ᠡᠵᠡᠨ᠎ᠡ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠣᠢ ᠰᠢᠭᠤᠢ ᠨᠤᠲᠤᠭ ᠪᠡᠯᠴᠢᠭᠡᠷ ᠤᠨ ᠭᠠᠯ ᠢ ᠴᠢᠩᠭ᠎ᠠ ᠰᠡᠷᠭᠡᠶᠢᠯᠡᠬᠦ ᠵᠠᠷᠯᠢᠭ
ᠨᠡᠶᠢᠲᠡᠯᠡᠭᠰᠡᠨ ᠴᠠᠭ᠄
2023/3/10
      ᠣᠳᠣᠬᠠᠨ ᠳᠤ᠂ ᠮᠠᠨ ᠤ ᠬᠤᠰᠢᠭᠤ ᠨᠢᠭᠡᠨᠲᠡ ᠬᠠᠪᠤᠷ ᠤᠨ ᠤᠯᠠᠷᠢᠯ ᠤᠨ ᠣᠶ ᠰᠢᠭᠤᠢ ᠶᠢᠨ ᠭᠠᠯ ᠤᠨ ᠠᠶᠤᠯ ᠶᠡᠬᠡᠲᠡᠢ ᠬᠤᠭᠤᠴᠠᠭᠠᠨ ᠳᠤ ᠣᠷᠣᠵᠤ᠂ ᠪᠥᠬᠦ ᠬᠤᠰᠢᠭᠤᠨ ᠤ ᠠᠭᠠᠷ ᠤᠨ ᠳᠤᠯᠠᠭᠠᠨ ᠨᠡᠯᠢᠶᠡᠳ ᠲᠦᠷᠭᠡᠨ ᠳᠡᠭᠡᠭᠰᠢᠯᠡᠵᠦ᠂ ᠶᠡᠭᠡ ᠰᠠᠯᠬᠢᠨ ᠤ ᠴᠠᠭ ᠠᠭᠤᠷ ᠦᠷᠭᠦᠯᠵᠢᠯᠡᠨ ᠨᠡᠮᠡᠭᠳᠡᠵᠦ᠂ ᠮᠦᠨ ᠴᠤ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠪᠠ ᠬᠠᠪᠤᠷ ᠤᠨ ᠵᠤᠭᠠᠴᠠᠯ ᠤᠨ ᠣᠷᠭᠢᠯ ᠦᠶ᠎ᠡ ᠳᠤ ᠬᠦᠷᠴᠦ᠂ ᠦᠢᠯᠡᠳᠪᠦᠷᠢᠯᠡᠯ ᠳᠤ ᠬᠡᠷᠡᠭᠯᠡᠬᠦ ᠭᠠᠯ ᠪᠠ ᠬᠡᠭᠡᠷ᠎ᠡ ᠭᠠᠳᠠᠨ᠎ᠠ ᠬᠡᠷᠡᠭᠯᠡᠬᠦ ᠭᠠᠯ ᠨᠡᠮᠡᠭᠳᠡᠵᠦ᠂ ᠣᠶ ᠰᠢᠭᠤᠢ ᠨᠤᠲᠤᠭ ᠪᠡᠯᠴᠢᠭᠡᠷ ᠤᠨ ᠭᠠᠯ ᠤᠨ ᠭᠠᠮᠰᠢᠭ ᠤᠨ ᠳᠠᠯᠳᠠ ᠬᠡᠮ ᠨᠡᠮᠡᠭᠳᠡᠵᠦ᠂ ᠭᠠᠯ ᠤᠨ ᠭᠠᠮᠰᠢᠭ ᠤᠨ ᠲᠠᠰ ᠨᠡᠯᠢᠶᠡᠳ ᠥᠨᠳᠥᠷ ᠪᠣᠯᠵᠤ᠂ ᠣᠶ ᠰᠢᠭᠤᠢ ᠨᠤᠲᠤᠭ ᠪᠡᠯᠴᠢᠭᠡᠷ ᠤᠨ ᠭᠠᠯ ᠤᠨ ᠭᠠᠮᠰᠢᠭ ᠣᠯᠠᠨ ᠡᠭᠦᠰᠴᠦ ᠮᠡᠳᠡᠬᠦ ᠤᠯᠠᠷᠢᠯ ᠳᠤ ᠣᠷᠣᠭᠰᠠᠨ ᠪᠠᠶᠢᠨ᠎ᠠ᠃ ᠪᠦᠬᠦ ᠬᠤᠰᠢᠭᠤᠨ ᠤ ᠣᠶ ᠰᠢᠭᠤᠢ ᠨᠤᠲᠤᠭ ᠪᠡᠯᠴᠢᠭᠡᠷ ᠤᠨ ᠭᠠᠯ ᠢ ᠰᠡᠷᠭᠡᠶᠢᠯᠡᠬᠦ ᠠᠵᠢᠯ ᠢ ᠦᠨᠡᠨᠬᠦ ᠰᠠᠶᠢᠲᠤᠷ ᠠᠳᠬᠤᠬᠤ ᠶᠢᠨ ᠲᠥᠯᠥᠭᠡ᠂ ᠣᠶ ᠰᠢᠭᠤᠢ ᠨᠤᠲᠤᠭ ᠪᠡᠯᠴᠢᠭᠡᠷ ᠤᠨ ᠲᠦᠢᠮᠡᠷ ᠤᠨ ᠪᠠᠶᠢᠳᠠᠯ ᠭᠠᠯ ᠤᠨ ᠭᠠᠮᠰᠢᠭ ᠡᠭᠦᠰᠬᠦ ᠶᠢ ᠡᠷᠡᠰ ᠬᠤᠷᠢᠭᠯᠠᠵᠤ᠂ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠪᠠ ᠠᠮᠢ ᠠᠬᠤᠢ ᠶᠢᠨ ᠡᠬᠢ ᠪᠠᠶᠠᠯᠢᠭ ᠤᠨ ᠠᠮᠤᠷ ᠲᠦᠪᠰᠢᠨ ᠢ ᠪᠠᠲᠤᠯᠠᠵᠤ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠣᠶ ᠰᠢᠭᠤᠢ ᠶᠢᠨ ᠬᠠᠤᠯᠢ︾ ︽ᠣᠶ ᠰᠢᠭᠤᠢ ᠶᠢᠨ ᠭᠠᠯ ᠰᠡᠷᠭᠡᠶᠢᠯᠡᠬᠦ ᠳᠦᠷᠢᠮ︾ ︽ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠳᠦᠷᠢᠮ︾ ᠪᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠶ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠳᠦᠷᠢᠮ︾ ᠵᠡᠷᠭᠡ ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠢ ᠦᠨᠳᠦᠰᠦᠯᠡᠨ᠂ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠠᠴᠠ ᠪᠥᠬᠦ ᠬᠤᠰᠢᠭᠤᠨ ᠤ ᠬᠡᠪᠴᠢᠶᠡᠨ ᠳᠤ ᠣᠶ ᠰᠢᠭᠤᠢ ᠨᠤᠲᠤᠭ ᠪᠡᠯᠴᠢᠭᠡᠷ ᠤᠨ ᠭᠠᠯ ᠤᠨ ᠴᠢᠩᠭ᠎ᠠ ᠰᠡᠷᠭᠡᠶᠢᠯᠡᠯᠲᠡ ᠶᠢ ᠬᠡᠷᠡᠭᠵᠢᠭᠦᠯᠬᠦ ᠪᠠᠷ ᠲᠣᠭᠲᠠᠵᠤ᠂ ᠣᠨᠴᠠᠭᠠᠶᠢᠯᠠᠨ ᠲᠣᠰ ᠴᠢᠩᠭ᠎ᠠ ᠰᠡᠷᠭᠡᠶᠢᠯᠡᠯᠲᠡ ᠶᠢᠨ ᠵᠠᠷᠯᠢᠭ ᠢ ᠨᠡᠶᠢᠲᠡᠯᠡᠪᠡ᠃      ᠨᠢᠭᠡ᠂ ᠣᠶ ᠰᠢᠭᠤᠢ ᠨᠤᠲᠤᠭ ᠪᠡᠯᠴᠢᠭᠡᠷ ᠤᠨ ᠭᠠᠯ ᠤᠨ ᠴᠢᠩᠭ᠎ᠠ ᠰᠡᠷᠭᠡᠶᠢᠯᠡᠯᠲᠡ ᠶᠢᠨ ᠬᠤᠭᠤᠴᠠᠭ᠎ᠠ᠄ 2023 ᠣᠨ ᠤ 3 ᠳ᠋ᠤᠭᠠᠷ ᠰᠠᠷ᠎ᠠ ᠶᠢᠨ 1᠎ ᠤ ᠡᠳᠦᠷ ᠠᠴᠠ 2023 ᠣᠨ ᠤ 6 ᠳ᠋ᠤᠭᠠᠷ ᠰᠠᠷ᠎ᠠ ᠶᠢᠨ 1᠎ ᠤ ᠡᠳᠦᠷ ᠪᠣᠯᠲᠠᠯᠠᠬᠢ ᠬᠤᠭᠤᠴᠠᠭ᠎ᠠ ᠪᠣᠯ ᠮᠠᠨ ᠤ ᠬᠤᠰᠢᠭᠤᠨ ᠤ ᠬᠠᠪᠤᠷ ᠤᠨ ᠤᠯᠠᠷᠢᠯ ᠤᠨ ᠣᠶ ᠰᠢᠭᠤᠢ ᠨᠤᠲᠤᠭ ᠪᠡᠯᠴᠢᠭᠡᠷ ᠤᠨ ᠭᠠᠯ ᠤᠨ ᠴᠢᠩᠭ᠎ᠠ ᠰᠡᠷᠭᠡᠶᠢᠯᠡᠯᠲᠡ ᠶᠢᠨ ᠬᠤᠭᠤᠴᠠᠭ᠎ᠠ ᠪᠤᠯᠤᠨ᠎ᠠ᠃      ᠬᠤᠶᠠᠷ᠂ ᠭᠠᠯ ᠰᠡᠷᠭᠡᠶᠢᠯᠡᠯᠲᠡ ᠶᠢᠨ ᠴᠢᠩᠭ᠎ᠠ ᠬᠠᠮᠢᠶᠠᠷᠤᠯᠲᠠ ᠶᠢᠨ ᠣᠷᠣᠨ ᠪᠣᠯ᠄ ᠡᠵᠡᠨ᠎ᠡ ᠬᠤᠰᠢᠭᠤᠨ ᠤ ᠲᠣᠣᠷᠠᠢ ᠮᠣᠳᠣᠨ ᠤ ᠤᠯᠤᠰ ᠤᠨ ᠲᠡᠰ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ᠂ ᠳᠠᠯᠠᠶᠢᠬᠦ᠋ᠪ ᠪᠠᠯᠭᠠᠰᠤ᠂ ᠳ᠋ᠦᠩᠹᠧᠩ ᠪᠠᠯᠭᠠᠰᠤ᠂ ᠪᠠᠶᠠᠨᠲᠤᠤᠷᠠᠢ ᠰᠤᠮᠤ᠂  ᠰᠤᠪᠨᠠᠭᠤᠷ ᠰᠤᠮᠤ᠂ ᠰᠠᠶᠢᠬᠠᠨᠲᠤᠤᠷᠠᠢ ᠰᠤᠮᠤ᠂ ᠡᠯ᠎ᠡ ᠵᠢᠭᠤᠯᠴᠢᠯᠠᠯ ᠤᠨ ᠦᠵᠡᠮᠵᠢ ᠶᠢᠨ ᠣᠷᠣᠨ ᠬᠢᠭᠡᠳ ᠣᠶᠢᠲᠤ ᠭᠠᠵᠠᠷ᠂ ᠲᠠᠯ᠎ᠠ ᠨᠤᠲᠤᠭ᠂ ᠤᠢ ᠶᠢᠨ ᠪᠦᠰᠡ ᠬᠢᠭᠡᠳ ᠤᠢ ᠶᠢᠨ ᠵᠠᠬ᠎ᠠ ᠬᠢᠵᠠᠭᠠᠷ ᠤᠨ ᠪᠤᠢ ᠪᠦᠬᠦᠢ ᠣᠷᠣᠨ ᠪᠦᠰᠡ ᠶᠢ ᠵᠢᠭᠠᠵᠤ ᠪᠠᠶᠢᠨ᠎ᠠ᠃᠂      ᠭᠤᠷᠪᠠ᠂ ᠣᠶ ᠰᠢᠭᠤᠢ ᠨᠤᠲᠤᠭ ᠪᠡᠯᠴᠢᠭᠡᠷ ᠤᠨ ᠭᠠᠯ ᠢ ᠴᠢᠩᠭ᠎ᠠ ᠰᠡᠷᠭᠡᠶᠢᠯᠡᠬᠦ ᠬᠤᠭᠤᠴᠠᠭᠠᠨ ᠳᠤ᠂ ᠰᠢᠭᠤᠶᠢᠲᠤ ᠨᠤᠲᠤᠭ ᠪᠡᠯᠴᠢᠭᠡᠷ ᠤᠨ ᠣᠷᠣᠨ ᠳᠤ ᠠᠯᠢᠪᠠ ᠬᠡᠭᠡᠷ᠎ᠡ ᠭᠠᠳᠠᠨ᠎ᠠ ᠬᠠᠤᠯᠢ ᠪᠤᠰᠤ ᠪᠠᠷ ᠭᠠᠯ ᠬᠡᠷᠡᠭᠯᠡᠵᠦ ᠪᠣᠯᠬᠤ ᠦᠭᠡᠢ᠂ ᠣᠶ ᠰᠢᠭᠤᠢ ᠨᠤᠲᠤᠭ ᠪᠡᠯᠴᠢᠭᠡᠷ ᠤᠨ ᠭᠠᠯ ᠤᠨ ᠭᠠᠮᠰᠢᠭ ᠢ ᠡᠭᠦᠰᠬᠡᠵᠦ ᠮᠡᠳᠡᠬᠦ ᠮᠠᠰᠢᠨ ᠢᠶᠠᠷ ᠠᠵᠢᠯᠯᠠᠬᠤ ᠪᠠ ᠰᠠᠭᠤᠭᠠᠯᠢ ᠠᠷᠠᠳ ᠤᠨ ᠦᠢᠯᠡᠳᠪᠦᠷᠢᠯᠡᠯ ᠠᠮᠢᠳᠤᠷᠠᠯ ᠳᠤ ᠭᠠᠯ ᠬᠡᠷᠡᠭᠯᠡᠬᠦ ᠳᠤ ᠡᠷᠬᠡᠪᠰᠢ ᠡᠵᠡᠨ᠎ᠡ ᠬᠤᠰᠢᠭᠤᠨ ᠤ ᠣᠶ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ ᠵᠢᠯᠤᠭᠤᠳᠬᠤ ᠭᠠᠵᠠᠷ ᠢᠶᠠᠷ ᠵᠥᠪᠰᠢᠶᠡᠷᠡᠭᠦᠯᠬᠦ ᠶᠢᠨ ᠬᠠᠮᠲᠤ᠂ ᠭᠠᠯ ᠰᠡᠷᠭᠡᠶᠢᠯᠡᠬᠦ ᠠᠮᠤᠷ ᠲᠦᠪᠰᠢᠨ ᠤ ᠬᠥᠮᠦᠵᠢᠯ ᠢ ᠬᠦᠷᠲᠡᠵᠦ᠂ ᠭᠠᠯ ᠰᠡᠷᠭᠡᠶᠢᠯᠡᠬᠦ ᠬᠠᠷᠢᠭᠤᠴᠠᠯᠭ᠎ᠠ ᠶᠢᠨ ᠪᠢᠴᠢᠭ ᠲᠤᠭᠲᠠᠵᠤ᠂ ᠳᠣᠲᠣᠭᠠᠳᠤ ᠶᠢ ᠬᠠᠮᠠᠭᠠᠯᠠᠬᠤ᠂ ᠭᠠᠯ ᠤᠨᠲᠠᠷᠠᠭᠠᠬᠤ᠂ ᠣᠶ ᠰᠢᠭᠤᠢ ᠬᠠᠮᠠᠭᠠᠯᠠᠭᠴᠢ᠂ ᠡᠪᠡᠰᠦ ᠪᠡᠯᠴᠢᠭᠡᠷ ᠤᠨ ᠬᠠᠮᠢᠶᠠᠷᠤᠭᠴᠢ ᠶᠢᠨ ᠪᠠᠶᠢᠴᠠᠭᠠᠯᠲᠠ ᠪᠠ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠬᠦ ᠬᠡᠷᠡᠭᠲᠡᠢ᠃ ᠨᠠᠰᠤᠨ ᠳᠤ ᠥᠯᠥ ᠬᠦᠷᠦᠭᠰᠡᠳ ᠪᠣᠯᠣᠨ ᠵᠡᠮᠳᠡᠭ ᠣᠶᠤᠨ ᠤ ᠰᠠᠭᠠᠳ ᠲᠠᠢ ᠬᠥᠮᠥᠰ ᠤᠨ ᠭᠠᠯ ᠤᠨ ᠴᠢᠩᠭ᠎ᠠ ᠰᠡᠷᠭᠡᠶᠢᠯᠡᠯᠲᠡ ᠶᠢᠨ ᠲᠣᠭᠤᠷᠢᠭ ᠲᠤ ᠭᠠᠭᠴᠠᠭᠠᠷ ᠢᠶᠠᠨ ᠣᠷᠣᠬᠤ ᠶᠢ ᠴᠢᠩᠭ᠎ᠠ ᠬᠤᠷᠢᠭᠯᠠᠵᠤ᠂ ᠬᠠᠷᠠᠭᠠᠯᠵᠠᠨ ᠬᠠᠮᠠᠭᠠᠯᠠᠬᠤ ᠠᠵᠢᠯ ᠢ ᠪᠣᠳᠠᠲᠠᠶᠢᠵᠢᠭᠤᠯᠤᠭᠰᠠᠨ ᠦᠭᠡᠢ ᠠᠴᠠ ᠪᠣᠯᠵᠤ ᠭᠠᠯ ᠤᠨ ᠠᠶᠤᠯ ᠭᠠᠷᠭᠠᠭᠰᠠᠨ ᠪᠠᠶᠢᠪᠠᠯ᠂ ᠬᠠᠷᠠᠭᠠᠯᠵᠠᠨ ᠬᠠᠮᠠᠭᠠᠯᠠᠬᠤ ᠬᠠᠷᠢᠭᠤᠴᠠᠯᠭ᠎ᠠ ᠨᠡᠬᠡᠮᠵᠢᠯᠡᠨ᠎ᠡ᠃      ᠳᠥᠷᠪᠡ᠂ ᠣᠶ ᠰᠢᠭᠤᠢ ᠨᠤᠲᠤᠭ ᠪᠡᠯᠴᠢᠭᠡᠷ ᠤᠨ ᠭᠠᠯ ᠶᠢ ᠴᠢᠩᠭ᠎ᠠ ᠰᠡᠷᠭᠡᠶᠢᠯᠡᠬᠦ ᠬᠤᠭᠤᠴᠠᠭᠠᠨ ᠳᠤ᠂ ᠰᠢᠭᠤᠶᠢᠲᠤ ᠨᠤᠲᠤᠭ ᠪᠡᠯᠴᠢᠭᠡᠷ ᠲᠤ ᠦᠨᠡᠰᠦ ᠰᠢᠲᠠᠭᠠᠵᠤ ᠪᠣᠷᠳᠣᠭᠤᠷ ᠴᠤᠭᠯᠠᠭᠤᠯᠬᠤ᠂ ᠠᠲᠠᠷ ᠰᠢᠲᠠᠭᠠᠵᠤ ᠨᠡᠭᠦᠷᠡᠰᠦ ᠰᠢᠲᠠᠭᠠᠬᠤ᠂ ᠬᠤᠭ ᠨᠣᠪᠰᠢ ᠰᠢᠲᠠᠭᠠᠬᠤ ᠶᠢ ᠡᠷᠡᠰ ᠬᠤᠷᠢᠭᠯᠠᠵᠤ᠂ ᠲᠠᠷᠢᠶᠠᠨ ᠳᠠᠯᠠᠩ᠂ ᠡᠪᠡᠰᠦ       ᠪᠡᠯᠴᠢᠭᠡᠷ᠂ ᠡᠰᠢ ᠰᠦᠷᠡᠯ ᠢ ᠰᠢᠲᠠᠭᠠᠵᠤ᠂ ᠲᠠᠮᠠᠬᠢ ᠲᠠᠲᠠᠬᠤ᠂ ᠴᠠᠭᠠᠰᠤ ᠰᠢᠲᠠᠭᠠᠬᠤ᠂ ᠬᠦᠵᠢ ᠠᠰᠠᠭᠠᠬᠤ᠂ ᠭᠠᠯ ᠰᠢᠲᠠᠭᠠᠬᠤ᠂ ᠬᠡᠭᠡᠷ᠎ᠡ ᠬᠤᠭᠤᠯᠠᠯᠠᠬᠤ ᠪᠠ ᠬᠤᠸᠠᠷ ᠫᠤᠤᠵᠢᠩ ᠲᠠᠯᠪᠢᠬᠤ᠂ ᠺᠦᠩ ᠮᠢᠩ ᠳ᠋ᠧᠩ ᠠᠰᠠᠭᠠᠬᠤ ᠵᠡᠷᠭᠡ ᠬᠡᠭᠡᠷ᠎ᠡ ᠭᠠᠳᠠᠨ᠎ᠠ ᠭᠠᠯ ᠬᠡᠷᠡᠭᠯᠡᠬᠦ ᠪᠠ ᠪᠤᠰᠤᠳ ᠣᠶ ᠰᠢᠭᠤᠢ ᠨᠤᠲᠤᠭ ᠪᠡᠯᠴᠢᠭᠡᠷ ᠤᠨ ᠭᠠᠯ ᠤᠨ ᠭᠠᠮᠰᠢᠭ ᠢ ᠠᠮᠠᠷᠬᠠᠨ ᠡᠭᠦᠰᠬᠡᠳᠡᠭ ᠭᠠᠯ ᠬᠡᠷᠡᠭᠯᠡᠬᠦ ᠦᠶᠯᠡ ᠠᠵᠢᠯᠯᠠᠭ᠎ᠠ ᠶᠢ ᠡᠷᠡᠰ ᠬᠤᠷᠢᠭᠯᠠᠨ᠎ᠠ᠃ ᠤᠢ ᠰᠢᠭᠤᠢ ᠡᠪᠡᠰᠦ ᠪᠡᠯᠴᠢᠭᠡᠷ᠂ ᠳᠣᠲᠣᠭᠠᠳᠤ ᠶᠢ ᠬᠠᠮᠠᠭᠠᠯᠠᠬᠤ᠂ ᠤᠢ ᠰᠢᠭᠤᠢ ᠶᠢᠨ ᠭᠠᠯ ᠤᠨᠲᠠᠷᠠᠭᠠᠬᠤ ᠳᠤᠮᠳᠠ ᠠᠩᠭᠢ᠂ ᠤᠢ ᠰᠢᠭᠤᠢ ᠬᠠᠮᠠᠭᠠᠯᠠᠭᠴᠢ᠂  ᠨᠤᠲᠤᠭ ᠪᠡᠯᠴᠢᠭᠡᠷ ᠤᠨ ᠬᠠᠮᠢᠶᠠᠷᠤᠭᠴᠢ ᠨᠠᠷ ᠲᠣᠭᠤᠷᠢᠨ ᠬᠠᠮᠠᠭᠠᠯᠠᠬᠤ ᠨᠢᠭᠲᠠᠴᠠ ᠪᠣᠯᠣᠨ ᠲᠤᠭ᠎ᠠ ᠪᠠᠨ ᠨᠡᠮᠡᠭᠳᠡᠭᠦᠯᠦᠨ᠂ ᠬᠠᠤᠯᠢ ᠪᠤᠰᠤ ᠪᠠᠷ ᠬᠡᠭᠡᠷ᠎ᠡ ᠭᠠᠳᠠᠨ᠎ᠠ ᠭᠠᠯ ᠬᠡᠷᠡᠭᠯᠡᠭᠰᠡᠳ ᠲᠤ ᠴᠣᠬᠢᠯᠲᠠ ᠥᠭᠬᠦ ᠡᠷᠴᠢᠮ ᠢᠶᠠᠨ ᠨᠡᠮᠡᠭᠳᠡᠭᠦᠯᠦᠨ᠂ ᠤᠢ ᠰᠢᠭᠤᠢ ᠶᠢᠨ ᠣᠷᠣᠨ ᠤ ᠨᠤᠲᠤᠭ ᠪᠡᠯᠴᠢᠭᠡᠷ ᠲᠤ ᠠᠯᠢᠪᠠ ᠭᠠᠯ ᠤᠨ ᠵᠦᠢᠯ ᠣᠷᠣᠬᠤ ᠶᠢ ᠡᠷᠡᠰ ᠬᠤᠷᠢᠭᠯᠠᠵᠤ᠂ ᠭᠠᠯ ᠤᠨ ᠠᠶᠤᠯ ᠤᠨ ᠲᠠᠯᠳᠠ ᠭᠡᠮ ᠶᠢ ᠡᠷᠡᠰ ᠠᠷᠢᠯᠭᠠᠬᠤ ᠬᠡᠷᠡᠭᠲᠡᠢ᠃      ᠲᠠᠪᠤ᠂ ᠣᠶ ᠰᠢᠭᠤᠢ ᠨᠤᠲᠤᠭ ᠪᠡᠯᠴᠢᠭᠡᠷ ᠤᠨ ᠭᠠᠯ ᠤᠨ ᠴᠢᠩᠭ᠎ᠠ ᠰᠡᠷᠭᠡᠶᠢᠯᠡᠯᠲᠡ ᠶᠢᠨ ᠬᠤᠭᠤᠴᠠᠭᠠᠨ ᠳᠤ᠂ ᠪᠥᠬᠦ ᠬᠤᠰᠢᠭᠤᠨ ᠤ ᠡᠯ᠎ᠡ ᠱᠠᠲᠤᠨ ᠤ ᠨᠠᠮ ᠵᠠᠰᠠᠭ ᠤᠨ ᠪᠠᠶᠢᠭᠤᠯᠤᠯᠭ᠎ᠠ᠂ ᠨᠡᠶᠢᠭᠡᠮ ᠤᠨ ᠪᠦᠯᠬᠦᠮ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠵᠢᠴᠢ ᠺᠠᠳ᠋ᠷ ᠣᠯᠠᠨ ᠲᠦᠮᠡᠨ ᠪᠠ ᠭᠠᠳᠠᠨ᠎ᠠ ᠠᠴᠠ ᠢᠷᠡᠭᠰᠡᠨ ᠬᠥᠮᠥᠰ ᠤᠨ ᠰᠢᠭᠤᠶᠢᠲᠤ ᠨᠤᠲᠤᠭ ᠪᠡᠯᠴᠢᠭᠡᠷ ᠤᠨ ᠳᠣᠲᠣᠷᠠᠬᠢ ᠠᠯᠢᠪᠠ ᠠᠵᠢᠯᠯᠠᠭ᠎ᠠ ᠨᠢ ᠡᠷᠬᠡᠪᠰᠢ ᠭᠠᠯ ᠰᠡᠷᠭᠡᠶᠢᠯᠡᠬᠦ ᠠᠵᠢᠯ ᠤᠨ ᠶᠡᠭᠡ ᠲᠠᠯ᠎ᠠ ᠶᠢ ᠳᠠᠭᠠᠵᠤ᠂ ᠬᠤᠰᠢᠭᠤᠨ ᠤ ᠣᠶ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ ᠠᠵᠢᠯ ᠤᠨ ᠵᠢᠯᠤᠭᠤᠳᠬᠤ ᠭᠠᠵᠠᠷ ᠤᠨ ᠨᠢᠭᠡᠳᠦᠯᠲᠡᠢ ᠲᠣᠬᠢᠷᠠᠭᠤᠯᠤᠯᠲᠠ ᠶᠢ ᠳᠠᠭᠠᠬᠤ ᠬᠡᠷᠡᠭᠲᠡᠢ᠃ ᠶᠠᠮᠠᠷᠪᠠ ᠨᠢᠭᠡᠴᠡ ᠪᠣᠯᠣᠨ ᠬᠤᠪᠢ ᠬᠥᠮᠥᠨ ᠣᠶ ᠰᠢᠭᠤᠢ ᠨᠤᠲᠤᠭ ᠪᠡᠯᠴᠢᠭᠡᠷ ᠤᠨ ᠭᠠᠯ ᠤᠨ ᠭᠠᠮᠰᠢᠭ ᠢ ᠣᠯᠵᠤ ᠮᠡᠳᠡᠪᠡᠯ᠂ ᠳᠠᠷᠤᠶᠢᠬᠠᠨ 12119 ᠣᠶ ᠰᠢᠭᠤᠢ ᠨᠤᠲᠤᠭ ᠪᠡᠯᠴᠢᠭᠡᠷ ᠤᠨ ᠭᠠᠯ ᠤᠨ ᠭᠠᠮᠰᠢᠭ ᠤᠨ ᠲᠦᠭᠰᠢᠭᠦᠷᠢ ᠶᠢ ᠮᠡᠳᠡᠭᠦᠯᠬᠦ ᠤᠲᠠᠰᠤ ᠶᠢ ᠤᠲᠠᠰᠤᠳᠠᠵᠤ᠂ ᠣᠶ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ ᠵᠢᠯᠤᠭᠤᠳᠬᠤ ᠭᠠᠵᠠᠷ ᠤᠨ ᠠᠯᠪᠠᠨ ᠭᠡᠷ ᠤᠨ ᠬᠢᠨ ᠲᠦᠭᠰᠢᠭᠦᠷᠢ ᠤᠨ ᠮᠡᠳᠡᠭᠦᠯᠦᠯᠲᠡ ᠶᠢ ᠲᠣᠰᠤᠭᠰᠠᠨ ᠤ ᠳᠠᠷᠠᠭ᠎ᠠ ᠴᠠᠭ ᠲᠤᠬᠠᠢ ᠳᠤᠨᠢ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠬᠦ ᠶᠢᠨ ᠬᠠᠮᠲᠤ ᠵᠣᠬᠢᠬᠤ ᠠᠷᠭ᠎ᠠ ᠬᠡᠮᠵᠢᠶ᠎ᠡ ᠠᠪᠴᠤ ᠵᠣᠬᠢᠶᠠᠨ ᠪᠠᠶᠢᠭᠤᠯᠵᠤ ᠪᠠᠶᠢᠭᠠᠳ ᠭᠠᠯ ᠤᠨᠲᠠᠷᠠᠭᠠᠬᠤ ᠬᠡᠷᠡᠭᠲᠡᠢ᠃      ᠵᠢᠷᠭᠤᠭ᠎ᠠ᠂ ︽ᠤᠷᠢᠳᠴᠢᠯᠠᠨ ᠰᠡᠷᠭᠡᠶᠢᠯᠡᠬᠦ ᠪᠠᠷ ᠭᠤᠣᠯ ᠪᠣᠯᠭᠠᠵᠤ᠂ ᠢᠳᠡᠪᠬᠢᠲᠡᠢ ᠪᠠᠷ ᠤᠰᠠᠳᠬᠠᠬᠤ︾ ᠴᠢᠭᠯᠡᠯᠲᠡ ᠶᠢ ᠪᠠᠷᠢᠮᠲᠠᠯᠠᠨ᠂ ᠬᠤᠰᠢᠭᠤᠨ ᠤ ᠣᠶ ᠰᠢᠭᠤᠢ ᠡᠪᠡᠰᠦ ᠪᠡᠯᠴᠢᠭᠡᠷ ᠤᠨ ᠰᠠᠯᠠᠭ᠎ᠠ ᠮᠥᠴᠢᠷ ᠪᠠ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠰᠠᠯᠠᠭ᠎ᠠ ᠮᠥᠴᠢᠷ ᠤᠳ ᠭᠠᠯ ᠰᠡᠷᠭᠡᠶᠢᠯᠡᠨ ᠤᠨᠲᠠᠷᠠᠭᠠᠬᠤ ᠪᠡᠯᠡᠳᠬᠡᠯ ᠲᠥᠰᠥᠯ ᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠡᠳ᠋ ᠪᠣᠳᠠᠰ ᠨᠥᠭᠡᠴᠡᠯᠡᠬᠦ ᠠᠵᠢᠯ ᠢ ᠴᠢᠩᠭᠠᠳᠬᠠᠨ᠂ ᠭᠠᠯ ᠤᠨᠲᠠᠷᠠᠭᠠᠬᠤ ᠪᠡᠯᠡᠳᠬᠡᠯ ᠢ ᠭᠦᠢᠴᠡᠳ ᠰᠠᠶᠢᠲᠤᠷ ᠬᠢᠬᠦ ᠬᠡᠷᠡᠭᠲᠡᠢ᠃ ᠳᠣᠲᠣᠭᠠᠳᠤ ᠶᠢ ᠬᠠᠮᠠᠭᠠᠯᠠᠬᠤ᠂ ᠣᠶ ᠰᠢᠭᠤᠢ ᠶᠢᠨ ᠭᠠᠯ ᠤᠨᠲᠠᠷᠠᠭᠠᠬᠤ ᠳᠤᠮᠳᠠ ᠠᠩᠭᠢ᠂ ᠡᠯ᠎ᠡ ᠰᠤᠮᠤ ᠪᠠᠯᠭᠠᠰᠤ᠂ ᠡᠯ᠎ᠡ ᠭᠠᠯ ᠰᠡᠷᠭᠡᠶᠢᠯᠡᠬᠦ ᠪᠦᠷᠢᠯᠳᠦᠭᠦᠨ ᠨᠢᠭᠡᠴᠡ ᠨᠦᠭᠦᠳ ᠡᠭᠦᠷᠭᠡ ᠴᠢᠳᠠᠪᠤᠷᠢ ᠶᠢᠨ ᠦᠢᠯᠡᠳᠦᠯ ᠢᠶᠠᠨ ᠦᠨᠳᠦᠰᠦᠯᠡᠵᠦ᠂ ᠲᠣᠰ ᠲᠣᠰ ᠤᠨ ᠡᠭᠦᠷᠭᠡ ᠲᠤᠰᠢᠶᠠᠯ ᠢᠶᠠᠨ ᠭᠦᠢᠴᠡᠳᠬᠡᠨ᠂ ᠲᠣᠰ ᠲᠣᠰ ᠤᠨ ᠬᠠᠷᠢᠭᠤᠴᠠᠯᠭ᠎ᠠ ᠪᠠᠨ ᠭᠦᠢᠴᠡᠳᠬᠡᠵᠦ᠂ ᠠᠵᠢᠯ ᠲᠥᠷᠥᠯ ᠤᠨ ᠳᠠᠪᠠᠭᠤᠯᠢᠭ ᠢᠶᠠᠨ ᠲᠣᠪᠤᠶᠢᠯᠭᠠᠨ᠂ ᠣᠶ ᠰᠢᠭᠤᠢ ᠨᠤᠲᠤᠭ ᠪᠡᠯᠴᠢᠭᠡᠷ ᠤᠨ ᠰᠡᠷᠭᠡᠶᠢᠯᠡᠨ ᠭᠠᠯ ᠤᠨᠲᠠᠷᠠᠭᠠᠬᠤ ᠠᠵᠢᠯ ᠢ ᠪᠥᠬᠦ ᠬᠦᠴᠦᠨ ᠢᠶᠠᠷ ᠢᠶᠠᠨ ᠳᠡᠮᠵᠢᠬᠦ ᠶᠢᠨ ᠬᠠᠮᠲᠤ ᠬᠠᠮᠵᠢᠯᠴᠠᠨ ᠥᠷᠨᠢᠭᠦᠯᠵᠦ᠂ ᠳᠡᠭᠡᠳᠦ ᠬᠡᠮᠵᠢᠶᠡᠨ ᠤ ᠰᠡᠷᠭᠡᠶᠢᠯᠡᠯᠲᠡ ᠶᠢᠨ ᠪᠠᠶᠢᠳᠠᠯ ᠢ ᠴᠠᠭ ᠢᠮᠠᠭᠲᠠ ᠪᠠᠲᠤᠯᠠᠵᠤ᠂ ᠭᠠᠯ ᠢ ᠴᠢᠩᠭ᠎ᠠ ᠰᠡᠷᠭᠡᠶᠢᠯᠡᠬᠦ ᠬᠤᠭᠤᠴᠠᠭᠠᠨ ᠳᠤ ᠬᠤᠷᠢᠨ ᠳᠥᠷᠪᠡᠨ ᠴᠠᠭ ᠤᠨ ᠵᠢᠵᠢᠭᠦᠷᠯᠡᠬᠦ ᠳᠦᠷᠢᠮ ᠢ ᠬᠡᠷᠡᠭᠵᠢᠭᠦᠯᠦᠨ᠂ ᠭᠠᠯ ᠤᠨ ᠪᠠᠶᠢᠳᠠᠯ ᠢ ᠣᠯᠵᠤ ᠮᠡᠳᠡᠪᠡᠯ᠂ ᠦᠳᠲᠡᠷ ᠲᠦᠷᠭᠡᠨ ᠭᠠᠯ ᠣᠨᠳᠠᠷᠠᠭᠠᠬᠤ ᠠᠷᠭ᠎ᠠ ᠭᠡᠷᠡᠭᠯᠡᠵᠦ᠂ ᠦᠨᠡᠨᠬᠦ ᠡᠷᠲᠡ᠂ ᠪᠠᠭ᠎ᠠ᠂ ᠳᠠᠭᠤᠰᠬᠠᠬᠤ ᠶᠢ ᠪᠡᠶᠡᠯᠡᠭᠦᠯᠬᠦ ᠬᠡᠷᠡᠭᠲᠡᠢ᠃      ᠳᠣᠯᠤᠭ᠎ᠠ᠂ ᠣᠶ ᠰᠢᠭᠤᠢ ᠨᠤᠲᠤᠭ ᠪᠡᠯᠴᠢᠭᠡᠷ ᠤᠨ ᠭᠠᠯ ᠤᠨ ᠭᠠᠮᠰᠢᠭ ᠢ ᠰᠢᠰᠲ᠋ᠧᠮᠵᠢᠭᠦᠯᠦᠨ ᠮᠡᠳᠡᠭᠦᠯᠬᠦ ᠳᠦᠷᠢᠮ ᠢ ᠬᠡᠷᠡᠭᠵᠢᠭᠦᠯᠵᠦ᠂ ᠠᠯᠢᠪᠠ ᠭᠠᠯ ᠤᠨ ᠪᠠᠶᠢᠳᠠᠯ ᠤᠨ ᠮᠡᠳᠡᠭᠡ ᠵᠠᠩᠭᠢ ᠶᠢ ᠡᠷᠬᠡᠪᠰᠢ ᠬᠤᠰᠢᠭᠤᠨ ᠤ ᠣᠶ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ ᠵᠢᠯᠤᠭᠤᠳᠬᠤ ᠭᠠᠵᠠᠷ ᠢᠶᠠᠷ ᠨᠤᠲᠠᠯᠠᠭᠤᠯᠵᠤ᠂ ᠭᠠᠯ ᠰᠡᠷᠭᠡᠶᠢᠯᠡᠬᠦ ᠠᠵᠢᠯ ᠤᠨ ᠠᠯᠪᠠᠨ ᠭᠡᠷ ᠠᠴᠠ ᠨᠡᠶᠢᠲᠡᠯᠡᠬᠦ ᠬᠡᠷᠡᠭᠲᠡᠢ᠃ ᠡᠯ᠎ᠡ ᠰᠤᠮᠤ ᠪᠠᠯᠭᠠᠰᠤ᠂ ᠡᠯ᠎ᠡ ᠭᠠᠯ ᠰᠡᠷᠭᠡᠶᠢᠯᠡᠬᠦ ᠠᠵᠢᠯ ᠤᠨ ᠪᠦᠷᠢᠯᠳᠦᠭᠦᠨ ᠨᠢᠭᠡᠴᠡ ᠵᠢᠯᠤᠭᠤᠳᠬᠤ ᠭᠠᠵᠠᠷ ᠤᠨ ᠵᠥᠪᠰᠢᠶᠡᠷᠡᠯ ᠦᠭᠡᠢ ᠪᠠᠷ ᠳᠤᠷ᠎ᠠ ᠪᠠᠷ ᠢᠶᠠᠨ ᠭᠠᠯ ᠤᠨ ᠪᠠᠶᠢᠳᠠᠯ ᠤᠨ ᠮᠡᠳᠡᠭᠡ ᠨᠡᠶᠢᠲᠡᠯᠡᠵᠦ ᠪᠣᠯᠬᠤ ᠦᠭᠡᠢ᠂ ᠪᠠᠴᠢᠮ ᠪᠠᠶᠢᠳᠠᠯ ᠭᠠᠷᠪᠠᠯ ᠴᠠᠭ ᠲᠤᠬᠠᠢ ᠳᠤᠨᠢ ᠬᠤᠰᠢᠭᠤᠨ ᠤ ᠣᠶ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠭᠠᠯ ᠤᠨᠲᠠᠷᠠᠭᠠᠬᠤ ᠠᠵᠢᠯ ᠤᠨ ᠵᠢᠯᠤᠭᠤᠳᠬᠤ ᠭᠠᠵᠠᠷ ᠤᠨ ᠠᠯᠪᠠᠨ ᠭᠡᠷ ᠲᠤ ᠮᠡᠳᠡᠭᠦᠯᠬᠦ ᠬᠡᠷᠡᠭᠲᠡᠢ᠃      ᠨᠠᠢᠮᠠ᠂ ᠭᠠᠯ ᠢ ᠴᠢᠩᠭ᠎ᠠ ᠰᠡᠷᠭᠡᠶᠢᠯᠡᠬᠦ ᠬᠤᠭᠤᠴᠠᠭᠠᠨ ᠳᠤ᠂ ᠣᠶ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠠᠵᠢᠯ ᠤᠨ ᠬᠠᠤᠯᠢ ᠴᠠᠭᠠᠵᠠ ᠬᠠᠤᠯᠢ ᠲᠣᠭᠲᠠᠭᠠᠯ ᠪᠣᠯᠣᠨ ᠲᠣᠰ ᠴᠢᠩᠭ᠎ᠠ ᠰᠡᠷᠭᠡᠶᠢᠯᠡᠯᠲᠡ ᠶᠢᠨ ᠵᠠᠷᠯᠢᠭ ᠠᠴᠠ ᠵᠥᠷᠢᠴᠡᠭᠰᠡᠨ ᠨᠢᠭᠡᠴᠡ ᠪᠣᠯᠣᠨ ᠬᠤᠪᠢ ᠬᠥᠮᠥᠨ ᠪᠦᠬᠦᠨ ᠢ ᠳᠣᠲᠣᠭᠠᠳᠤ ᠶᠢ ᠬᠠᠮᠠᠭᠠᠯᠠᠬᠤ ᠪᠠᠶᠢᠭᠤᠯᠤᠯᠭ᠎ᠠ ᠪᠣᠯᠣᠨ ᠬᠤᠯᠪᠣᠭᠳᠠᠯ ᠪᠦᠬᠦᠢ ᠨᠢᠭᠡᠴᠡ ᠠᠴᠠ ︽ᠣᠶ ᠰᠢᠭᠤᠢ ᠶᠢᠨ ᠭᠠᠯ ᠰᠡᠷᠭᠡᠶᠢᠯᠡᠬᠦ ᠳᠦᠷᠢᠮ︾᠂ ︽ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠳᠦᠷᠢᠮ︾ ᠵᠡᠷᠭᠡ ᠤᠯᠤᠰ ᠤᠨ ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠢ ᠦᠨᠳᠦᠰᠦᠯᠡᠨ ᠰᠢᠳᠬᠡᠨ ᠲᠣᠷᠭᠠᠨ᠎ᠠ᠃ ᠶᠠᠯ᠎ᠠ ᠪᠣᠯᠵᠤ ᠪᠦᠷᠢᠯᠳᠦᠭᠰᠡᠨ ᠪᠠᠶᠢᠪᠠᠯ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠃      ᠡᠵᠡᠨ᠎ᠡ ᠬᠤᠰᠢᠭᠤᠨ ᠤ ᠣᠶ ᠰᠢᠭᠤᠢ ᠨᠤᠲᠤᠭ ᠪᠡᠯᠴᠢᠭᠡᠷ ᠤᠨ ᠲᠣᠪᠴᠢᠶ᠎ᠠ ᠶᠢᠨ ᠭᠠᠯ ᠰᠡᠷᠭᠡᠶᠢᠯᠡᠬᠦ ᠵᠢᠵᠢᠭᠦᠷ ᠤᠨ ᠤᠲᠠᠰᠤ᠄ 0483 ︱ 6522853      ᠣᠶ ᠰᠢᠭᠤᠢ ᠨᠤᠲᠤᠭ ᠪᠡᠯᠴᠢᠭᠡᠷ ᠤᠨ ᠭᠠᠯ ᠤᠨ ᠭᠠᠮᠰᠢᠭ ᠤᠨ ᠲᠦᠭᠰᠢᠭᠦᠷᠢ ᠶᠢ ᠮᠡᠳᠡᠭᠦᠯᠬᠦ ᠤᠲᠠᠰᠤ᠄ 12119
 
ᠢᠷᠡᠯᠲᠡ᠄ ᠡᠵᠡᠨ᠎ᠡ ᠬᠤᠰᠢᠭᠤᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号