ᠮᠠᠨ ᠤ ᠬᠤᠰᠢᠭᠤ ᠠᠷᠪᠠᠳᠤᠭᠠᠷ ᠬᠤᠭᠤᠴᠠᠭᠠᠨ ᠤ ᠦᠨᠳᠦᠰᠦᠲᠡᠨ ᠤ ᠤᠯᠠᠮᠵᠢᠯᠠᠯᠲᠦ ᠭᠠᠷ ᠤᠷᠠᠯᠠᠯ ᠤᠨ ᠪᠦᠲᠦᠭᠡᠯ ᠤᠨ ᠤᠷᠤᠯᠳᠤᠭᠠᠨ ᠢ ᠦᠷᠨᠢᠭᠦᠯᠪᠡ
ᠨᠡᠶᠢᠲᠡᠯᠡᠭᠰᠡᠨ ᠴᠠᠭ᠄
2023/2/7
      2 ᠳ᠋ᠤᠭᠠᠷ ᠰᠠᠷ᠎ᠠ ᠶᠢᠨ 5᠎ ᠤ ᠡᠳᠦᠷ᠂ ᠮᠠᠨ ᠤ ᠬᠤᠰᠢᠭᠤ ᠠᠷᠪᠠᠳᠤᠭᠠᠷ ᠬᠤᠭᠤᠴᠠᠭᠠᠨ ᠤ ᠦᠨᠳᠦᠰᠦᠲᠡᠨ ᠤ ᠤᠯᠠᠮᠵᠢᠯᠠᠯᠲᠦ ᠭᠠᠷ ᠤᠷᠠᠯᠠᠯ ᠤᠨ ᠪᠦᠲᠦᠭᠡᠯ ᠤᠨ ᠤᠷᠤᠯᠳᠤᠭᠠᠨ ᠢ ᠦᠷᠨᠢᠭᠦᠯᠵᠦ᠂ ᠦᠷᠭᠡᠨ ᠤᠯᠠᠨ ᠰᠠᠭᠤᠭᠠᠯᠢ ᠠᠷᠠᠳ ᠤᠨ ᠰᠤᠨᠢᠷᠬᠠᠯ ᠢ ᠲᠠᠲᠠᠨ᠎ᠠ᠃      ᠬᠤᠰᠢᠭᠤᠨ ᠤ ᠮᠦᠽᠸᠢ ᠳᠤ ᠪᠦᠬᠦ ᠬᠤᠰᠢᠭᠤᠨ ᠤ ᠡᠯ᠎ᠡ ᠡᠲᠡᠭᠡᠳ ᠤᠨ 27 ᠭᠠᠷ ᠤᠷᠠᠯᠠᠯ ᠤᠨ ᠪᠠᠭ᠋ᠠᠲᠠᠨ ᠤ ᠬᠢᠵᠦ ᠦᠢᠯᠡᠳᠦᠭᠰᠡᠨ ᠵᠠᠭᠤᠭᠠᠳ ᠭᠠᠷ ᠤᠷᠠᠯᠠᠯ ᠤᠨ ᠪᠦᠲᠦᠭᠡᠯ ᠤᠨ ᠦᠵᠡᠭᠦᠯᠦᠯᠭᠡ ᠳᠡᠯᠭᠡᠭᠳᠡᠵᠦ᠂ ᠦᠪᠡᠷᠮᠢᠴᠡ ᠤᠨᠴᠠᠯᠢᠭ ᠲᠠᠢ ᠮᠦᠷᠲᠡᠭᠡᠨ ᠦᠨᠳᠦᠰᠦᠲᠡᠨ ᠤ ᠦᠪ ᠰᠤᠶᠤᠯ ᠵᠠᠩ ᠦᠢᠯᠡ ᠶᠢ ᠢᠯᠡᠷᠡᠭᠦᠯᠦᠭᠰᠡᠨ             ᠪᠦᠲᠦᠭᠡᠯ ᠤᠳ ᠨᠢ ᠤᠯᠠᠨ ᠲᠦᠮᠡᠨ ᠤ ᠰᠤᠨᠢᠷᠬᠠᠯ ᠢ ᠲᠠᠲᠠᠵᠤ᠂ ᠵᠠᠯᠠᠭᠤᠴᠤᠳ ᠪᠠᠭᠠᠴᠤᠳ ᠤᠨ ᠬᠦᠷᠢᠶᠡᠯᠡᠯ ᠢ ᠤᠯᠤᠭᠰᠠᠨ ᠪᠠᠶᠢᠨ᠎ᠠ᠃      ᠤᠶᠢᠯᠠᠭᠠᠭᠰᠠᠨ ᠢᠶᠠᠷ᠂ ᠲᠤᠰ ᠤᠳᠠᠭᠠᠨ ᠤ ᠦᠵᠡᠭᠦᠯᠦᠯᠭᠡ ᠶᠢᠨ ᠰᠢᠯᠭᠠᠷᠠᠭᠤᠯᠤᠯᠲᠠ ᠳᠤ ᠤᠷᠤᠯᠴᠠᠭᠰᠠᠨ ᠪᠦᠲᠦᠭᠡᠯ ᠳᠤ ᠱᠤᠭᠤᠮᠠᠯ ᠤᠨ ᠲᠦᠷᠦᠯ᠂ ᠴᠠᠭᠠᠨ ᠰᠠᠷ᠎ᠠ ᠶᠢᠨ ᠵᠢᠷᠤᠭ᠂ ᠡᠯᠡᠰᠦᠨ ᠵᠢᠷᠤᠭ᠂ ᠠᠷᠠᠰᠤᠨ ᠵᠢᠷᠤᠭ᠂ ᠢᠰᠡᠭᠡᠢ ᠡᠳ᠋ᠯᠡᠯ᠂ ᠦᠨᠳᠦᠰᠦᠲᠡᠨ ᠤ ᠬᠤᠪᠴᠠᠰᠦ ᠵᠠᠰᠠᠯ ᠵᠢᠴᠢ ᠤᠶᠤᠳᠠᠯ᠂ ᠬᠠᠳᠬᠤᠮᠠᠯ᠂ ᠨᠡᠬᠡᠮᠡᠯ᠂ ᠮᠤᠩᠭᠤᠯ       ᠭᠡᠷ ᠤᠨ ᠵᠠᠰᠠᠯ ᠴᠢᠮᠡᠭᠯᠡᠯ᠂ ᠴᠠᠭᠠᠰᠤᠨ ᠬᠠᠶᠢᠴᠢᠯᠠᠮᠠᠯ᠂ ᠠᠯᠲᠠ ᠮᠦᠩᠭᠦᠨ ᠤ ᠵᠠᠰᠠᠯ᠂ ᠲᠠᠷᠢᠶᠠᠯᠠᠩ ᠤᠨ ᠪᠦᠲᠦᠭᠡᠯ᠂ ᠮᠠᠯ ᠠᠵᠤ ᠠᠬᠤᠢ ᠦᠢᠯᠡᠳᠪᠦᠷᠢᠯᠡᠯ ᠠᠮᠢᠳᠤᠷᠠᠯ ᠤᠨ ᠪᠦᠲᠦᠭᠡᠯ ᠤᠳ ᠪᠤᠢ᠃
 
ᠢᠷᠡᠯᠲᠡ᠄ ᠡᠵᠡᠨ᠎ᠡ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号