ᠡᠯ᠎ᠡ ᠬᠠᠮᠢᠶ᠎ᠠ ᠪᠦᠬᠦᠢ ᠨᠢᠭᠡᠴᠡ ᠪᠠᠶᠢᠭᠤᠯᠭ᠎ᠠ᠄ | ᠡᠵᠡᠨ᠎ᠡ ᠶᠢᠨ ᠲᠣᠣᠷᠠᠢ ᠶᠢᠨ ᠣᠢ ᠶᠢᠨ ᠤᠯᠤᠰ ᠤᠨ ᠳᠡᠰ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ | ᠬᠠᠮᠢᠶᠠᠷᠤᠯᠲᠠ ᠶᠢᠨ ᠠᠵᠢᠯ ᠢ ᠯᠠᠪᠳᠠᠭᠤᠨ ᠪᠠᠲᠤᠲᠠᠢ ᠠᠬᠢᠭᠤᠯᠬᠤ ᠶᠢᠨ ᠲᠥᠯᠥᠭᠡ᠂ ᠡᠵᠡᠨ᠎ᠡ ᠬᠤᠰᠢᠭᠤᠨ ᠤ ᠠᠵᠤ | ᠠᠬᠤᠢ ᠨᠡᠶᠢᠭᠡᠮ ᠤᠨ ᠬᠥᠭᠵᠢᠯᠲᠡ ᠪᠠ ᠪᠦᠲᠦᠭᠡᠨ ᠪᠠᠶᠢᠭᠤᠯᠤᠯᠲᠠ ᠳᠤ ᠴᠢᠬᠤᠯᠠ ᠠᠮᠢ ᠠᠬᠤᠢ ᠶᠢᠨ ᠪᠠᠲᠤᠯᠠᠭ᠎ᠠ | ᠬᠠᠩᠭᠠᠵᠤ᠂ ︽ᠡᠵᠡᠨ᠎ᠡ ᠲᠣᠣᠷᠠᠢ ᠶᠢᠨ ᠣᠶ ᠶᠢᠨ ᠤᠯᠤᠰ ᠤᠨ ᠲᠠᠰ ᠤᠨ ᠪᠠᠶᠢᠭᠠᠯᠢ ᠶᠢᠨ ᠬᠠᠮᠠᠭᠠᠯᠠᠯᠲᠠ ᠶᠢᠨ | ᠣᠷᠣᠨ ᠤ ᠨᠡᠶᠢᠭᠡᠮ ᠲᠣᠭᠤᠷᠢᠭ ᠤᠨ ᠬᠠᠮᠲᠤ ᠶᠢᠨ ᠬᠠᠮᠢᠶᠠᠷᠤᠯᠲᠠ ᠶᠢ ᠬᠡᠷᠡᠭᠵᠢᠭᠦᠯᠬᠦ ᠲᠥᠰᠥᠯ︾ ︵ᠡᠵᠡᠨ᠎ᠡ ᠵᠠᠰᠠᠭ | ᠠᠯᠪᠠᠨ ᠲᠠᠷᠬᠠᠭᠠᠭᠰᠠᠨ ﹇2016﹈ 47 ᠳ᠋ᠤᠭᠠᠷ ᠲᠣᠭᠠᠲᠤ︶ ᠤᠨ ᠱᠠᠭᠠᠷᠳᠠᠯᠭ᠎ᠠ ᠶᠢ ᠦᠨᠳᠦᠰᠦᠯᠡᠨ᠂ | ᠰᠤᠳᠤᠯᠬᠤ ᠪᠠᠷ ᠳᠡᠮᠵᠢᠨ᠂ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠠᠴᠠ ᠡᠵᠡᠨ᠎ᠡ ᠶᠢᠨ ᠲᠣᠣᠷᠠᠢ ᠶᠢᠨ | ᠣᠶ ᠶᠢᠨ ᠤᠯᠤᠰ ᠤᠨ ᠲᠠᠰ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠨᠡᠶᠢᠭᠡᠮ ᠲᠣᠭᠤᠷᠢᠭ ᠤᠨ ᠬᠠᠮᠲᠤ ᠶᠢᠨ | ᠬᠠᠮᠢᠶᠠᠷᠬᠤ ᠤᠳᠤᠷᠢᠳᠬᠤ ᠳᠤᠭᠤᠶᠢᠯᠠᠩ ᠪᠠᠶᠢᠭᠤᠯᠬᠤ ᠪᠠᠷ ᠲᠣᠭᠲᠠᠪᠠ᠂ ᠡᠳᠦᠭᠡ ᠤᠳᠤᠷᠢᠳᠬᠤ ᠳᠤᠭᠤᠶᠢᠯᠠᠩ ᠤᠨ | ᠪᠦᠷᠢᠯᠳᠦᠭᠦᠨ ᠤ ᠨᠡᠷᠡᠰ ᠢ ᠳᠣᠣᠷᠠᠬᠢ ᠮᠡᠲᠦ ᠮᠡᠳᠡᠭᠳᠡᠶ᠎ᠡ᠄ | ᠤᠳᠤᠷᠢᠳᠬᠤ ᠳᠤᠭᠤᠶᠢᠯᠠᠩ ᠤᠨ ᠪᠦᠷᠢᠯᠳᠦᠭᠦᠨ᠄ | ᠳᠤᠭᠤᠶᠢᠯᠠᠩ ᠤᠨ ᠳᠠᠷᠤᠭ᠎ᠠ᠄ | ᠪᠦᠬᠡ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤ ᠳᠠᠷᠤᠭ᠎ᠠ | ᠳᠤᠭᠤᠶᠢᠯᠠᠩ ᠤᠨ ᠳᠡᠳ᠋ ᠳᠠᠷᠤᠭ᠎ᠠ᠄ | ᠮᠦᠷᠡᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ | ᠪᠦᠷᠢᠯᠳᠦᠭᠦᠨ᠄ | ᠯᠢ ᠵᠥᠩ ᠭᠤᠸᠠᠩ ᠡᠵᠡᠨ᠎ᠡ ᠲᠣᠣᠷᠠᠢ ᠶᠢᠨ ᠬᠠᠮᠢᠶᠠᠷᠤᠯᠲᠠ ᠶᠢᠨ ᠲᠣᠪᠴᠢᠶ᠎ᠠ᠂ ᠬᠤᠰᠢᠭᠤᠨ ᠤ ᠣᠶ | ᠰᠢᠭᠤᠢ ᠨᠤᠲᠤᠭ ᠪᠡᠯᠴᠢᠭᠡᠷ ᠤᠨ ᠲᠣᠪᠴᠢᠶ᠎ᠠ ᠶᠢᠨ ᠳᠠᠷᠤᠭ᠎ᠠ | ᠶᠢᠨ ᠰᠢᠶᠣᠣ ᠬᠤᠢ ᠰᠤᠪᠨᠠᠭᠤᠷ ᠰᠤᠮᠤᠨ ᠤ ᠰᠤᠮᠤᠨ ᠳᠠᠷᠤᠭ᠎ᠠ | ᠳᠠᠪᠰᠢᠯᠲᠤ ᠪᠠᠶᠠᠨᠲᠤᠤᠷᠠᠢ ᠰᠤᠮᠤᠨ ᠤ ᠰᠤᠮᠤᠨ ᠳᠠᠷᠤᠭ᠎ᠠ | ᠼᠤᠤ ᠹᠦ᠋ ᠵᠢᠶᠦ᠋ᠨ ᠠᠶᠢᠮᠠᠭ ᠤᠨ ᠠᠮᠢ ᠠᠬᠤᠢ ᠶᠢᠨ ᠣᠷᠴᠢᠨ ᠲᠣᠭᠤᠷᠢᠨ ᠤ ᠲᠣᠪᠴᠢᠶ᠎ᠠ ᠶᠢᠨ | ᠡᠵᠡᠨ᠎ᠡ ᠬᠤᠰᠢᠭᠤᠨ ᠳᠠᠬᠢ ᠬᠤᠪᠢᠶᠠᠷᠢ ᠲᠤᠪᠴᠢᠶᠠᠨ ᠳᠠᠷᠤᠭ᠎ᠠ | ᠤᠳᠤᠷᠢᠳᠬᠤ ᠳᠤᠭᠤᠶᠢᠯᠠᠩ ᠤᠨ ᠳᠣᠣᠷ᠎ᠠ ᠬᠠᠮᠲᠤ ᠪᠠᠷ ᠬᠠᠮᠢᠶᠠᠷᠬᠤ ᠠᠯᠪᠠᠨ ᠭᠡᠷ ᠭᠠᠷᠭᠠᠵᠤ᠂ ᠠᠯᠪᠠᠨ | ᠭᠡᠷ ᠤᠨ ᠡᠷᠬᠢᠯᠡᠭᠴᠢ ᠶᠢᠨ ᠲᠤᠰᠢᠶᠠᠯ ᠢ ᠯᠢ ᠵᠦᠩ ᠭᠤᠸᠠᠩ ᠨᠥᠬᠦᠷ ᠬᠠᠪᠰᠤᠷᠭᠠᠨ ᠬᠠᠷᠢᠭᠤᠴᠠᠵᠤ᠂ ᠨᠡᠶᠢᠭᠡᠮ | ᠲᠣᠭᠤᠷᠢᠭ ᠤᠨ ᠬᠠᠮᠲᠤ ᠪᠠᠷ ᠬᠠᠮᠢᠶᠠᠷᠬᠤ ᠠᠯᠪᠠᠨ ᠭᠡᠷ ᠤᠨ ᠡᠳᠦᠷ ᠳᠤᠳᠤᠮ ᠤᠨ ᠠᠵᠢᠯ ᠢ ᠪᠣᠳᠠᠲᠠᠢ | ᠬᠠᠷᠢᠭᠤᠴᠠᠨ᠎ᠠ᠃ | ᠬᠤᠶᠢᠰᠢᠳᠠ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ ᠳᠤ ᠬᠤᠪᠢᠷᠠᠯᠲᠠ ᠭᠠᠷᠬᠤ ᠳᠤ ᠬᠦᠷᠪᠡᠯ᠂ | ᠤᠳᠤᠷᠢᠳᠬᠤ ᠳᠤᠭᠤᠶᠢᠯᠠᠩ ᠠᠴᠠ ᠵᠢᠷᠤᠮ ᠶᠣᠰᠣᠭᠠᠷ ᠲᠣᠬᠢᠷᠠᠭᠤᠯᠤᠨ᠎ᠠ᠃ ᠵᠠᠰᠠᠭ ᠤᠨ ᠣᠷᠳᠣᠨ ᠤ ᠠᠯᠪᠠᠨ | ᠭᠡᠷ ᠠᠴᠠ ᠲᠤᠰ ᠲᠤᠨᠢ ᠠᠯᠪᠠᠨ ᠪᠢᠴᠢᠭ ᠶᠠᠪᠤᠭᠤᠯᠬᠤ ᠦᠭᠡᠢ᠃ | | 2023 ᠣᠨ ᠤ 2 ᠳ᠋ᠤᠭᠠᠷ ᠰᠠᠷ᠎ᠠ ᠶᠢᠨ 7 ᠤ ᠡᠳᠦᠷ | |