2022 ᠣᠨ ᠤ ᠡᠴᠦᠰ ᠲᠤ᠂ ᠡᠵᠡᠨ᠎ᠡ ᠬᠤᠰᠢᠭᠤᠨ ᠤ ᠲᠤᠭ᠎ᠠ ᠪᠦᠷᠢᠳᠬᠡᠯ ᠤᠨ ᠰᠠᠯᠠᠭ᠎ᠠ ᠮᠥᠴᠢᠷ ᠠᠴᠠ | ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠲᠤᠭ᠎ᠠ ᠪᠦᠷᠢᠳᠬᠡᠯ ᠤᠨ | ᠬᠦᠷᠢᠶᠡᠨ ᠳᠤ ᠣᠷᠣᠭᠤᠯᠬᠤ ᠪᠠᠷ ᠰᠢᠨ᠎ᠡ ᠪᠠᠷ ᠮᠡᠳᠡᠭᠦᠯᠦᠭᠰᠡᠨ ᠠᠵᠤ ᠠᠬᠤᠶᠢᠯᠠᠯ 8 ︵ᠴᠡᠭᠡ ᠪᠣᠭᠤᠮᠲᠠ ᠶᠢᠨ ᠠᠵᠤ | ᠠᠬᠤᠢ ᠶᠢᠨ ᠨᠡᠭᠡᠭᠡᠯᠲᠡ ᠶᠢᠨ ᠲᠣᠭᠤᠷᠢᠭ 3 ᠪᠠᠭᠲᠠᠨ᠎ᠠ︶ ᠪᠠᠶᠢᠵᠤ᠂ ᠪᠦᠬᠦᠨ ᠢᠶᠠᠷ ᠢᠶᠠᠨ ᠤᠯᠤᠰ ᠤᠨ ᠬᠢᠨᠠᠨ | ᠵᠥᠪᠰᠢᠶᠡᠷᠡᠯ ᠢ ᠥᠩᠭᠡᠷᠡᠭᠡᠭᠰᠡᠨ ᠪᠠᠶᠢᠨ᠎ᠠ᠃ ᠲᠥᠷᠥᠯ ᠬᠤᠪᠢᠶᠠᠵᠤ ᠦᠵᠡᠪᠡᠯ᠂ ᠠᠭᠤᠷᠬᠠᠢ ᠮᠠᠯᠲᠠᠬᠤ ᠦᠢᠯᠡᠰ ᠤᠨ | ᠠᠵᠤ ᠠᠬᠤᠶᠢᠯᠠᠯ 7᠂ ᠴᠠᠬᠢᠯᠭᠠᠨ ᠬᠦᠴᠦᠨ᠂ ᠢᠯᠴᠢ ᠶᠢᠨ ᠬᠦᠴᠦᠨ᠂ ᠤᠰᠤᠨ ᠤ ᠦᠢᠯᠡᠳᠪᠦᠷᠢᠯᠡᠯ ᠪᠠ | ᠬᠠᠩᠭᠠᠯᠭ᠎ᠠ ᠶᠢᠨ ᠦᠢᠯᠡᠰ ᠤᠨ ᠠᠵᠤ ᠠᠬᠤᠶᠢᠯᠠᠯ 1 ᠪᠣᠶ᠃ | ᠣᠳᠣᠬᠠᠨ ᠳᠤ᠂ ᠡᠵᠡᠨ᠎ᠡ ᠬᠤᠰᠢᠭᠤᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ | ᠠᠬᠤᠶᠢᠯᠠᠯ ᠤᠨ ᠲᠤᠭ᠎ᠠ 2022 ᠣᠨ ᠤ ᠡᠬᠢᠨ ᠳᠤ 9 ᠪᠠᠶᠢᠭᠰᠠᠨ ᠠᠴᠠ ᠪᠠᠨ ᠨᠡᠮᠡᠭᠳᠡᠭᠡᠳ 17 ᠪᠣᠯᠵᠤ᠂ ᠠᠳᠠᠯᠢ | ᠬᠤᠭᠤᠴᠠᠭᠠᠨ ᠤ ᠬᠢ ᠠᠴᠠ 88.9% ᠨᠡᠮᠡᠭᠳᠡᠵᠡᠢ᠃ |