦᠨ ᠠᠵᠢᠯ ᠬᠢᠬᠦ᠂ ᠠᠵᠢᠯ ᠤᠨ ᠪᠠᠶᠢᠷᠢ ᠳᠠᠭᠠᠨ ᠪᠤᠴᠠᠬᠤ᠂ ᠡᠪᠡᠳᠴᠢᠨ ᠦᠵᠡᠭᠦᠯᠬᠦ᠂ ᠣᠶᠢᠷ᠎ᠠ ᠵᠠᠮ ᠤᠨ ᠵᠢᠭᠤᠯᠴᠢᠯᠠᠯ ᠬᠢᠬᠦ ᠬᠦᠰᠡᠯ ᠡᠷᠡᠮᠡᠯᠵᠡᠯ ᠨᠡᠮᠡᠭᠳᠡᠵᠦ᠂ ᠠᠶᠠᠨᠴᠢᠳ ᠤᠨ ᠲᠡᠭᠡᠭᠡᠪᠦᠷᠢ ᠶᠢᠨ ᠵᠠᠬ᠎ᠠ ᠳᠡᠯᠭᠡᠭᠦᠷ ᠤᠯᠠᠮ ᠢᠶᠠᠷ ᠰᠠᠶᠢᠵᠢᠷᠠᠪᠠ᠃ 2 ᠳ᠋ᠤᠭᠠᠷ ᠰᠠᠷ᠎ᠠ ᠶᠢᠨ 3᠎ ᠤ ᠡᠳᠦᠷ᠂ ᠡᠵᠡᠨ᠎ᠡ ᠬᠤᠰᠢᠭᠤᠨ ᠤ ᠬᠤᠯᠠ ᠵᠠᠮ ᠤᠨ ᠠᠶᠠᠨᠴᠢᠳ ᠤᠨ ᠲᠡᠭᠡᠭᠡᠪᠦᠷᠢ ᠶᠢᠨ ᠥᠷᠲᠡᠭᠡ ᠳᠤ ᠠᠩᠬᠠᠨ ᠤ ᠪᠦᠯᠦᠭ ᠠᠶᠠᠨᠴᠢᠳ ᠢ  ᠭᠠᠳᠠᠭᠰᠢ ᠵᠥᠭᠡᠭᠡᠪᠦᠷᠢᠯᠡᠵᠦ᠂ ᠭᠠᠭᠴᠠ ᠡᠳᠦᠷ ᠲᠤ 34 ᠠᠶᠠᠨᠴᠢᠳ ᠢ ᠭᠦᠷᠭᠡᠪᠡ᠃      ᠣᠳᠣᠬᠠᠨ ᠳᠤ᠂ ᠠᠯᠠᠱᠠ ᠵᠡᠭᠦᠨ ᠬᠤᠰᠢᠭᠤᠨ ᠤ ᠪᠠᠶᠠᠨᠬᠤᠲᠠ ᠪᠠᠯᠭᠠᠰᠤ ᠎ ᠠᠴᠠ ᠡᠵᠡᠨ᠎ᠡ ᠬᠤᠰᠢᠭᠤᠨ ᠤ ᠳᠠᠯᠠᠶᠢᠬᠥ᠋ᠪ ᠪᠠᠯᠭᠠᠰᠤ᠂ ᠭᠠᠨᠰᠤ ᠶᠢᠨ ᠵᠢᠦᠴᠢᠦᠸᠠᠨ ᠠᠴᠠ ᠡᠵᠡᠨ᠎ᠡ ᠬᠤᠰᠢᠭᠤᠨ ᠤ ᠳᠠᠯᠠᠶᠢᠬᠦ᠋ᠪ ᠪᠠᠯᠭᠠᠰᠤ ᠬᠦᠷᠬᠦ ᠡᠭᠡᠯᠵᠢ ᠶᠢᠨ ᠮᠠᠰᠢᠨ ᠨᠢ ᠡᠳᠦᠷ ᠥᠨᠵᠢᠭᠡᠳ ᠨᠢᠭᠡ ᠡᠭᠡᠯᠵᠢ ᠪᠠᠶᠢᠳᠠᠭ᠂ ᠳᠠᠷᠣᠢ ᠡᠵᠡᠨ᠎ᠡ ᠬᠤᠰᠢᠭᠤᠨ ᠠᠴᠠ ᠳ᠋ᠠᠩ ᠡᠳᠦᠷ ᠲᠡᠷᠭᠡ ᠶᠠᠪᠤᠭᠤᠯᠬᠤ᠂ ᠠᠯᠠᠱᠠ ᠵᠡᠭᠦᠨ ᠬᠤᠰᠢᠭᠤ᠂ ᠵᠢᠦᠴᠢᠦᠸᠠᠨ ᠨᠢ ᠬᠤᠣᠰ ᠡᠳᠦᠷ ᠲᠡᠷᠭᠡ ᠶᠠᠪᠤᠭᠤᠯᠬᠤ ᠪᠣᠯᠣᠨ᠎ᠠ᠃
 
ᠢᠷᠡᠯᠲᠡ᠄ ᠡᠵᠡᠨ᠎ᠡ ᠬᠤᠰᠢᠭᠤᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号