ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠲᠤ᠄ | 10 ᠳ᠋ᠤᠭᠠᠷ ᠰᠠᠷ᠎ᠠ ᠶᠢᠨ 27 ᠤ ᠡᠳᠦᠷ ᠬᠤᠰᠢᠭᠤᠨ ᠤ ᠨᠠᠮ ᠤᠨ ᠬᠤᠷᠢᠶᠠᠨ ᠤ 2022 ᠣᠨ ᠤ 30 | ᠳ᠋ᠤᠭᠠᠷ ᠤᠳᠠᠭᠠᠨ ᠤ ᠪᠠᠶᠢᠩᠭᠤ ᠶᠢᠨ ᠭᠡᠰᠢᠭᠦᠳ ᠤᠨ ᠬᠤᠷᠠᠯ᠂ ᠠᠷᠠᠳ ᠤᠨ ᠵᠠᠰᠠᠭ ᠤᠨ ᠣᠷᠳᠣᠨ ᠤ 7 ᠳ᠋ᠤᠭᠠᠷ | ᠤᠳᠠᠭᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠠᠴᠠ ᠡᠵᠡᠨ᠎ᠡ ᠬᠤᠰᠢᠭᠤᠨ ᠤ ᠵᠠᠰᠠᠮᠠᠯ ᠵᠠᠮ ᠤᠨ | ᠪᠡᠯᠡ ᠣᠷᠣᠭᠤᠯᠤᠯᠲᠠ ᠶᠢᠨ ᠪᠦᠳᠦᠭᠡᠨ ᠪᠠᠶᠢᠭᠤᠯᠤᠯᠲᠠ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠪᠠᠶᠢᠭᠤᠯᠵᠤ᠂ | ᠮᠠᠨ ᠤ ᠬᠤᠰᠢᠭᠤᠨ ᠤ ᠤᠯᠤᠰ ᠤᠨ ᠥᠮᠴᠢᠯᠡᠯ ᠤᠨ ᠵᠠᠮ ᠬᠠᠷᠢᠯᠴᠠᠭᠠᠨ ᠤ ᠠᠵᠤ ᠠᠬᠤᠶᠢᠯᠠᠯ ᠪᠣᠯᠭᠠᠵᠤ᠂ ᠵᠠᠰᠠᠮᠠᠯ | ᠵᠠᠮ ᠤᠨ ᠪᠡᠯᠡ ᠣᠷᠣᠭᠤᠯᠤᠯᠲᠠ ᠪᠤᠶᠢᠲᠣᠭᠠ ᠪᠠᠶᠢᠭᠤᠯᠤᠯᠲᠠ ᠶᠢᠨ ᠭᠤᠣᠯ ᠴᠣᠭᠴᠠ ᠶᠢᠨ ᠬᠠᠷᠢᠭᠤᠴᠠᠯᠭ᠎ᠠ ᠶᠢ | ᠡᠭᠦᠷᠭᠡᠯᠡᠨ᠎ᠡ ᠭᠡᠵᠦ ᠰᠤᠳᠤᠯᠤᠨ ᠲᠣᠭᠲᠠᠭᠠᠵᠠᠢ᠃ ᠡᠳᠦᠭᠡ ︽ᠡᠵᠡᠨ᠎ᠡ ᠬᠤᠰᠢᠭᠤᠨ ᠤ ᠵᠠᠰᠠᠮᠠᠯ ᠵᠠᠮ ᠤᠨ ᠵᠠᠮ | ᠬᠠᠷᠢᠯᠴᠠᠭᠠᠨ ᠤ ᠪᠡᠯᠡ ᠣᠷᠣᠭᠤᠯᠤᠯᠲᠠ ᠪᠦᠲᠦᠭᠡᠨ ᠪᠠᠶᠢᠭᠤᠯᠤᠯᠲᠠ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢ | ᠪᠠᠶᠢᠭᠤᠯᠬᠤ ᠲᠥᠰᠥᠯ︾ ᠢ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠵᠢᠷᠤᠮᠯᠠᠨ ᠬᠡᠷᠡᠭᠵᠢᠭᠦᠯᠲᠦᠭᠡᠢ᠃ | ᠳᠠᠭᠠᠯᠳᠤᠭᠤᠯᠤᠯ᠄ ᠡᠵᠡᠨ᠎ᠡ ᠬᠤᠰᠢᠭᠤᠨ ᠤ ᠵᠠᠰᠠᠮᠠᠯ ᠵᠠᠮ ᠤᠨ ᠵᠠᠮ ᠬᠠᠷᠢᠯᠴᠠᠭᠠᠨ ᠤ ᠪᠡᠯᠡ ᠣᠷᠣᠭᠤᠯᠤᠯᠲᠠ ᠪᠦᠲᠦᠭᠡᠨ | ᠪᠠᠶᠢᠭᠤᠯᠤᠯᠲᠠ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢ ᠪᠠᠶᠢᠭᠤᠯᠬᠤ ᠲᠥᠰᠥᠯ | 2022 ᠣᠨ ᠤ 11 ᠳ᠋ᠤᠭᠠᠷ ᠰᠠᠷ᠎ᠠ ᠶᠢᠨ 9 ᠤ ᠡᠳᠦᠷ | | | ᠳᠠᠭᠠᠯᠳᠤᠭᠤᠯᠤᠯ᠄ | | | ᠡᠵᠡᠨ᠎ᠡ ᠬᠤᠰᠢᠭᠤᠨ ᠤ ᠵᠠᠰᠠᠮᠠᠯ ᠵᠠᠮ ᠤᠨ ᠵᠠᠮ ᠬᠠᠷᠢᠯᠴᠠᠭᠠᠨ ᠤ ᠪᠡᠯᠡ ᠣᠷᠣᠭᠤᠯᠤᠯᠲᠠ ᠪᠦᠲᠦᠭᠡᠨ | ᠪᠠᠶᠢᠭᠤᠯᠤᠯᠲᠠ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢ ᠪᠠᠶᠢᠭᠤᠯᠬᠤ ᠲᠥᠰᠥᠯ | ᠡᠵᠡᠨ᠎ᠡ ᠬᠤᠰᠢᠭᠤᠨ ᠤ ᠵᠠᠮ ᠬᠠᠷᠢᠯᠴᠠᠭᠠᠨ ᠤ ᠦᠢᠯᠡᠰ ᠤᠨ ᠬᠥᠭᠵᠢᠯᠲᠡ ᠶᠢ ᠯᠠᠪᠳᠠᠭᠤᠨ ᠢᠶᠠᠷ ᠠᠬᠢᠭᠤᠯᠵᠤ᠂ | ᠬᠤᠰᠢᠭᠤᠨ ᠤ ᠬᠡᠪᠴᠢᠶᠡᠨ ᠳᠠᠬᠢ ᠵᠠᠮ ᠬᠠᠷᠢᠯᠴᠠᠭᠠᠨ ᠤ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢᠨ | ᠠᠯᠬᠤᠴᠠ ᠶᠢ ᠲᠦᠷᠭᠡᠳᠬᠡᠨ᠂ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠡᠵᠡᠩᠨᠡᠯᠲᠡ ᠬᠠᠮᠢᠶᠠᠷᠤᠯᠲᠠ ᠶᠢ | ᠴᠢᠩᠭᠠᠷᠠᠭᠤᠯᠵᠤ᠂ ᠡᠬᠢ ᠪᠠᠶᠠᠯᠢᠭ ᠢ ᠰᠠᠯᠭᠠᠭᠰᠠᠨ᠂ ᠡᠭᠦᠷᠭᠡ ᠴᠢᠳᠠᠪᠤᠷᠢ ᠶᠢ ᠰᠣᠯᠪᠢᠴᠠᠭᠤᠯᠤᠭᠰᠠᠨ᠂ ᠬᠠᠮᠢᠶᠠᠷᠴᠤ | ᠠᠷᠠᠴᠢᠯᠠᠬᠤ ᠶᠢ ᠰᠠᠯᠭᠠᠭᠰᠠᠨ᠂ ᠨᠡᠪᠲᠡᠷᠡᠯᠲᠡ ᠰᠢᠯᠤᠭᠤᠨ ᠦᠭᠡᠢ ᠡᠵᠡᠩᠨᠡᠯᠲᠡ ᠶᠢᠨ ᠵᠠᠭᠪᠤᠷ ᠢ ᠰᠢᠢᠳᠪᠦᠷᠢᠯᠡᠨ᠎ᠡ᠃ | ᠵᠠᠬ᠎ᠠ ᠳᠡᠯᠭᠡᠭᠦᠷ ᠤᠨ ᠲᠣᠭᠲᠠᠴᠠ ᠪᠠ ᠣᠲᠣ ᠦᠶ᠎ᠡ ᠶᠢᠨ ᠠᠵᠤ ᠠᠬᠤᠶᠢᠯᠠᠯ ᠤᠨ ᠳᠦᠷᠢᠮ ᠤᠨ ᠱᠠᠭᠠᠷᠳᠠᠯᠭ᠎ᠠ | ᠶᠣᠰᠣᠭᠠᠷ᠂ ᠡᠵᠡᠨ᠎ᠡ ᠬᠤᠰᠢᠭᠤᠨ ᠤ ᠵᠠᠰᠠᠮᠠᠯ ᠵᠠᠮ ᠤᠨ ᠵᠠᠮ ᠬᠠᠷᠢᠯᠴᠠᠭᠠᠨ ᠤ ᠪᠡᠯᠡ ᠣᠷᠣᠭᠤᠯᠤᠯᠲᠠ ᠪᠦᠲᠦᠭᠡᠨ | ᠪᠠᠶᠢᠭᠤᠯᠤᠯᠲᠠ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢ ᠪᠠᠶᠢᠭᠤᠯᠬᠤ ᠪᠠᠷ ᠪᠣᠶ᠂ ᠲᠣᠰ ᠲᠥᠰᠥᠯ ᠢ | ᠣᠨᠴᠠᠭᠠᠶᠢᠯᠠᠨ ᠲᠣᠭᠲᠠᠭᠠᠪᠠ᠃ | ᠨᠢᠭᠡ᠂ ᠶᠡᠷᠦᠩᠬᠡᠢ ᠱᠠᠭᠠᠷᠳᠠᠯᠭ᠎ᠠ | ᠵᠠᠮ ᠬᠠᠷᠢᠯᠴᠠᠭᠠᠨ ᠤ ᠬᠦᠴᠦᠷᠬᠡᠭ ᠤᠯᠤᠰ ᠢ ᠪᠦᠲᠦᠭᠡᠨ ᠪᠠᠶᠢᠭᠤᠯᠬᠤ ᠪᠠᠷ ᠲᠡᠮᠡᠴᠡᠬᠦ ᠬᠠᠷᠠᠯᠲᠠ ᠪᠠᠨ ᠪᠣᠯᠭᠠᠨ᠂ | ᠬᠤᠰᠢᠭᠤᠨ ᠤ ᠬᠡᠪᠴᠢᠶᠡᠨ ᠤ ᠵᠠᠮ ᠬᠠᠷᠢᠯᠴᠠᠭᠠᠨ ᠤ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢᠨ | ᠠᠯᠬᠤᠴᠠ ᠶᠢ ᠲᠦᠷᠭᠡᠳᠬᠡᠨ᠂ ᠵᠠᠮ ᠬᠠᠷᠢᠯᠴᠠᠭᠠᠨ ᠤ ᠰᠠᠭᠤᠷᠢ ᠪᠡᠯᠡᠳᠬᠡᠮᠵᠢ ᠶᠢᠨ ᠣᠷᠣᠭᠤᠯᠤᠯᠲᠠ ᠲᠠᠢ ᠪᠥᠭᠡᠳ | ᠭᠠᠷᠤᠯᠲᠠ ᠲᠠᠢ ᠰᠠᠶᠢᠨ ᠣᠷᠴᠢᠯ ᠠᠵᠤ ᠠᠬᠤᠢ ᠶᠢ ᠪᠡᠶᠡᠯᠡᠭᠦᠯᠦᠨ᠎ᠡ᠃ ᠵᠠᠰᠠᠭ ᠤᠨ ᠣᠷᠳᠣᠨ ᠢᠶᠠᠷ ᠤᠳᠤᠷᠢᠳᠤᠮᠵᠢ | ᠪᠣᠯᠭᠠᠵᠤ᠂ ᠵᠠᠬ᠎ᠠ ᠳᠡᠯᠭᠡᠭᠦᠷ ᠤᠨ ᠠᠵᠢᠯᠯᠠᠭᠠᠨ ᠤ ᠵᠠᠭᠪᠤᠷ ᠶᠣᠰᠣᠭᠠᠷ᠂ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ᠂ | ᠬᠠᠳᠠᠭᠠᠯᠠᠯᠲᠠ ᠶᠢᠨ ᠬᠡᠮᠵᠢᠶ᠎ᠡ ᠶᠢ ᠠᠮᠢᠳᠤᠯᠢᠭ ᠪᠣᠯᠭᠠᠵᠤ᠂ ᠵᠠᠮ ᠬᠠᠷᠢᠯᠴᠠᠭᠠᠨ ᠤ ᠪᠡᠯᠡ ᠣᠷᠣᠭᠤᠯᠤᠯᠲᠠ᠂ ᠪᠦᠲᠦᠭᠡᠨ | ᠪᠠᠶᠢᠭᠤᠯᠤᠯᠲᠠ᠂ ᠡᠵᠡᠩᠨᠡᠯᠲᠡ ᠶᠢ ᠨᠢᠭᠡ ᠴᠣᠭᠴᠠᠵᠢᠭᠤᠯᠤᠭᠰᠠᠨ ᠵᠠᠮ ᠬᠠᠷᠢᠯᠴᠠᠭᠠᠨ ᠤ ᠪᠡᠯᠡ ᠣᠷᠣᠭᠤᠯᠤᠯᠲᠠ ᠶᠢᠨ | ᠲᠠᠪᠴᠠᠩ ᠢ ᠪᠠᠶᠢᠭᠤᠯᠤᠨ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠬᠥᠭᠵᠢᠯᠲᠡ ᠶᠢᠨ ︽ᠪᠡᠯᠡ ᠣᠷᠣᠭᠤᠯᠤᠯᠲᠠ ︱ | ᠥᠷᠲᠡᠭ ᠨᠡᠮᠡᠭᠳᠡᠯ ︱ ᠳᠠᠬᠢᠨ ᠪᠡᠯᠡ ᠣᠷᠣᠭᠤᠯᠤᠯᠲᠠ︾ ᠶᠢᠨ ᠰᠠᠶᠢᠨ ᠣᠷᠴᠢᠯ ᠢ ᠪᠡᠶᠡᠯᠡᠭᠦᠯᠵᠦ᠂ ᠪᠥᠬᠦ | ᠬᠤᠰᠢᠭᠤᠨ ᠤ ᠵᠠᠮ ᠬᠠᠷᠢᠯᠴᠠᠭᠠᠨ ᠤ ᠪᠦᠲᠦᠭᠡᠨ ᠪᠠᠶᠢᠭᠤᠯᠤᠯᠲᠠ ᠶᠢᠨ ᠬᠦᠷᠢᠶᠡᠨ ᠳᠠᠬᠢ ᠪᠡᠯᠡ ᠣᠷᠣᠭᠤᠯᠤᠯᠲᠠ ᠶᠢᠨ | ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠶᠢ ᠪᠡᠶᠡᠯᠡᠭᠦᠯᠵᠦ᠂ ᠶᠡᠷᠦᠩᠬᠡᠶᠢᠯᠡᠭᠰᠡᠨ ᠵᠠᠮ ᠬᠠᠷᠢᠯᠴᠠᠭ᠎ᠠ | ᠲᠡᠭᠡᠭᠡᠪᠦᠷᠢ ᠶᠢᠨ ᠰᠢᠰᠲ᠋ᠧᠮᠵᠢ ᠶᠢᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠬᠤ ᠳᠤ ᠴᠢᠬᠤᠯᠠ | ᠪᠠᠲᠤᠯᠠᠭ᠎ᠠ ᠬᠠᠩᠭᠠᠨ᠎ᠠ᠃ | ᠬᠤᠶᠠᠷ᠂ ᠵᠣᠬᠢᠶᠠᠨ ᠪᠠᠶᠢᠭᠤᠯᠬᠤ ᠵᠠᠷᠴᠢᠮ | ︵ᠨᠢᠭᠡ︶ ᠡᠵᠡᠨ᠎ᠡ ᠬᠤᠰᠢᠭᠤᠨ ᠤ ᠵᠠᠰᠠᠮᠠᠯ ᠵᠠᠮ ᠤᠨ ᠵᠠᠮ ᠬᠠᠷᠢᠯᠴᠠᠭᠠᠨ ᠤ ᠪᠡᠯᠡ ᠣᠷᠣᠭᠤᠯᠤᠯᠲᠠ ᠪᠦᠲᠦᠭᠡᠨ | ᠪᠠᠶᠢᠭᠤᠯᠤᠯᠲᠠ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢ ᠣᠲᠣ ᠦᠶ᠎ᠡ ᠶᠢᠨ ᠠᠵᠤ ᠠᠬᠤᠶᠢᠯᠠᠯ ᠤᠨ | ᠬᠠᠮᠢᠶᠠᠷᠤᠯᠲᠠ ᠶᠢᠨ ᠳᠦᠷᠢᠮ ᠪᠠ ᠵᠠᠭᠪᠤᠷ ᠢᠶᠠᠷ ᠵᠣᠬᠢᠶᠠᠨ ᠪᠠᠶᠢᠭᠤᠯᠵᠤ᠂ ᠡᠵᠡᠨ᠎ᠡ ᠬᠤᠰᠢᠭᠤᠨ ᠤ ᠵᠠᠮ ᠬᠠᠷᠢᠯᠴᠠᠭ᠎ᠠ | ᠲᠡᠭᠡᠭᠡᠪᠦᠷᠢ ᠶᠢᠨ ᠦᠢᠯᠡᠰ ᠤᠨ ᠬᠥᠭᠵᠢᠯᠲᠡ ᠶᠢᠨ ᠪᠡᠯᠡ ᠣᠷᠣᠭᠤᠯᠤᠯᠲᠠ᠂ ᠡᠵᠡᠩᠨᠡᠯᠲᠡ᠂ ᠬᠠᠮᠢᠶᠠᠷᠤᠯᠲᠠ ᠶᠢᠨ ᠭᠤᠣᠯ | ᠴᠣᠭᠴᠠ ᠪᠣᠯᠭᠠᠨ᠎ᠠ᠃ | ︵ᠬᠤᠶᠠᠷ︶ ᠵᠠᠰᠠᠭ ᠤᠨ ᠣᠷᠳᠣᠨ ᠢᠶᠠᠷ ᠭᠤᠣᠯᠯᠠᠭᠤᠯᠬᠤ᠂ ᠺᠣᠮᠫᠠᠨᠢ ᠠᠴᠠ ᠠᠵᠢᠯᠯᠠᠭᠤᠯᠬᠤ ᠵᠠᠷᠴᠢᠮ ᠢ | ᠠᠪᠴᠤ ᠪᠠᠶᠢᠭᠠᠳ ᠠᠵᠢᠯ ᠢᠢᠡᠨ ᠲᠦᠯᠬᠢᠨ ᠠᠬᠢᠭᠤᠯᠵᠤ᠂ ᠵᠠᠮ ᠬᠠᠷᠢᠯᠴᠠᠭᠠᠨ ᠤ ᠪᠠᠷᠢᠯᠭ᠎ᠠ ᠶᠢᠨ ᠲᠥᠷᠥᠯ ᠵᠦᠢᠯ ᠤᠨ | ᠪᠥᠬᠦ ᠶᠠᠪᠤᠴᠠ ᠶᠢᠨ ᠬᠠᠮᠢᠶᠠᠷᠤᠯᠲᠠ ᠶᠢᠨ ᠰᠠᠶᠢᠨ ᠣᠷᠴᠢᠯ ᠢ ᠪᠡᠶᠡᠯᠡᠭᠦᠯᠬᠦ ᠬᠡᠷᠡᠭᠲᠡᠢ᠃ | ︵ᠭᠤᠷᠪᠠ︶ ᠡᠵᠡᠨ᠎ᠡ ᠬᠤᠰᠢᠭᠤᠨ ᠤ ᠵᠠᠰᠠᠮᠠᠯ ᠵᠠᠮ ᠤᠨ ᠵᠠᠮ ᠬᠠᠷᠢᠯᠴᠠᠭᠠᠨ ᠤ ᠪᠡᠯᠡ ᠣᠷᠣᠭᠤᠯᠤᠯᠲᠠ | ᠪᠦᠲᠦᠭᠡᠨ ᠪᠠᠶᠢᠭᠤᠯᠤᠯᠲᠠ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠪᠡᠶ᠎ᠡ ᠪᠠᠨ ᠳᠠᠭᠠᠭᠠᠨ ᠲᠣᠭᠠᠴᠠᠭ᠎ᠠ ᠬᠢᠵᠦ᠂ | ᠪᠡᠶ᠎ᠡ ᠪᠠᠨ ᠳᠠᠭᠠᠭᠠᠨ ᠡᠵᠡᠩᠨᠡᠵᠦ᠂ ᠣᠯᠵᠤ ᠠᠯᠳᠠᠬᠤ ᠪᠠᠨ ᠥᠪᠡᠰᠦᠪᠡᠨ ᠬᠠᠷᠢᠭᠤᠴᠠᠨ᠂ ᠬᠠᠤᠯᠢ ᠶᠢᠨ ᠡᠷᠬᠡᠲᠡᠨ ᠤ | ᠵᠠᠰᠠᠯᠲᠠ ᠶᠢᠨ ᠪᠦᠲᠦᠴᠡ ᠪᠦᠷᠢᠨ ᠲᠡᠭᠦᠯᠳᠡᠷ ᠪᠠᠶᠢᠵᠤ᠂ ᠬᠤᠰᠢᠭᠤᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ | ᠲᠣᠪᠴᠢᠶ᠎ᠠ ᠶᠢᠨ ᠠᠵᠢᠯ ᠲᠥᠷᠥᠯ ᠤᠨ ᠬᠠᠮᠢᠶᠠᠷᠤᠯᠲᠠ ᠪᠣᠯᠣᠨ ᠬᠤᠰᠢᠭᠤᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ | ᠵᠥᠪᠯᠡᠯ᠂ ᠡᠳ᠋ ᠤᠨ ᠵᠠᠰᠠᠭ ᠤᠨ ᠲᠣᠪᠴᠢᠶ᠎ᠠ ᠶᠢᠨ ᠬᠢᠨᠠᠯᠲᠠ ᠲᠠᠯᠪᠢᠯᠲᠠ ᠪᠠ ᠵᠢᠯᠣᠭᠤᠳᠤᠯᠭ᠎ᠠ ᠶᠢ ᠬᠦᠯᠢᠶᠡᠨ᠎ᠡ᠃ | ᠭᠤᠷᠪᠠ᠂ ᠵᠣᠬᠢᠶᠠᠨ ᠪᠠᠶᠢᠭᠤᠯᠬᠤ ᠠᠷᠭ᠎ᠠ ᠮᠠᠶ᠋ᠢᠭ ᠵᠢᠴᠢ ᠬᠢᠨᠠᠯᠲᠠ ᠬᠠᠮᠢᠶᠠᠷᠤᠯᠲᠠ ᠶᠢᠨ ᠵᠠᠭᠪᠤᠷ | ᠡᠵᠡᠨ᠎ᠡ ᠬᠤᠰᠢᠭᠤᠨ ᠤ ᠵᠠᠰᠠᠮᠠᠯ ᠵᠠᠮ ᠤᠨ ᠵᠠᠮ ᠬᠠᠷᠢᠯᠴᠠᠭᠠᠨ ᠤ ᠪᠡᠯᠡ ᠣᠷᠣᠭᠤᠯᠤᠯᠲᠠ ᠶᠢᠨ ᠪᠦᠲᠦᠭᠡᠨ | ᠪᠠᠶᠢᠭᠤᠯᠤᠯᠲᠠ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ︵ᠳᠣᠷᠣᠭᠰᠢ ᠺᠣᠮᠫᠠᠨᠢ ᠭᠡᠵᠦ ᠲᠣᠪᠴᠢᠯᠠᠨ᠎ᠠ︶᠂ | ᠡᠵᠡᠨ᠎ᠡ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ | ᠤᠯᠤᠰ ᠤᠨ ᠺᠣᠮᠫᠠᠨᠢ ᠶᠢᠨ ᠬᠠᠤᠯᠢ︾ ︵ᠳᠣᠷᠣᠭᠰᠢ ︽ᠺᠣᠮᠫᠠᠨᠢ ᠶᠢᠨ ᠬᠠᠤᠯᠢ︾ ᠭᠡᠵᠦ ᠲᠣᠪᠴᠢᠯᠠᠨ᠎ᠠ︶ ᠵᠢᠴᠢ | ᠬᠠᠮᠢᠶ᠎ᠠ ᠪᠦᠬᠦᠢ ᠲᠣᠭᠲᠠᠭᠠᠯ ᠶᠣᠰᠣᠭᠠᠷ ᠪᠠᠶᠢᠭᠤᠯᠤᠭᠰᠠᠨ ᠪᠥᠭᠡᠳ ᠡᠷᠬᠡ ᠣᠯᠭᠤᠵᠤ ᠡᠵᠡᠩᠨᠡᠭᠦᠯᠦᠨ | ᠬᠠᠮᠢᠶᠠᠷᠤᠭᠤᠯᠤᠭᠰᠠᠨ ᠤᠯᠤᠰ ᠤᠨ ᠥᠮᠴᠢᠯᠡᠯᠲᠦ ᠲᠤᠰᠠᠭᠠᠷ ᠪᠡᠯᠡᠳᠤ ᠬᠢᠵᠠᠭᠠᠷᠲᠤ ᠬᠠᠷᠢᠭᠤᠴᠠᠯᠭᠠᠲᠤ ᠺᠣᠮᠫᠠᠨᠢ | ᠪᠣᠯᠣᠨ᠎ᠠ᠃ ᠠᠵᠤ ᠠᠬᠤᠢᠢᠯᠠᠯᠴᠢᠯᠠᠠ ᠠᠵᠢᠯᠯᠠᠭᠤᠯᠬᠤ ᠶᠢ ᠬᠡᠷᠡᠭᠵᠢᠭᠦᠯᠵᠦ᠂ ᠺᠣᠮᠫᠠᠨᠢ ᠨᠢ ᠡᠵᠡᠨ᠎ᠡ ᠬᠤᠰᠢᠭᠤᠨ ᠤ | ᠠᠷᠠᠳ ᠤᠨ ᠵᠠᠰᠠᠭ ᠤᠨ ᠣᠷᠳᠣᠨ ᠳᠤ ᠬᠠᠷᠢᠶᠠᠯᠠᠭᠳᠠᠵᠤ᠂ ᠡᠵᠡᠨ᠎ᠡ ᠬᠤᠰᠢᠭᠤᠨ ᠤ ᠠᠷᠠᠳ ᠤᠨ ᠵᠠᠰᠠᠭ ᠤᠨ | ᠣᠷᠳᠣᠨ ᠤ ᠡᠷᠬᠡ ᠣᠯᠭᠤᠬᠤ ᠪᠠ ᠣᠯᠭᠤᠭᠰᠠᠨ ᠡᠭᠦᠷᠭᠡ ᠬᠠᠷᠢᠭᠤᠴᠠᠯᠭ᠎ᠠ ᠶᠢᠨ ᠶᠣᠰᠣᠭᠠᠷ᠂ ᠪᠥᠬᠦ ᠬᠤᠰᠢᠭᠤᠨ ᠤ | ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠶᠢᠨ ᠬᠦᠷᠢᠶ᠎ᠡ ᠴᠠᠷᠠᠭ᠎ᠠ ᠶᠢᠨ ᠡᠳ᠋ ᠬᠥᠷᠥᠩᠭᠡ ᠶᠢ ᠡᠵᠡᠩᠨᠡᠨ | ᠬᠠᠮᠢᠶᠠᠷᠤᠨ᠎ᠠ᠃ ᠡᠵᠡᠨ᠎ᠡ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠨᠢᠭᠡᠳᠦᠯᠲᠡᠢ ᠬᠠᠮᠢᠶᠠᠷᠤᠯᠲᠠ ᠶᠢᠨ | ᠤᠷᠢᠲᠠᠯ ᠳᠣᠣᠷ᠎ᠠ᠂ ᠬᠤᠰᠢᠭᠤᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ ᠳᠤ ᠨᠠᠶᠢᠳᠠᠵᠤ ᠭᠤᠣᠯ | ᠬᠠᠮᠢᠶᠠᠷᠤᠭᠤᠯᠤᠨ᠎ᠠ᠃ | ᠡᠵᠡᠨ᠎ᠡ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠠᠴᠠ ᠺᠣᠮᠫᠠᠨᠢ ᠳᠤ ᠪᠡᠯᠡ ᠭᠠᠷᠭᠠᠭᠴᠢ ᠶᠢᠨ | ᠡᠷᠬᠡ ᠪᠠᠨ ᠬᠡᠷᠡᠭᠵᠢᠭᠦᠯᠬᠦ ᠨᠢ ᠭᠤᠣᠯᠳᠠᠭᠤ᠄ | ︵ᠨᠢᠭᠡ︶ ᠺᠣᠮᠫᠠᠨᠢ ᠪᠠᠶᠢᠭᠤᠯᠬᠤ ᠶᠢ ᠲᠣᠭᠲᠠᠭᠠᠵᠤ᠂ ᠺᠣᠮᠫᠠᠨᠢ ᠶᠢᠨ ᠲᠤᠶᠢᠷᠢᠮ ᠢ ᠬᠢᠨᠠᠨ ᠪᠠᠶᠢᠴᠠᠭᠠᠵᠤ | ᠵᠥᠪᠰᠢᠶᠡᠷᠡᠨ᠎ᠡ᠃ | ︵ᠬᠤᠶᠠᠷ︶ ᠺᠣᠮᠫᠠᠨᠢ ᠶᠢᠨ ᠬᠡᠷᠡᠭ ᠮᠡᠳᠡᠭᠴᠢ᠂ ᠬᠡᠷᠡᠭ ᠬᠢᠨᠠᠭᠴᠢ᠂ ᠡᠳ᠋ ᠤᠨ ᠶᠠᠪᠤᠳᠠᠯ ᠤᠨ ᠶᠡᠷᠦᠩᠬᠡᠢ | ᠬᠢᠨᠠᠭᠴᠢ ᠶᠢ ᠨᠠᠶᠢᠳᠠᠬᠤ ᠪᠠ ᠲᠡᠭᠦᠨ ᠢ ᠰᠣᠯᠢᠵᠤ᠂ ᠬᠡᠷᠡᠭ ᠮᠡᠳᠡᠭᠴᠢᠳ ᠤᠨ ᠵᠥᠪᠯᠡᠯ ᠪᠣᠯᠣᠨ ᠬᠡᠷᠡᠭ ᠬᠢᠨᠠᠭᠴᠢᠳ ᠤᠨ | ᠵᠥᠪᠯᠡᠯ ᠤᠨ ᠪᠦᠷᠢᠯᠳᠦᠭᠦᠨ ᠢ ᠲᠣᠮᠢᠯᠠᠵᠤ᠂ ᠲᠡᠳᠡᠠ ᠤ ᠴᠠᠯᠢᠩ ᠣᠯᠭᠤᠮᠵᠢ ᠪᠣᠯᠣᠨ ᠱᠠᠩᠨᠠᠵᠤ ᠰᠢᠳᠬᠡᠬᠦ ᠶᠢ | ᠲᠣᠭᠲᠠᠭᠠᠨ᠎ᠠ᠃ ᠺᠣᠮᠫᠠᠨᠢ ᠶᠢᠨ ᠬᠡᠷᠡᠭ ᠮᠡᠳᠡᠭᠴᠢᠳ ᠤᠨ ᠵᠥᠪᠯᠡᠯ ᠤᠨ ᠳᠤᠷᠠᠳᠤᠭᠰᠠᠨ ᠨᠡᠷ᠎ᠡ ᠶᠢ ᠦᠨᠳᠦᠰᠦᠯᠡᠨ᠂ | ᠶᠡᠷᠦᠩᠬᠡᠢ ᠳᠠᠭᠠᠭᠠᠮᠠᠯ ᠤᠨ ᠵᠢᠱᠢᠭᠳᠡᠭᠴᠢ ᠶᠢ ᠬᠢᠨᠠᠨ ᠰᠢᠯᠭᠠᠵᠤ ᠬᠢᠨᠠᠨ ᠲᠣᠭᠲᠠᠭᠠᠨ᠎ᠠ᠃ | ︵ᠭᠤᠷᠪᠠ︶ ᠺᠣᠮᠫᠠᠨᠢ ᠶᠢᠨ ᠬᠡᠷᠡᠭ ᠮᠡᠳᠡᠭᠴᠢᠳ ᠤᠨ ᠵᠥᠪᠯᠡᠯ᠂ ᠬᠢᠨᠠᠭᠴᠢᠳ ᠤᠨ ᠵᠥᠪᠯᠡᠯ ᠤᠨ ᠮᠡᠳᠡᠭᠦᠯᠦᠯᠲᠡ | ᠂ ᠣᠨ ᠤ ᠡᠳ᠋ ᠤᠨ ᠶᠠᠪᠤᠳᠠᠯ ᠤᠨ ᠲᠥᠰᠥᠪ ᠪᠠ ᠲᠥᠰᠥᠪ ᠤᠨ ᠭᠦᠢᠴᠡᠳᠬᠡᠯ ᠤᠨ ᠲᠥᠰᠥᠯ᠂ ᠠᠰᠢᠭ | ᠬᠤᠨᠵᠢᠪᠤᠷᠢ ᠶᠢ ᠬᠤᠪᠢᠶᠠᠷᠢᠯᠠᠬᠤ ᠲᠥᠰᠥᠯ ᠪᠠ ᠠᠯᠳᠠᠭᠳᠠᠯ ᠢᠶᠠᠨ ᠨᠥᠬᠦᠪᠦᠷᠢᠯᠡᠬᠦ ᠲᠥᠰᠥᠯ ᠢ ᠬᠢᠨᠠᠨ ᠶᠠᠷᠢᠯᠴᠠᠵᠤ | ᠵᠥᠪᠰᠢᠶᠡᠷᠡᠨ᠎ᠡ᠃ | ︵ᠳᠥᠷᠪᠡ︶ ᠺᠣᠮᠫᠠᠨᠢ ᠶᠢ ᠰᠠᠯᠭᠠᠬᠤ᠂ ᠨᠡᠶᠢᠯᠡᠭᠦᠯᠬᠦ᠂ ᠳᠠᠩᠰᠠᠯᠠᠭᠤᠯᠤᠭᠰᠠᠨ ᠬᠥᠷᠥᠩᠭᠡ ᠶᠢ ᠨᠡᠮᠡᠬᠦ ᠪᠤᠶᠤ | ᠬᠠᠰᠤᠬᠤ᠂ ᠵᠣᠬᠢᠶᠠᠨ ᠪᠠᠶᠢᠭᠤᠯᠤᠯᠲᠠ ᠶᠢᠨ ᠬᠡᠯᠪᠡᠷᠢ ᠶᠢ ᠬᠤᠪᠢᠷᠠᠭᠤᠯᠬᠤ᠂ ᠲᠠᠷᠬᠠᠭᠠᠬᠤ ᠪᠤᠶᠤ ᠢᠯᠭᠠᠷᠠᠭᠤᠯᠤᠨ | ᠪᠤᠳᠦᠬᠤ ᠲᠤᠬᠠᠢ ᠲᠣᠭᠲᠠᠭᠠᠯ ᠭᠠᠷᠭᠠᠨ᠎ᠠ᠃ | ︵ᠲᠠᠪᠤ︶ ᠺᠣᠮᠫᠠᠨᠢ ᠶᠢᠨ ᠡᠵᠡᠩᠨᠡᠯᠲᠡ ᠶᠢᠨ ᠬᠠᠷᠠᠯᠲᠠ ᠪᠠ ᠴᠢᠬᠤᠯᠠ ᠶᠡᠭᠡ ᠪᠡᠯᠡ ᠣᠷᠣᠭᠤᠯᠤᠯᠲᠠ ᠶᠢᠨ | ᠵᠦᠢᠯᠡᠰ ᠢ ᠬᠢᠨᠠᠨ ᠪᠠᠶᠢᠴᠠᠭᠠᠵᠤ᠂ ᠤᠯᠤᠰ ᠤᠨ ᠥᠮᠴᠢᠯᠡᠯ ᠤᠨ ᠡᠳ᠋ ᠬᠥᠷᠥᠩᠭᠡ ᠶᠢᠨ ᠡᠵᠡᠩᠨᠡᠯᠲᠡ ᠶᠢᠨ ᠪᠠᠶᠢᠳᠠᠯ ᠢ | ᠬᠢᠨᠠᠨ ᠰᠢᠯᠭᠠᠬᠤ ᠶᠢᠨ ᠬᠠᠮᠲᠤ ᠬᠢᠨᠠᠨ ᠰᠢᠯᠭᠠᠭᠰᠠᠨ ᠰᠠᠭᠤᠷᠢᠨ ᠳᠡᠭᠡᠷ᠎ᠡ ᠱᠠᠩᠨᠠᠵᠤ ᠰᠢᠳᠬᠡᠬᠦ ᠶᠢ ᠲᠣᠭᠲᠠᠭᠠᠨ᠎ᠠ᠃ | ︵ᠵᠢᠷᠭᠤᠭ᠎ᠠ︶ ᠺᠣᠮᠫᠠᠨᠢ ᠶᠢᠨ ᠡᠳ᠋ ᠬᠥᠷᠥᠩᠭᠡ ᠪᠠ ᠡᠳ᠋ ᠤᠨ ᠶᠠᠪᠤᠳᠠᠯ ᠨᠢ ᠡᠵᠡᠨ᠎ᠡ ᠬᠤᠰᠢᠭᠤᠨ ᠤ ᠵᠠᠮ | ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ᠂ ᠬᠢᠨᠠᠨ ᠪᠤᠳᠤᠬᠤ ᠲᠣᠪᠴᠢᠶ᠎ᠠ ᠶᠢᠨ | ᠬᠢᠨᠠᠯᠲᠠ ᠬᠠᠮᠢᠶᠠᠷᠤᠯᠲᠠ ᠶᠢ ᠬᠦᠯᠢᠶᠡᠨ᠎ᠡ᠃ ᠬᠤᠰᠢᠭᠤᠨ ᠤ ᠬᠡᠪᠴᠢᠶᠡᠨ ᠳᠤ ᠵᠠᠰᠠᠮᠠᠯ ᠵᠠᠮ ᠤᠨ ᠵᠠᠮ ᠬᠠᠷᠢᠯᠴᠠᠭᠠᠨ ᠤ | ᠪᠦᠲᠦᠭᠡᠨ ᠪᠠᠶᠢᠭᠤᠯᠤᠯᠲᠠ ᠶᠢᠨ ᠬᠦᠷᠢᠶ᠎ᠡ ᠴᠠᠷᠠᠭᠠᠨ ᠳᠠᠬᠢ ᠲᠤᠬᠠᠶᠢᠯᠠᠭᠰᠠᠨ ᠠᠵᠢᠯ ᠢ ᠡᠵᠡᠨ᠎ᠡ ᠬᠤᠰᠢᠭᠤᠨ ᠤ ᠵᠠᠮ | ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ ᠶᠢᠨ ᠠᠵᠢᠯ ᠲᠥᠷᠥᠯ ᠤᠨ ᠬᠠᠮᠢᠶᠠᠷᠤᠯᠲᠠ ᠶᠢ ᠬᠦᠯᠢᠶᠡᠨ᠎ᠡ᠃ | ᠲᠥᠯᠦᠪᠵᠢᠭᠦᠯᠭᠡ ᠶᠢ ᠨᠠᠶᠢᠷᠠᠭᠤᠯᠤᠨ ᠵᠣᠬᠢᠶᠠᠬᠤ᠂ ᠪᠦᠲᠦᠭᠡᠨ ᠪᠠᠶᠢᠭᠤᠯᠬᠤ ᠲᠥᠷᠥᠯ ᠵᠦᠢᠯ ᠢ ᠨᠡᠭᠡᠭᠡᠨ | ᠬᠥᠭᠵᠢᠭᠦᠯᠬᠦ ᠳᠤ ᠡᠵᠡᠨ᠎ᠡ ᠬᠤᠰᠢᠭᠤᠨ ᠤ ᠤᠯᠤᠰ ᠤᠨ ᠭᠠᠵᠠᠷ ᠰᠢᠷᠣᠢ ᠶᠢᠨ ᠣᠷᠣᠨ ᠵᠠᠢ ᠶᠢᠨ ᠲᠥᠯᠦᠪᠵᠢᠭᠦᠯᠭᠡ ᠶᠢᠨ | ᠵᠥᠪᠯᠡᠯ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ ᠶᠢᠨ ᠲᠥᠯᠦᠪᠵᠢᠭᠦᠯᠭᠡ ᠶᠢᠨ ᠬᠠᠮᠢᠶᠠᠷᠤᠯᠲᠠ ᠶᠢ | ᠬᠦᠯᠢᠶᠡᠨ᠎ᠡ᠃ ᠡᠵᠡᠨ᠎ᠡ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠡᠯ᠎ᠡ ᠬᠠᠮᠢᠶ᠎ᠠ ᠪᠦᠬᠦᠢ ᠰᠠᠯᠠᠭ᠎ᠠ | ᠮᠥᠴᠢᠷ ᠤᠳ ᠲᠣᠰ ᠲᠣᠰ ᠤᠨ ᠡᠭᠦᠷᠭᠡ ᠴᠢᠳᠠᠪᠤᠷᠢ ᠪᠠᠨ ᠦᠨᠳᠦᠰᠦᠯᠡᠨ ᠬᠠᠤᠯᠢ ᠶᠣᠰᠣᠭᠠᠷ ᠺᠣᠮᠫᠠᠨᠢ ᠶᠢ ᠬᠠᠮᠢᠶᠠᠷᠴᠤ | ᠦᠢᠯᠡᠴᠢᠯᠡᠭᠡ ᠬᠠᠩᠭᠠᠨ᠎ᠠ᠃ | ᠳᠥᠷᠪᠡ᠂ ᠵᠠᠮ ᠬᠠᠷᠢᠯᠴᠠᠭᠠᠨ ᠤ ᠪᠦᠲᠦᠭᠡᠨ ᠪᠠᠶᠢᠭᠤᠯᠤᠯᠲᠠ ᠵᠢᠨᠡᠳ᠋ ᠬᠥᠷᠥᠩᠭᠡ ᠶᠢᠨ ᠬᠦᠷᠢᠶ᠎ᠡ ᠬᠡᠪᠴᠢᠶ᠎ᠡ | ︵ᠨᠢᠭᠡ︶ ᠡᠵᠡᠨ᠎ᠡ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠵᠢᠴᠢ ᠬᠤᠰᠢᠭᠤᠨ ᠤ ᠵᠠᠮ | ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ ᠨᠢ ᠬᠤᠰᠢᠭᠤᠨ ᠳᠣᠲᠣᠷᠠᠬᠢ ᠵᠠᠮ ᠬᠠᠷᠢᠯᠴᠠᠭᠠᠨ ᠤ ᠪᠦᠲᠦᠭᠡᠨ | ᠪᠠᠶᠢᠭᠤᠯᠤᠯᠲᠠ ᠶᠢᠨ ᠬᠦᠷᠢᠶ᠎ᠡ ᠬᠡᠪᠴᠢᠶᠡᠨ ᠳᠤ ᠪᠦᠷᠢᠯᠳᠦᠭᠰᠡᠨ ᠤᠯᠤᠰ ᠤᠨ ᠥᠮᠴᠢᠯᠡᠯᠲᠦ ᠡᠳ᠋ ᠬᠥᠷᠥᠩᠭᠡ ᠳᠤ ᠪᠡᠯᠡ | ᠣᠷᠣᠭᠤᠯᠤᠨ᠎ᠠ᠃ | ︵ᠬᠤᠶᠠᠷ︶ ᠵᠠᠮ ᠬᠠᠷᠢᠯᠴᠠᠭᠠᠨ ᠤ ᠪᠦᠲᠦᠭᠡᠨ ᠪᠠᠶᠢᠭᠤᠯᠤᠯᠲᠠ ᠶᠢᠨ ᠬᠦᠷᠢᠶ᠎ᠡ ᠬᠡᠪᠴᠢᠶᠡᠨ ᠳᠣᠲᠣᠷᠠᠬᠢ ᠲᠥᠷ | ᠴᠠᠭ ᠤᠨ ᠪᠠᠷᠢᠯᠭ᠎ᠠ᠂ ᠡᠭᠦᠷᠢᠳᠡ ᠶᠢᠨ ᠴᠢᠨᠠᠷᠲᠠᠢ ᠪᠠᠷᠢᠯᠭ᠎ᠠ᠂ ᠴᠠᠬᠢᠯᠭᠠᠨ ᠬᠦᠴᠦᠨ᠂ ᠨᠣᠭᠤᠭᠠᠷᠠᠭᠤᠯᠤᠯᠲᠠ᠂ ᠤᠰᠤᠨ | ᠰᠤᠷᠪᠤᠯᠵᠢ ᠶᠢᠨ ᠭᠠᠵᠠᠷ ᠵᠡᠷᠭᠡ ᠬᠥᠮᠥᠨ ᠰᠤᠶᠤᠯ ᠤᠨ ᠡᠬᠢ ᠪᠠᠶᠠᠯᠢᠭ ᠤᠨ ᠥᠷᠳᠡᠭ ᠢ ᠰᠢᠨᠵᠢᠯᠡᠬᠦ ᠤᠬᠠᠭᠠᠨᠴᠢ ᠪᠠᠷ | ᠦᠨᠡᠯᠡᠨ ᠵᠢᠱᠢᠭᠰᠡᠨ ᠤ ᠲᠠᠷᠠᠭ᠎ᠠ ᠬᠥᠷᠥᠩᠭᠡ ᠶᠢᠨ ᠦᠨᠡᠯᠡᠨ ᠵᠢᠱᠢᠭᠰᠡᠨ ᠥᠷᠳᠡᠭ ᠢᠶᠠᠷ ᠢᠶᠠᠨ ᠵᠠᠮ ᠬᠠᠷᠢᠯᠴᠠᠭᠠᠨ ᠤ | ᠪᠦᠲᠦᠭᠡᠨ ᠪᠠᠶᠢᠭᠤᠯᠤᠯᠲᠠ ᠶᠢᠨ ᠬᠦᠷᠢᠶᠡᠨ ᠤ ᠡᠵᠡᠩᠨᠡᠯᠲᠡ ᠶᠢᠨ ᠠᠵᠤ ᠠᠬᠤᠶᠢᠯᠠᠯ ᠳᠤ ᠬᠤᠪᠢ ᠣᠷᠤᠭᠤᠯᠤᠨ᠎ᠠ᠃ | ᠡᠳ᠋ ᠬᠥᠷᠥᠩᠭᠡ ᠶᠢ ᠦᠨᠡᠯᠡᠨ ᠵᠢᠱᠢᠬᠦ ᠠᠵᠢᠯ ᠪᠠ ᠡᠳ᠋ ᠬᠥᠷᠥᠩᠭᠡ ᠶᠢ ᠨᠤᠲᠠᠯᠠᠬᠤ᠂ ᠡᠷᠬᠡ ᠣᠯᠭᠤᠬᠤ ᠭᠠᠷ | ᠭᠦᠢᠴᠡᠳᠬᠡᠯ ᠢ ᠺᠣᠮᠫᠠᠨᠢ ᠪᠠᠶᠢᠭᠤᠯᠤᠭᠰᠠᠨ ᠪᠣᠳᠠᠲᠤ ᠪᠠᠶᠢᠳᠠᠯ ᠢ ᠦᠨᠳᠦᠰᠦᠯᠡᠨ ᠪᠦᠯᠦᠭ ᠬᠤᠪᠢᠶᠠᠨ ᠬᠢᠵᠦ ᠪᠣᠯᠣᠨ᠎ᠠ᠃ | | ᠺᠣᠮᠫᠠᠨᠢ ᠶᠢᠨ ᠡᠳ᠋ ᠬᠥᠷᠥᠩᠭᠡ ᠶᠢᠨ ᠡᠵᠡᠩᠨᠡᠯᠲᠡ ᠶᠢᠨ ᠭᠤᠣᠯ ᠠᠭᠤᠯᠭ᠎ᠠ ᠭᠡᠪᠡᠯ᠄ | ︵ᠨᠢᠭᠡ︶ ᠤᠯᠤᠰ ᠤᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ᠂ ᠬᠤᠳᠠᠯᠳᠤᠭᠠᠴᠢᠨ ᠤᠷᠢᠵᠤ ᠪᠡᠯᠡ | ᠣᠷᠣᠭᠤᠯᠬᠤ᠂ ᠬᠢᠮᠳᠠ ᠪᠠᠷ ᠬᠤᠳᠠᠯᠳᠤᠬᠤ᠂ ᠰᠣᠯᠢᠬᠤ᠂ ᠬᠤᠪᠢ ᠣᠷᠣᠭᠤᠯᠬᠤ ᠵᠡᠷᠭᠡ ᠠᠷᠭ᠎ᠠ ᠮᠠᠶ᠋ᠢᠭ ᠢᠶᠠᠷ | ᠳᠠᠮᠵᠢᠭᠤᠯᠤᠨ᠂ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠲᠥᠷᠥᠯ ᠵᠦᠢᠯ ᠤᠨ ᠪᠥᠬᠦ ᠠᠮᠢ ᠨᠠᠰᠤᠨ ᠤ | ᠦᠶᠡᠯᠡᠯ ᠤᠨ ᠬᠤᠭᠤᠴᠠᠭᠠᠨ ᠳᠠᠬᠢ ᠬᠠᠮᠤᠭ ᠤᠨ ᠶᠡᠭᠡ ᠦᠷ᠎ᠡ ᠠᠰᠢᠭ ᠢ ᠪᠡᠶᠡᠯᠡᠭᠦᠯᠦᠨ᠎ᠡ᠃ | ︵ᠬᠤᠶᠠᠷ︶ PPP᠂ BOT ᠵᠡᠷᠭᠡ ᠲᠥᠷᠥᠯ ᠵᠦᠢᠯ ᠳᠤ ᠪᠡᠯᠡ ᠣᠷᠣᠭᠤᠯᠤᠨ ᠨᠡᠭᠡᠭᠡᠨ ᠬᠥᠭᠵᠢᠭᠦᠯᠵᠦ | ᠪᠦᠲᠦᠭᠡᠨ ᠪᠠᠶᠢᠭᠤᠯᠤᠨ᠎ᠠ᠃ | ᠵᠢᠷᠭᠤᠭ᠎ᠠ᠂ ᠺᠣᠮᠫᠠᠨᠢ ᠶᠢᠨ ᠬᠠᠷᠢᠭᠤᠴᠠᠯᠭ᠎ᠠ ᠬᠢᠭᠡᠳ ᠡᠷᠬᠡ | ︵ᠨᠢᠭᠡ︶ ᠺᠣᠮᠫᠠᠨᠢ ᠶᠢᠨ ᠡᠭᠦᠷᠭᠡᠯᠡᠬᠦ ᠬᠠᠷᠢᠭᠤᠴᠠᠯᠭ᠎ᠠ ᠪᠠ ᠡᠭᠦᠷᠭᠡ | 1. ᠡᠵᠡᠨ᠎ᠡ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠠᠴᠠ ᠡᠷᠬᠡ ᠣᠯᠭᠤᠵᠤ ᠤᠯᠤᠰ ᠤᠨ | ᠥᠮᠴᠢᠯᠡᠯᠲᠦ ᠡᠳ᠋ ᠬᠥᠷᠥᠩᠭᠡ ᠶᠢ ᠡᠵᠡᠩᠨᠡᠬᠦ ᠦᠶ᠎ᠡ ᠳᠤ ᠲᠣᠭᠲᠠᠭᠠᠭᠰᠠᠨ ᠡᠯ᠎ᠡ ᠵᠦᠢᠯ ᠤᠨ ᠬᠠᠷᠢᠭᠤᠴᠠᠯᠭ᠎ᠠ ᠶᠢ | ᠭᠦᠢᠴᠡᠳᠬᠡᠵᠦ᠂ ᠡᠷᠬᠡ ᠣᠯᠭᠤᠵᠤ ᠡᠵᠡᠩᠨᠡᠬᠦ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠥᠷᠲᠡᠭ ᠤᠨ | ᠨᠡᠮᠡᠭᠳᠡᠯ ᠶᠢ ᠦᠨᠡᠨᠬᠦ ᠪᠠᠲᠤᠯᠠᠨ᠎ᠠ᠃ | 2. ᠡᠵᠡᠨ᠎ᠡ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠤᠯᠤᠰ ᠤᠨ ᠥᠮᠴᠢᠯᠡᠯᠲᠦ ᠡᠳ᠋ | ᠬᠥᠷᠥᠩᠭᠡ ᠶᠢᠨ ᠥᠮᠴᠢᠯᠡᠭᠴᠢ ᠶᠢᠨ ᠡᠷᠬᠡ ᠠᠰᠢᠭ ᠢ ᠬᠠᠮᠠᠭᠠᠯᠠᠵᠤ᠂ ᠡᠵᠡᠨ᠎ᠡ ᠬᠤᠰᠢᠭᠤᠨ ᠤ ᠠᠷᠠᠳ ᠤᠨ ᠵᠠᠰᠠᠭ ᠤᠨ | ᠣᠷᠳᠣᠨ ᠤ ᠵᠠᠮ ᠬᠠᠷᠢᠯᠴᠠᠭᠠᠨ ᠤ ᠦᠢᠯᠡᠰ ᠢ ᠬᠥᠭᠵᠢᠭᠦᠯᠬᠦ ᠲᠤᠬᠠᠢ ᠡᠯ᠎ᠡ ᠵᠦᠢᠯ ᠤᠨ ᠴᠢᠭᠯᠡᠯᠲᠡ᠂ ᠲᠥᠷᠥ ᠶᠢᠨ | ᠪᠣᠳᠣᠯᠭ᠎ᠠ ᠶᠢ ᠲᠤᠤᠱᠯᠠᠭᠤᠯᠤᠨ ᠬᠡᠷᠡᠭᠵᠢᠭᠦᠯᠦᠨ᠎ᠡ᠃ | 3. ᠬᠠᠤᠯᠢ ᠶᠢᠨ ᠬᠥᠮᠥᠨ ᠤ ᠪᠦᠬᠦ ᠡᠳ᠋ ᠬᠥᠷᠥᠩᠭᠡ ᠪᠠᠷ ᠢᠷᠭᠡᠨ ᠤ ᠬᠡᠷᠡᠭ ᠤᠨ ᠬᠠᠷᠢᠭᠤᠴᠠᠯᠭ᠎ᠠ ᠶᠢ | ᠪᠡᠶ᠎ᠡ ᠪᠠᠨ ᠳᠠᠭᠠᠭᠠᠵᠤ ᠬᠠᠷᠢᠭᠤᠴᠠᠨ᠎ᠠ᠃ | ︵ᠬᠤᠶᠠᠷ︶ ᠡᠵᠡᠨ᠎ᠡ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠡᠷᠬᠡ ᠣᠯᠭᠤᠯᠲᠠ ᠶᠢ | ᠦᠨᠳᠦᠰᠦᠯᠡᠨ᠂ ᠺᠣᠮᠫᠠᠨᠢ ᠨᠢ ᠳᠣᠣᠷᠠᠬᠢ ᠡᠷᠬᠡ ᠶᠢ ᠡᠳ᠋ᠯᠡᠨ᠎ᠡ᠄ | 1. ᠡᠵᠡᠨ᠎ᠡ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠠᠴᠠ ᠡᠷᠬᠡ ᠣᠯᠭᠤᠵᠤ ᠡᠵᠡᠩᠨᠡᠭᠦᠯᠦᠨ | ᠬᠠᠮᠢᠶᠠᠷᠤᠭᠤᠯᠤᠭᠰᠠᠨ ᠡᠳ᠋ ᠬᠥᠷᠥᠩᠭᠡ ᠶᠢ ᠲᠤᠰᠠᠭᠠᠷ ᠡᠵᠡᠮᠰᠢᠬᠦ ᠪᠠ ᠬᠡᠷᠡᠭᠯᠡᠨ᠎ᠡ᠃ | 2. ᠡᠵᠡᠨ᠎ᠡ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠡᠷᠬᠡ ᠣᠯᠭᠤᠨ | ᠡᠵᠡᠩᠨᠡᠭᠦᠯᠦᠭᠰᠡᠨ ᠡᠳ᠋ ᠬᠥᠷᠥᠩᠭᠡ ᠳᠤ ᠪᠡᠯᠡ ᠣᠷᠣᠭᠤᠯᠬᠤ᠂ ᠰᠢᠯᠵᠢᠭᠦᠯᠦᠨ ᠬᠤᠳᠠᠯᠳᠤᠬᠤ᠂ ᠭᠠᠳᠠᠭᠠᠳᠤ ᠳᠤ | ᠬᠤᠪᠢ ᠣᠷᠣᠭᠤᠯᠬᠤ᠂ ᠬᠤᠪᠢ ᠡᠵᠡᠮᠳᠡᠬᠦ᠂ ᠲᠦᠷᠢᠶᠡᠰᠦᠯᠡᠬᠦ᠂ ᠪᠠᠷᠢᠴᠠᠭᠠᠯᠠᠬᠤ ᠵᠡᠷᠭᠡ ᠰᠢᠢᠳᠪᠦᠷᠢᠯᠡᠯᠲᠡ ᠬᠢᠨ᠎ᠡ᠃ | 3. ᠺᠣᠮᠫᠠᠨᠢ ᠨᠢ ᠥᠪᠡᠷ ᠤᠨ ᠬᠠᠷᠢᠶᠠᠨ ᠳᠠᠬᠢ ᠪᠦᠷᠢᠨ ᠪᠡᠯᠡ ᠲᠠᠢ ᠪᠤᠶᠤ ᠬᠤᠪᠢ ᠡᠵᠡᠮᠳᠡᠭᠰᠡᠨ ᠠᠵᠤ | ᠠᠬᠤᠶᠢᠯᠠᠯ ᠳᠤ ᠪᠡᠯᠡ ᠭᠠᠷᠭᠠᠭᠴᠢ ᠶᠢᠨ ᠡᠷᠬᠡ ᠶᠢ ᠡᠳ᠋ᠯᠡᠨ᠎ᠡ᠃ ᠲᠤᠬᠠᠶᠢᠯᠠᠪᠠᠯ ᠴᠢᠬᠤᠯᠠ ᠶᠡᠭᠡ ᠰᠢᠢᠳᠪᠦᠷᠢᠲᠦ | ᠪᠣᠳᠣᠯᠭ᠎ᠠ ᠲᠣᠭᠲᠠᠭᠠᠬᠤ ᠡᠷᠬᠡ᠂ ᠪᠡᠯᠡ ᠣᠷᠣᠭᠤᠯᠤᠯᠲᠠ ᠶᠢᠨ ᠠᠰᠢᠭ ᠣᠯᠬᠤ ᠡᠷᠬᠡ ᠪᠠ ᠡᠵᠡᠩᠨᠡᠭᠴᠢ ᠶᠢᠨ | ᠰᠣᠩᠭᠤᠬᠤ ᠡᠷᠬᠡ ᠶᠢ ᠡᠳ᠋ᠯᠡᠨ᠎ᠡ᠃ | 4. ᠺᠣᠮᠫᠠᠨᠢ ᠨᠢ ᠪᠤᠰᠤᠳ ᠠᠵᠤ ᠠᠬᠤᠶᠢᠯᠠᠯ ᠳᠤ ᠴᠥᠭᠡᠨ ᠲᠣᠭᠠᠨ ᠤ ᠪᠡᠯᠡ ᠣᠷᠣᠭᠤᠯᠤᠭᠰᠠᠨ ᠰᠲ᠋ᠣᠺ ᠤᠨ | ᠡᠷᠬᠡ ᠪᠠᠷ ᠬᠤᠯᠪᠣᠭᠳᠠᠯ ᠪᠦᠬᠦᠢ ᠡᠷᠬᠡ ᠪᠠ ᠠᠰᠢᠭ ᠣᠯᠵᠠᠪᠤᠷᠢ ᠶᠢ ᠬᠠᠤᠯᠢ ᠶᠣᠰᠣᠭᠠᠷ ᠡᠳ᠋ᠯᠡᠨ᠎ᠡ᠃ | ᠲᠤᠯᠤᠭ᠎ᠠ᠂ ᠺᠣᠮᠫᠠᠨᠢ ᠶᠢᠨ ᠵᠣᠬᠢᠶᠠᠨ ᠪᠠᠶᠢᠭᠤᠯᠤᠯᠲᠠ ᠶᠢᠨ ᠪᠦᠲᠦᠴᠡ | ᠡᠵᠡᠨ᠎ᠡ ᠬᠤᠰᠢᠭᠤᠨ ᠤ ᠵᠠᠰᠠᠮᠠᠯ ᠵᠠᠮ ᠤᠨ ᠵᠠᠮ ᠬᠠᠷᠢᠯᠴᠠᠭᠠᠨ ᠤ ᠪᠡᠯᠡ ᠣᠷᠣᠭᠤᠯᠤᠯᠲᠠ ᠪᠦᠲᠦᠭᠡᠨ | ᠪᠠᠶᠢᠭᠤᠯᠤᠯᠲᠠ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠤᠷᠤᠭᠰᠢᠲᠠᠢ ᠪᠠᠶᠢᠭᠤᠯᠤᠭᠳᠠᠬᠤ ᠶᠢ | ᠪᠠᠲᠤᠯᠠᠬᠤ ᠶᠢᠨ ᠲᠥᠯᠥᠭᠡ᠂ ᠲᠡᠭᠦᠨ ᠤ ᠵᠣᠬᠢᠶᠠᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠪᠠᠶᠢᠭᠤᠯᠤᠮᠵᠢ ᠶᠢ | ᠰᠢᠨᠵᠢᠯᠡᠬᠦ ᠤᠬᠠᠭᠠᠨᠴᠢ ᠪᠥᠭᠡᠳ ᠵᠦᠢ ᠵᠣᠬᠢᠰᠲᠠᠢ ᠪᠠᠷ ᠲᠣᠭᠲᠠᠭᠠᠵᠤ᠂ ᠺᠣᠮᠫᠠᠨᠢ ᠶᠢᠨ ᠬᠠᠮᠢᠶᠠᠷᠤᠯᠲᠠ ᠶᠢᠨ ᠠᠵᠢᠯᠲᠠᠨ ᠢ | ᠲᠥᠪ ᠭᠤᠣᠯᠴᠢ ᠪᠠᠷ ᠰᠢᠯᠢᠨ ᠰᠣᠩᠭᠤᠵᠤ᠂ ︽ᠺᠣᠮᠫᠠᠨᠢ ᠶᠢᠨ ᠬᠠᠤᠯᠢ︾ ᠪᠠ ︽ᠤᠯᠤᠰ ᠤᠨ ᠥᠮᠴᠢᠯᠡᠯ ᠤᠨ ᠠᠵᠤ | ᠠᠬᠤᠶᠢᠯᠠᠯ ᠤᠨ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠳᠦᠷᠢᠮ︾ ᠤᠨ ᠬᠤᠯᠪᠣᠭᠳᠠᠯ ᠪᠦᠬᠦᠢ | ᠲᠣᠭᠲᠠᠭᠠᠯ ᠢ ᠦᠨᠳᠦᠰᠦᠯᠡᠨ᠂ ᠺᠣᠮᠫᠠᠨᠢ ᠳᠤ ᠬᠡᠷᠡᠭ ᠮᠡᠳᠡᠭᠴᠢᠳ ᠤᠨ ᠵᠥᠪᠯᠡᠯ᠂ ᠬᠡᠷᠡᠭ ᠬᠢᠨᠠᠭᠴᠢᠳ ᠤᠨ ᠵᠥᠪᠯᠡᠯ ᠪᠠ | ᠳᠠᠭᠠᠭᠠᠮᠠᠯ ᠤᠨ ᠳᠠᠪᠬᠤᠷᠭ᠎ᠠ ᠭᠠᠷᠭᠠᠵᠤ᠂ ᠴᠢᠬᠤᠯᠠ ᠶᠡᠭᠡ ᠬᠡᠷᠡᠭ ᠶᠠᠪᠤᠳᠠᠯ ᠤᠨ ᠬᠡᠷᠡᠭ ᠮᠡᠳᠡᠭᠴᠢᠳ ᠤᠨ ᠵᠥᠪᠯᠡᠯ ᠤᠨ | ᠰᠢᠢᠳᠪᠦᠷᠢᠲᠦ ᠪᠣᠳᠣᠯᠭ᠎ᠠ ᠲᠣᠭᠲᠠᠭᠠᠬᠤ᠂ ᠳᠠᠭᠠᠭᠠᠮᠠᠯ ᠤᠨ ᠬᠡᠷᠡᠭᠵᠢᠭᠦᠯᠦᠯᠲᠡ᠂ ᠬᠡᠷᠡᠭ ᠬᠢᠨᠠᠭᠴᠢᠳ ᠤᠨ ᠵᠥᠪᠯᠡᠯ ᠤᠨ | ᠬᠢᠨᠠᠯᠲᠠ ᠲᠠᠯᠪᠢᠬᠤ ᠪᠠ ᠡᠳ᠋ ᠤᠨ ᠶᠠᠪᠤᠳᠠᠯ ᠤᠨ ᠶᠡᠷᠦᠩᠬᠡᠢ ᠬᠢᠨᠠᠨ ᠬᠠᠮᠢᠶᠠᠷᠴᠤ ᠡᠵᠡᠮᠳᠡᠬᠦ ᠠᠵᠢᠯᠯᠠᠭᠠᠨ ᠤ | ᠲᠣᠭᠲᠠᠴᠠ ᠶᠢ ᠬᠡᠷᠡᠭᠵᠢᠭᠦᠯᠦᠨ᠎ᠡ᠃ | ︵ᠨᠢᠭᠡ︶ ᠬᠡᠷᠡᠭ ᠮᠡᠳᠡᠭᠴᠢᠳ ᠤᠨ ᠵᠥᠪᠯᠡᠯ᠄ 3 ᠬᠥᠮᠥᠨ | 1. ᠬᠡᠷᠡᠭ ᠮᠡᠳᠡᠭᠴᠢᠳ ᠤᠨ ᠳᠠᠷᠤᠭ᠎ᠠ 1 ᠬᠥᠮᠥᠨ ︵ᠺᠣᠮᠫᠠᠨᠢ ᠶᠢᠨ ᠬᠠᠤᠯᠢ ᠪᠠᠷ ᠲᠣᠭᠲᠠᠭᠠᠭᠰᠠᠨ | ᠲᠥᠯᠥᠭᠡᠯᠡᠭᠴᠢ︶᠄ ᠡᠵᠡᠨ᠎ᠡ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠠᠴᠠ ᠤᠷᠢᠨ ᠲᠣᠮᠢᠯᠠᠨ᠎ᠠ᠃ | 2. ᠬᠡᠷᠡᠭ ᠮᠡᠳᠡᠭᠴᠢᠳ ᠤᠨ ᠳᠡᠳ᠋ ᠳᠠᠷᠤᠭ᠎ᠠ 1 ᠬᠥᠮᠥᠨ᠄ ᠡᠵᠡᠨ᠎ᠡ ᠬᠤᠰᠢᠭᠤᠨ ᠤ ᠠᠷᠠᠳ ᠤᠨ ᠵᠠᠰᠠᠭ ᠤᠨ | ᠣᠷᠳᠣᠨ ᠠᠴᠠ ᠤᠷᠢᠨ ᠲᠣᠮᠢᠯᠠᠨ᠎ᠠ᠃ | 3. ᠬᠡᠷᠡᠭ ᠮᠡᠳᠡᠭᠴᠢ 1 ᠬᠥᠮᠥᠨ᠄ ᠡᠵᠡᠨ᠎ᠡ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠠᠴᠠ | ᠤᠷᠢᠨ ᠲᠣᠮᠢᠯᠠᠨ᠎ᠠ᠃ | ︵ᠬᠤᠶᠠᠷ︶ ᠬᠢᠨᠠᠭᠴᠢᠳ ᠤᠨ ᠵᠥᠪᠯᠡᠯ᠄ 3 ᠬᠥᠮᠥᠨ | 1. ᠬᠢᠨᠠᠭᠴᠢ ᠶᠢᠨ ᠳᠠᠷᠤᠭ᠎ᠠ 1 ᠬᠥᠮᠥᠨ᠄ ᠡᠵᠡᠨ᠎ᠡ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠠᠴᠠ | ᠤᠷᠢᠨ ᠲᠣᠮᠢᠯᠠᠨ᠎ᠠ᠃ | 2. ᠳᠡᠳ᠋ ᠬᠡᠷᠡᠭ ᠬᠢᠨᠠᠭᠴᠢ ᠶᠢᠨ ᠳᠠᠷᠤᠭ᠎ᠠ 1 ᠬᠥᠮᠥᠨ᠄ ᠡᠵᠡᠨ᠎ᠡ ᠬᠤᠰᠢᠭᠤᠨ ᠤ ᠠᠷᠠᠳ ᠤᠨ ᠵᠠᠰᠠᠭ ᠤᠨ | ᠣᠷᠳᠣᠨ ᠠᠴᠠ ᠤᠷᠢᠨ ᠲᠣᠮᠢᠯᠠᠨ᠎ᠠ᠃ | 3. ᠬᠢᠨᠠᠭᠴᠢ 1 ᠬᠥᠮᠥᠨ᠄ ᠡᠵᠡᠨ᠎ᠡ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠠᠴᠠ ᠤᠷᠢᠨ | ᠲᠣᠮᠢᠯᠠᠨ᠎ᠠ᠃ | ︵ᠭᠤᠷᠪᠠ︶ ᠳᠠᠭᠠᠭᠠᠮᠠᠯ ᠳᠠᠪᠬᠤᠷᠭ᠎ᠠ᠄ 3 ᠬᠥᠮᠥᠨ | 1. ᠶᠡᠷᠦᠩᠬᠡᠢ ᠳᠠᠭᠠᠭᠠᠮᠠᠯ 1 ᠬᠥᠮᠥᠨ᠄ ᠬᠡᠷᠡᠭ ᠮᠡᠳᠡᠭᠴᠢᠳ ᠤᠨ ᠵᠥᠪᠯᠡᠯ ᠠᠴᠠ ᠨᠡᠷ᠎ᠡ ᠳᠤᠷᠠᠳᠴᠤ᠂ | ᠬᠤᠰᠢᠭᠤᠨ ᠤ ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠵᠦ ᠬᠢᠨᠠᠨ ᠬᠠᠷᠭᠤᠭᠤᠯᠤᠭᠰᠠᠨ ᠤ ᠳᠠᠷᠠᠭ᠎ᠠ᠂ | ᠺᠣᠮᠫᠠᠨᠢ ᠶᠢᠨ ᠬᠡᠷᠡᠭ ᠮᠡᠳᠡᠭᠴᠢᠳ ᠤᠨ ᠵᠥᠪᠯᠡᠯ ᠠᠴᠠ ᠲᠣᠮᠢᠯᠠᠨ᠎ᠠ᠃ | 2.ᠳᠡᠳ᠋ ᠶᠡᠷᠦᠩᠬᠡᠢ ᠳᠠᠭᠠᠭᠠᠮᠠᠯ 1 ᠬᠥᠮᠥᠨ᠄ ᠺᠤᠮᠫᠠᠨᠢ ᠶᠢᠨ ᠬᠡᠷᠡᠭ ᠮᠡᠳᠡᠭᠴᠢᠳ ᠤᠨ ᠵᠥᠪᠯᠡᠯ ᠠᠴᠠ | ᠲᠣᠮᠢᠯᠠᠨ᠎ᠠ᠃ | 3.ᠡᠳ᠋ ᠤᠨ ᠶᠠᠪᠤᠳᠠᠯ ᠤᠨ ᠶᠡᠷᠦᠩᠬᠡᠢ ᠬᠢᠨᠠᠭᠴᠢ 1 ᠬᠥᠮᠥᠨ᠄ ᠺᠤᠮᠫᠠᠨᠢ ᠶᠢᠨ ᠬᠡᠷᠡᠭ ᠮᠡᠳᠡᠭᠴᠢᠳ ᠤᠨ | ᠵᠥᠪᠯᠡᠯ ᠠᠴᠠ ᠲᠣᠮᠢᠯᠠᠨ᠎ᠠ᠃ | ︵ᠳᠥᠷᠪᠡ︶ ᠳᠣᠲᠣᠭᠠᠳᠤ ᠬᠡᠯᠲᠡᠰ ᠲᠠᠰᠤᠭ ᠤᠨ ᠲᠣᠬᠢᠷᠠᠭᠤᠯᠤᠯᠲᠠ ᠵᠢᠴᠢ ᠠᠵᠢᠯᠲᠠᠨ ᠤ ᠲᠣᠬᠢᠷᠠᠭᠤᠯᠤᠯᠲᠠ | ᠄ 18 ᠬᠥᠮᠥᠨ | 1. ᠠᠯᠪᠠᠨ ᠭᠡᠷ᠄ ᠡᠷᠬᠢᠯᠡᠭᠴᠢ 1 ᠬᠥᠮᠥᠨ᠂ ᠠᠵᠢᠯᠲᠠᠨ 2 ᠬᠥᠮᠥᠨ᠂ ᠵᠢᠯᠣᠭᠤᠴᠢ 2 ᠬᠥᠮᠥᠨ᠃ | 2. ᠭᠡᠷ᠎ᠡ ᠲᠥᠯᠦᠪᠯᠡᠯᠭᠡᠨ ᠤ ᠬᠡᠯᠲᠡᠰ ︵ᠪᠤᠶᠤ ᠡᠵᠡᠩᠨᠡᠯᠲᠡ ᠲᠥᠯᠥᠪᠯᠡᠭᠡᠨ ᠤ ᠬᠡᠯᠲᠡᠰ︶᠄ ᠬᠡᠯᠲᠡᠰ ᠤᠨ | ᠳᠠᠷᠤᠭ᠎ᠠ 1᠂ ᠳᠡᠳ᠋ ᠬᠡᠯᠲᠡᠰ ᠤᠨ ᠳᠠᠷᠤᠭ᠎ᠠ 1᠂ ᠠᠵᠢᠯᠲᠠᠨ 5 ᠬᠥᠮᠥᠨ᠃ | 3. ᠢᠨᠵᠧᠨᠧᠷᠢᠩ ᠤᠨ ᠮᠡᠷᠭᠡᠵᠢᠯ ᠤᠨ ᠬᠡᠯᠲᠡᠰ᠄ ᠬᠡᠯᠲᠡᠰ ᠤᠨ ᠳᠠᠷᠤᠭ᠎ᠠ 1 ᠬᠥᠮᠥᠨ᠂ ᠠᠵᠢᠯᠲᠠᠨ 1 | ᠬᠥᠮᠥᠨ᠃ | 4. ᠡᠳ᠋ ᠤᠨ ᠶᠠᠪᠤᠳᠠᠯ ᠤᠨ ᠶᠠᠮᠤᠨ ︵ᠡᠰᠡᠬᠦᠯ᠎ᠡ ᠡᠳ᠋ ᠬᠥᠷᠥᠩᠭᠡ ᠶᠢᠨ ᠬᠠᠮᠢᠶᠠᠷᠤᠯᠲᠠ ᠬᠢᠭᠡᠳ ᠡᠳ᠋ | ᠬᠥᠷᠥᠩᠭᠡ ᠶᠢᠨ ᠬᠠᠮᠢᠶᠠᠷᠤᠯᠲᠠ ᠶᠢᠨ ᠬᠡᠯᠲᠡᠰ︶᠄ ᠬᠡᠯᠲᠡᠰ ᠤᠨ ᠳᠠᠷᠤᠭ᠎ᠠ 1᠂ ᠠᠵᠢᠯᠲᠠᠨ 3 ᠬᠥᠮᠥᠨ᠃ | ᠺᠤᠮᠫᠠᠨᠢ ᠶᠢᠨ ᠨᠠᠮ ᠤᠨ ᠵᠣᠬᠢᠶᠠᠨ ᠪᠠᠶᠢᠭᠤᠯᠤᠯᠲᠠ᠂ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠪᠠ ᠠᠵᠢᠯᠴᠢᠨ ᠤ | ᠡᠪᠯᠡᠯ᠂ ᠵᠠᠯᠠᠭᠤᠴᠤᠳ ᠤᠨ ᠡᠪᠯᠡᠯ᠂ ᠡᠮᠡᠭᠲᠡᠶᠢᠴᠦᠳ ᠤᠨ ᠬᠤᠯᠪᠤᠭ᠎ᠠ ᠶᠢ ᠺᠣᠮᠫᠠᠨᠢ ᠪᠠᠶᠢᠭᠤᠯᠤᠭᠳᠠᠭᠰᠠᠨ ᠤ ᠲᠡᠷᠠᠭ᠎ᠠ | ᠨᠠᠮ ᠤᠨ ᠳᠦᠷᠢᠮ᠂ ᠡᠪᠯᠡᠯ ᠤᠨ ᠳᠦᠷᠢᠮ᠂ ︽ᠠᠵᠢᠯᠴᠢᠨ ᠤ ᠡᠪᠯᠡᠯ ᠤᠨ ᠬᠠᠤᠯᠢ︾ ᠵᠡᠷᠭᠡ ᠶᠢᠨ ᠬᠤᠯᠪᠣᠭᠳᠠᠯ | ᠪᠦᠬᠦᠢ ᠲᠣᠭᠲᠠᠭᠠᠯ ᠶᠣᠰᠣᠭᠠᠷ ᠪᠠᠶᠢᠭᠤᠯᠤᠨ᠎ᠠ᠃ | ᠳᠡᠭᠡᠷᠡᠬᠢ ᠲᠦᠷ ᠲᠣᠭᠲᠠᠭᠠᠭᠰᠠᠨ ᠠᠵᠢᠯᠲᠠᠨ 27 ᠬᠥᠮᠥᠨ᠂ ᠺᠣᠮᠫᠠᠨᠢ ᠶᠢᠨ ᠲᠤᠬᠠᠶᠢᠯᠠᠭᠰᠠᠨ ᠠᠵᠢᠯ ᠢᠶᠠᠨ | ᠥᠷᠭᠡᠳᠬᠡᠭᠰᠡᠨ ᠤ ᠳᠠᠷᠠᠭ᠎ᠠ᠂ ᠬᠡᠷᠡᠭᠴᠡᠭᠡ ᠪᠠᠨ ᠦᠵᠡᠵᠦ ᠪᠠᠶᠢᠭᠠᠳ ᠳᠠᠬᠢᠨ ᠬᠤᠰᠢᠭᠤᠨ ᠤ ᠠᠷᠠᠳ ᠤᠨ ᠵᠠᠰᠠᠭ ᠤᠨ | ᠣᠷᠳᠣᠨ ᠳᠤ ᠮᠡᠳᠡᠭᠦᠯᠵᠦ ᠵᠢᠩᠬᠢᠨᠢ ᠪᠠᠷ ᠣᠷᠣᠨ ᠲᠤᠭ᠎ᠠ ᠲᠣᠭᠲᠠᠭᠠᠯᠭᠠᠨ᠎ᠠ᠃ | ᠨᠠᠢᠮᠠ᠂ ᠠᠵᠢᠯᠲᠠᠨ ᠢ ᠲᠣᠮᠢᠯᠠᠬᠤ ᠪᠠᠭᠤᠯᠭᠠᠬᠤ ᠪᠠ ᠲᠤᠰᠢᠶᠠᠯ ᠤᠨ ᠲᠡᠰ ᠤᠨ ᠬᠠᠷᠠᠭᠠᠯᠵᠠᠯ ᠵᠢᠴᠢ ᠪᠤᠰᠤᠳ | ᠵᠦᠢᠯ ᠤᠳ | ︵ᠨᠢᠭᠡ︶ ᠺᠤᠮᠫᠠᠨᠢ ᠶᠢᠨ ᠳᠡᠭᠡᠳᠦ ᠵᠡᠷᠭᠡ ᠶᠢᠨ ᠬᠠᠮᠢᠶᠠᠷᠤᠯᠲᠠ ᠶᠢᠨ ᠠᠵᠢᠯᠲᠠᠨ ᠢ ᠲᠣᠮᠢᠯᠠᠬᠤ ᠪᠠ ᠪᠠᠭᠤᠯᠭᠠᠬᠤ | ᠬᠡᠷᠡᠭ ᠮᠡᠳᠡᠭᠴᠢᠳ ᠤᠨ ᠵᠥᠪᠯᠡᠯ ᠤᠨ ᠪᠦᠷᠢᠯᠳᠦᠭᠦᠨ ᠵᠢᠴᠢ ᠶᠡᠷᠦᠩᠬᠡᠢ ᠳᠠᠭᠠᠭᠠᠮᠠᠯ᠂ ᠳᠡᠳ᠋ ᠶᠡᠷᠦᠩᠬᠡᠢ | ᠳᠠᠭᠠᠭᠠᠮᠠᠯ᠂ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠳᠤ ᠤᠷᠢᠵᠤ ᠬᠡᠷᠡᠭᠯᠡᠬᠦ ᠳᠦᠷᠢᠮ ᠢ ᠬᠡᠷᠡᠭᠵᠢᠭᠦᠯᠵᠦ᠂ ᠨᠢᠭᠡ | ᠤᠳᠠᠭ᠎ᠠ 3 ᠵᠢᠯ ᠤᠷᠢᠨ᠎ᠠ᠃ ᠵᠠᠰᠠᠭ ᠵᠠᠬᠢᠷᠭ᠎ᠠ ᠠᠵᠢᠯ ᠦᠢᠯᠡᠰ ᠤᠨ ᠨᠢᠭᠡᠴᠢ ᠶᠢᠨ ᠺᠠᠳ᠋ᠷ ᠠᠵᠢᠯᠲᠠᠨ ᠠᠵᠢᠯᠴᠢᠨ | ᠤᠯᠤᠰ ᠤᠨ ᠥᠮᠴᠢᠯᠡᠯ ᠤᠨ ᠠᠵᠤ ᠠᠬᠤᠶᠢᠯᠠᠯ ᠳᠤ ᠲᠤᠰᠢᠶᠠᠯ ᠡᠭᠦᠷᠭᠡᠯᠡᠭᠰᠡᠨ ᠤ ᠲᠠᠷᠠᠭ᠎ᠠ᠂ ᠤᠤᠯ ᠤᠨ | ᠨᠢᠭᠡᠴᠢ ᠲᠠᠢ ᠪᠠᠨ ᠠᠵᠢᠯᠲᠠᠨ ᠤ ᠶᠠᠪᠤᠳᠠᠯ ᠤᠨ ᠬᠠᠷᠢᠴᠠᠭ᠎ᠠ ᠪᠠᠨ ᠰᠢᠯᠵᠢᠭᠦᠯᠵᠦ᠂ ᠠᠵᠤ ᠠᠬᠤᠶᠢᠯᠠᠯ ᠤᠨᠤᠷᠢᠨ | ᠬᠡᠷᠡᠭᠯᠡᠬᠦ ᠬᠤᠭᠤᠴᠠᠭ᠎ᠠ ᠳᠦᠭᠦᠷᠦᠭᠰᠡᠨ ᠤ ᠳᠠᠷᠠᠭ᠎ᠠ᠂ ᠬᠤᠪᠢ ᠬᠥᠮᠥᠨ ᠤ ᠬᠦᠰᠡᠯ ᠡᠷᠡᠮᠡᠯᠵᠡᠯ ᠢᠶᠠᠨ ᠦᠨᠳᠦᠰᠦᠯᠡᠨ | ᠦᠷᠭᠦᠯᠵᠢᠯᠡᠨ ᠠᠵᠤ ᠠᠬᠤᠶᠢᠯᠠᠯ ᠳᠤ ᠲᠤᠰᠢᠶᠠᠯ ᠬᠠᠷᠢᠭᠤᠴᠠᠬᠤ ᠪᠤᠶᠤ ᠡᠵᠡᠨ᠎ᠡ ᠬᠤᠰᠢᠭᠤᠨ ᠤ ᠨᠠᠮ ᠤᠨ ᠬᠤᠷᠢᠶ᠎ᠠ᠂ | ᠵᠠᠰᠠᠭ ᠤᠨ ᠣᠷᠳᠣᠨ ᠠᠴᠠ ᠵᠠᠰᠠᠭ ᠵᠠᠬᠢᠷᠭ᠎ᠠ ᠠᠵᠢᠯ ᠦᠢᠯᠡᠰ ᠤᠨ ᠨᠢᠭᠡᠴᠡ ᠳᠤ ᠲᠤᠰᠢᠶᠠᠯ ᠬᠠᠷᠢᠭᠤᠴᠠᠭᠤᠯᠬᠤ ᠪᠠᠷ | ᠲᠣᠬᠢᠷᠠᠭᠤᠯᠵᠤ ᠪᠣᠯᠣᠨ᠎ᠠ᠃ ᠭᠡᠬᠦ ᠳᠡᠭᠡᠨ ᠡᠷᠬᠡᠪᠰᠢ ᠬᠤᠰᠢᠭᠤᠨ ᠤ ᠨᠠᠮ ᠤᠨ ᠬᠤᠷᠢᠶ᠎ᠠ ᠶᠢᠨ ᠵᠣᠬᠢᠶᠠᠨ ᠪᠠᠶᠢᠭᠤᠯᠬᠤ | ᠬᠡᠯᠲᠡᠰ ᠪᠤᠶᠤ ᠬᠤᠰᠢᠭᠤᠨ ᠤ ᠠᠵᠢᠯᠲᠠᠨ ᠤ ᠶᠠᠪᠤᠳᠠᠯ ᠤᠨ ᠰᠠᠯᠠᠭ᠎ᠠ ᠮᠥᠴᠢᠷ ᠤᠨ ᠣᠨ ᠤ ᠬᠢᠨᠠᠨ ᠰᠢᠯᠭᠠᠯᠲᠠ ᠶᠢᠨ | ᠪᠠᠶᠢᠳᠠᠯ ᠪᠣᠯᠣᠨ ᠠᠵᠢᠯ ᠤᠨ ᠬᠡᠷᠡᠭᠴᠡᠭᠡ ᠵᠢᠴᠢ ᠬᠡᠷᠡᠭ ᠮᠡᠳᠡᠭᠴᠢᠳ ᠤᠨ ᠵᠥᠪᠯᠡᠯ ᠤᠨ ᠰᠠᠨᠠᠭᠤᠯᠭ᠎ᠠ ᠶᠢ ᠦᠨᠳᠦᠰᠦᠯᠡᠨ | ᠂ ᠠᠵᠢᠯᠲᠠᠨ ᠢ ᠲᠣᠬᠢᠷᠠᠭᠤᠯᠬᠤ ᠪᠤᠶᠤ ᠦᠷᠭᠦᠯᠵᠢᠯᠡᠨ ᠤᠷᠢᠨ ᠬᠡᠷᠡᠭᠯᠡᠬᠦ ᠰᠠᠨᠠᠭᠤᠯᠭ᠎ᠠ ᠳᠤᠷᠠᠳᠴᠤ᠂ ᠡᠵᠡᠨ᠎ᠡ | ᠬᠤᠰᠢᠭᠤᠨ ᠤ ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠦᠨ ᠰᠤᠳᠤᠯᠤᠭᠤᠯᠵᠤ ᠵᠥᠪᠰᠢᠶᠡᠷᠡᠭᠦᠯᠦᠭᠰᠡᠨ ᠤ | ᠳᠠᠷᠠᠭ᠎ᠠ᠂ ᠡᠵᠡᠨ᠎ᠡ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠠᠴᠠ ᠤᠷᠢᠨ ᠲᠣᠮᠢᠯᠠᠬᠤ ᠪᠤᠶᠤ ᠤᠷᠢᠬᠤ ᠪᠠᠨ | ᠵᠣᠭᠰᠣᠨ᠎ᠠ᠃ ᠺᠣᠮᠫᠠᠨᠢ ᠶᠢᠨ ᠪᠤᠰᠤᠳ ᠠᠵᠢᠯᠲᠠᠨ ᠡᠯᠰᠡᠬᠦ ᠠᠵᠢᠯ ᠢ ᠺᠣᠮᠫᠠᠨᠢ ᠪᠠᠶᠢᠭᠤᠯᠤᠭᠳᠠᠭᠰᠠᠨ ᠤ ᠳᠠᠷᠠᠭ᠎ᠠ᠂ | ᠬᠡᠷᠡᠭ ᠮᠡᠳᠡᠭᠴᠢᠳ ᠤᠨ ᠵᠥᠪᠯᠡᠯ ᠠᠴᠠ ᠪᠣᠳᠠᠲᠠᠢ ᠲᠥᠰᠥᠯ ᠭᠠᠷᠭᠠᠬᠤ ᠶᠢᠨ ᠬᠠᠮᠲᠤ ᠡᠵᠡᠨ᠎ᠡ ᠬᠤᠰᠢᠭᠤᠨ ᠤ | ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠵᠦ ᠵᠥᠪᠰᠢᠶᠡᠷᠡᠭᠦᠯᠦᠭᠰᠡᠨ ᠤ ᠳᠠᠷᠠᠭ᠎ᠠ ᠬᠡᠷᠡᠭᠵᠢᠭᠦᠯᠦᠨ᠎ᠡ᠃ | ︵ᠬᠤᠶᠠᠷ︶ ᠬᠠᠮᠢᠶᠠᠷᠤᠯᠲᠠ ᠶᠢᠨ ᠠᠵᠢᠯᠲᠠᠨ ᠤ ᠴᠠᠯᠢᠩ ᠣᠯᠭᠤᠮᠵᠢ | ᠵᠠᠰᠠᠭ ᠵᠠᠬᠢᠷᠭ᠎ᠠ ᠠᠵᠢᠯ ᠦᠢᠯᠡᠰ ᠤᠨ ᠨᠢᠭᠡᠴᠢ ᠶᠢᠨ ᠺᠠᠳ᠋ᠷ ᠠᠵᠢᠯᠲᠠᠨ ᠠᠵᠢᠯᠴᠢᠨ ᠤ ᠺᠣᠮᠫᠠᠨᠢ ᠳᠤ ᠣᠴᠢᠵᠤ | ᠲᠤᠰᠢᠶᠠᠯ ᠡᠭᠦᠷᠭᠡᠯᠡᠬᠦ ᠶᠢ ᠵᠣᠷᠢᠭᠵᠢᠭᠤᠯᠵᠤ᠂ ᠵᠠᠰᠠᠭ ᠵᠠᠬᠢᠷᠭ᠎ᠠ ᠠᠵᠢᠯ ᠦᠢᠯᠡᠰ ᠤᠨ ᠨᠢᠭᠡᠴᠢ ᠶᠢᠨ ᠺᠣᠮᠫᠠᠨᠢ ᠳᠤ | ᠣᠴᠢᠵᠤ ᠲᠤᠰᠢᠶᠠᠯ ᠡᠭᠦᠷᠭᠡᠯᠡᠭᠰᠡᠨ ᠬᠥᠮᠥᠰ ᠲᠤ ᠳᠡᠭᠡᠳᠦ ᠨᠢᠭᠡ ᠳᠡᠰ ᠤᠨ ᠴᠠᠯᠢᠩ ᠬᠦᠷᠲᠡᠭᠡᠵᠦ ᠪᠣᠯᠣᠨ᠎ᠠ᠂ | ᠲᠤᠬᠠᠶᠢᠯᠠᠪᠠᠯ ᠡᠩ ᠤᠨ ᠠᠵᠢᠯᠲᠠᠨ ᠳᠡᠳ᠋ ᠰᠠᠯᠠᠭ᠎ᠠ ᠶᠢᠨ ᠲᠡᠰ ᠢᠶᠠᠷ ᠯᠠᠪᠯᠠᠯᠲᠠ ᠪᠣᠯᠭᠠᠵᠤ ᠴᠠᠯᠢᠩ ᠤᠨ ᠬᠠᠷᠠᠭᠠᠯᠵᠠᠯ | ᠬᠦᠷᠳᠡᠨ᠎ᠠ᠂ ᠳᠡᠳ᠋ ᠰᠠᠯᠠᠭ᠎ᠠ ᠶᠢᠨ ᠲᠡᠰ ᠤᠨ ᠺᠠᠳ᠋ᠷ ᠵᠢᠩᠬᠢᠨᠢ ᠰᠠᠯᠠᠭ᠎ᠠ ᠶᠢᠨ ᠲᠡᠰ ᠢᠶᠠᠷ ᠯᠠᠪᠯᠠᠯᠲᠠ ᠪᠣᠯᠭᠠᠵᠤ | ᠴᠠᠯᠢᠩ ᠤᠨ ᠬᠠᠷᠠᠭᠠᠯᠵᠠᠯ ᠬᠦᠷᠳᠡᠨ᠎ᠠ᠃ ᠵᠢᠩᠬᠢᠨᠢ ᠰᠠᠯᠠᠭ᠎ᠠ ᠶᠢᠨ ᠲᠡᠰ ᠤᠨ ᠺᠠᠳ᠋ᠷ ᠳᠡᠳ᠋ ᠭᠠᠵᠠᠷ ᠤᠨ ᠲᠡᠰ ᠢᠶᠠᠷ | ᠯᠠᠪᠯᠠᠯᠲᠠ ᠪᠣᠯᠭᠠᠵᠤ ᠴᠠᠯᠢᠩ ᠤᠨ ᠬᠠᠷᠠᠭᠠᠯᠵᠠᠯ ᠬᠦᠷᠳᠡᠨ᠎ᠠ᠂ ᠡᠭᠦᠨ ᠢᠶᠠᠷ ᠦᠯᠢᠭᠡᠷᠯᠡᠨ ᠪᠤᠳᠤᠨ᠎ᠠ;ᠲᠤᠰᠢᠶᠠᠯ | ᠬᠠᠪᠰᠤᠷᠭᠠᠭᠰᠠᠨ ᠬᠡᠷᠡᠭ ᠮᠡᠳᠡᠭᠴᠢ ᠪᠣᠯᠣᠨ ᠬᠢᠨᠠᠭᠴᠢ ᠠᠴᠠ ᠲᠣᠭᠲᠠᠭᠠᠯ ᠶᠣᠰᠣᠭᠠᠷ ᠺᠤᠮᠫᠠᠨᠢ ᠠᠴᠠ ᠬᠠᠷᠠᠮᠵᠢ ᠠᠪᠬᠤ | ᠦᠭᠡᠢ᠃ ᠪᠤᠰᠤᠳ ᠬᠥᠮᠥᠰ ᠤᠨ ᠴᠠᠯᠢᠩ ᠳᠤ ᠦᠷ᠎ᠡ ᠠᠰᠢᠭ ᠤᠨ ᠴᠠᠯᠢᠩ ᠢ ᠬᠡᠷᠡᠭᠵᠢᠭᠦᠯᠦᠨ᠎ᠡ᠃ ᠡᠭᠦᠨ ᠢ ᠬᠡᠷᠡᠭ | ᠮᠡᠳᠡᠭᠴᠢᠳ ᠤᠨ ᠵᠥᠪᠯᠡᠯ ᠠᠴᠠ ᠰᠤᠳᠤᠯᠵᠤ ᠲᠣᠭᠲᠠᠭᠠᠨ᠎ᠠ᠃ | ︵ᠭᠤᠷᠪᠠ︶ ᠺᠣᠮᠫᠠᠨᠢ ᠶᠢᠨ ᠡᠳᠦᠷ ᠲᠤᠳᠤᠮ ᠤᠨ ᠵᠠᠷᠤᠳᠠᠯ | ᠺᠣᠮᠫᠠᠨᠢ ᠶᠢᠨ ᠠᠯᠪᠠᠨ ᠠᠵᠢᠯ ᠤᠨ ᠵᠠᠷᠤᠳᠠᠯ᠂ ᠴᠠᠯᠢᠩ ᠬᠥᠯᠥᠰᠦ ᠵᠢᠴᠢ ᠬᠤᠯᠪᠣᠭᠳᠠᠯ ᠪᠦᠬᠦᠢ ᠵᠠᠷᠤᠳᠠᠯ ᠢ | ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠵᠠᠷᠤᠳᠠᠯ᠂ ᠲᠦᠷᠦᠯ ᠵᠦᠢᠯ ᠤᠨ ᠪᠡᠯᠡ | ᠣᠷᠣᠭᠤᠯᠤᠯᠲᠠ ᠶᠢᠨ ᠬᠠᠮᠢᠶᠠᠷᠤᠯᠲᠠ ᠶᠢᠨ ᠵᠠᠷᠤᠳᠠᠯ ᠪᠣᠯᠣᠨ ᠬᠤᠪᠢ ᠡᠵᠡᠮᠰᠢᠵᠦ ᠪᠠᠶᠢᠭ᠎ᠠ ᠠᠵᠤ ᠠᠬᠤᠶᠢᠯᠠᠯ ᠤᠨ | ᠬᠤᠷᠢᠶᠠᠨ ᠠᠪᠤᠭᠰᠠᠨ ᠡᠳ᠋ ᠬᠥᠷᠥᠩᠭᠡ ᠶᠢᠨ ᠠᠰᠢᠭ ᠣᠯᠵᠠᠪᠤᠷᠢ ᠵᠢᠴᠢ ᠰᠲ᠋ᠣᠺ ᠤᠨ ᠡᠷᠬᠡ ᠶᠢᠨ ᠠᠰᠢᠭ | ᠣᠯᠵᠠᠪᠤᠷᠢ ᠶᠢᠨ ᠳᠣᠲᠣᠷ᠎ᠠ ᠠᠴᠠ ᠭᠠᠷᠭᠠᠨ ᠠᠪᠤᠨ᠎ᠠ᠃ | ᠶᠢᠰᠦ᠂ ᠺᠤᠮᠫᠠᠨᠢ ᠶᠢᠨ ᠪᠡᠯᠡᠳᠬᠡᠯ ᠠᠵᠢᠯ ᠤᠨ ᠤᠳᠤᠷᠢᠳᠬᠤ ᠳᠤᠭᠤᠶᠢᠯᠠᠩ ᠢ ᠪᠠᠶᠢᠭᠤᠯᠤᠨ᠎ᠠ | ᠡᠵᠡᠨ᠎ᠡ ᠬᠤᠰᠢᠭᠤᠨ ᠤ ᠵᠠᠰᠠᠮᠠᠯ ᠵᠠᠮ ᠤᠨ ᠵᠠᠮ ᠬᠠᠷᠢᠯᠴᠠᠭᠠᠨ ᠤ ᠪᠡᠯᠡ ᠣᠷᠣᠭᠤᠯᠤᠯᠲᠠ ᠶᠢᠨ ᠪᠦᠲᠦᠭᠡᠨ | ᠪᠠᠶᠢᠭᠤᠯᠤᠯᠲᠠ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢ ᠤᠷᠤᠭᠰᠢᠲᠠᠢ ᠪᠠᠶᠢᠭᠤᠯᠬᠤ ᠶᠢ ᠪᠠᠲᠤᠯᠠᠬᠤ ᠶᠢᠨ | ᠲᠥᠯᠥᠭᠡ᠂ ᠺᠣᠮᠫᠠᠨᠢ ᠶᠢᠨ ᠪᠡᠯᠡᠳᠬᠡᠨ ᠪᠠᠶᠢᠭᠤᠯᠬᠤ ᠤᠳᠤᠷᠢᠳᠬᠤ ᠳᠤᠭᠤᠶᠢᠯᠠᠩ ᠪᠠᠶᠢᠭᠤᠯᠬᠤ ᠪᠠᠷ ᠲᠣᠭᠲᠠᠪᠠ᠂ | ᠪᠦᠷᠢᠯᠳᠦᠭᠦᠨ ᠨᠢ ᠳᠣᠣᠷᠠᠬᠢ ᠮᠡᠲᠦ᠄ | ᠳᠤᠭᠤᠶᠢᠯᠠᠩ ᠤᠨ ᠳᠠᠷᠤᠭ᠎ᠠ᠄ | ᠪᠦᠬᠡ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤ ᠳᠠᠷᠤᠭ᠎ᠠ | ᠳᠤᠭᠤᠶᠢᠯᠠᠩ ᠤᠨ ᠳᠡᠳ᠋ ᠳᠠᠷᠤᠭ᠎ᠠ᠄ | ᠪᠣᠤ᠂ ᠲᠠᠯ᠎ᠠ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠳᠡᠳ᠋ ᠬᠤᠰᠢᠭᠤ ᠳᠠᠷᠤᠭ᠎ᠠ | ᠳ᠋ᠦ᠋ ᠶᠦᠩ ᠭᠠᠩ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ | ᠬᠡᠯᠲᠡᠰ ᠤᠨ ᠳᠠᠷᠤᠭ᠎ᠠ | ᠸᠠᠩ ᠶᠦᠩ ᠪᠢᠨ ᠳᠡᠳ᠋ ᠬᠤᠰᠢᠭᠤ ᠳᠠᠷᠤᠭ᠎ᠠ | ᠬᠥᠬᠡ ᠳᠡᠳ᠋ ᠬᠤᠰᠢᠭᠤ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠳᠠᠷᠤᠭ᠎ᠠ | ᠪᠦᠷᠢᠯᠳᠦᠭᠦᠨ᠄ | ᠯᠢ ᠵᠥᠩ ᠭᠤᠸᠠᠩ ᠡᠵᠡᠨ᠎ᠡ ᠲᠣᠣᠷᠠᠢ ᠶᠢᠨ ᠣᠶ ᠶᠢᠨ ᠤᠯᠤᠰ ᠤᠨ ᠲᠠᠰ ᠤᠨ ᠪᠠᠶᠢᠭᠠᠯᠢ ᠶᠢᠨ | ᠬᠠᠮᠠᠭᠠᠯᠠᠯᠲᠠ ᠶᠢᠨ ᠣᠷᠣᠨ ᠤ ᠬᠠᠮᠢᠶᠠᠷᠤᠯᠲᠠ ᠶᠢᠨ ᠲᠣᠪᠴᠢᠶ᠎ᠠ᠂ ᠬᠤᠰᠢᠭᠤᠨ ᠤ ᠣᠶ ᠰᠢᠭᠤᠢ ᠪᠠ ᠨᠤᠲᠤᠭ | ᠪᠡᠯᠴᠢᠭᠡᠷ ᠤᠨ ᠲᠣᠪᠴᠢᠶ᠎ᠠ ᠶᠢᠨ ᠳᠠᠷᠤᠭ᠎ᠠ | ᠭᠦᠸᠧ ᠢᠦᠢ ᠴᠦᠨ ᠬᠠᠷ᠎ᠠ ᠭᠤᠣᠯ ᠤᠨ ᠡᠵᠡᠨ᠎ᠡ ᠤᠰᠤᠯᠠᠯᠲᠠ ᠶᠢᠨ ᠣᠷᠣᠨ ᠤ ᠤᠰᠤᠨ ᠠᠰᠢᠭᠯᠠᠯᠲᠠ ᠶᠢᠨ | ᠬᠥᠭᠵᠢᠯᠲᠡ ᠶᠢᠨ ᠲᠥᠪ ᠤᠨ ᠡᠷᠬᠢᠯᠡᠭᠴᠢ᠂ ᠬᠤᠰᠢᠭᠤᠨ ᠤ ᠤᠰᠤᠨ ᠤ ᠶᠠᠪᠤᠳᠠᠯ ᠤᠨ ᠲᠣᠪᠴᠢᠶ᠎ᠠ ᠶᠢᠨ ᠳᠠᠷᠤᠭ᠎ᠠ | ᠼᠤᠤ ᠵᠢᠢ ᠬᠤᠩ ᠬᠤᠰᠢᠭᠤᠨ ᠨᠠᠮ ᠤᠨ ᠬᠤᠷᠢᠶᠠᠨ ᠤ ᠪᠠᠶᠢᠭᠤᠯᠤᠮᠵᠢ ᠶᠢᠨ ᠣᠷᠣᠨ ᠲᠤᠭ᠎ᠠ ᠶᠢᠨ | ᠵᠥᠪᠯᠡᠯ ᠤᠨ ᠠᠯᠪᠠᠨ ᠭᠡᠷ ᠤᠨ ᠡᠷᠬᠢᠯᠡᠭᠴᠢ | ᠳᠠᠶᠢᠴᠢᠨ ᠬᠤᠰᠢᠭᠤᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠡᠷᠬᠢᠯᠡᠭᠴᠢ | ᠭᠦᠸᠧ ᠵᠢᠢ ᠰᠢᠨ ᠬᠤᠰᠢᠭᠤᠨ ᠤ ᠡᠳ᠋ ᠤᠨ ᠵᠠᠰᠠᠭ ᠤᠨ ᠲᠣᠪᠴᠢᠶᠠᠨ ᠤ ᠳᠠᠷᠤᠭ᠎ᠠ | ᠹᠧᠩ ᠰᠢᠸ ᠴᠢᠩ ᠬᠤᠰᠢᠭᠤᠨ ᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ | ᠲᠤᠪᠴᠢᠶᠠᠨ ᠳᠠᠷᠤᠭ᠎ᠠ | ᠵᠦᠩ ᠵᠢᠶᠠ ᠬᠤ᠋ ᠬᠤᠰᠢᠭᠤᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶᠠᠨ ᠤ ᠳᠠᠷᠤᠭ᠎ᠠ | ᠸᠧᠢ ᠵᠢᠶᠦ᠋ᠨ ᠬᠤᠰᠢᠭᠤᠨ ᠵᠠᠮ ᠲᠡᠭᠡᠭᠡᠪᠦᠷᠢ ᠶᠢᠨ ᠲᠣᠪᠴᠢᠶᠠᠨ ᠤ ᠳᠠᠷᠤᠭ᠎ᠠ | ᠰᠦ᠋ᠷᠲᠠᠯᠠᠲᠤ ᠬᠤᠰᠢᠭᠤᠨ ᠤ ᠰᠣᠶᠣᠯ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ ᠶᠢᠨ ᠳᠠᠷᠤᠭ᠎ᠠ | ᠠᠨ ᡁᠢ ᠬᠤᠤ ᠬᠤᠰᠢᠭᠤᠨ ᠤ ᠬᠢᠨᠠᠨ ᠪᠤᠳᠤᠬᠤ ᠲᠣᠪᠴᠢᠶᠠᠨ ᠤ ᠳᠠᠷᠤᠭ᠎ᠠ | ᠪᠡᠯᠡᠳᠬᠡᠯ ᠠᠵᠢᠯ ᠤᠨ ᠤᠳᠤᠷᠢᠳᠬᠤ ᠳᠤᠭᠤᠶᠢᠯᠠᠩ ᠳᠤ ᠠᠯᠪᠠᠨ ᠭᠡᠷ ᠭᠠᠷᠭᠠᠵᠤ᠂ ᠠᠯᠪᠠᠨ ᠭᠡᠷ ᠢ | ᠬᠤᠰᠢᠭᠤᠨ ᠤ ᠵᠠᠮ ᠲᠡᠭᠡᠭᠡᠪᠦᠷᠢ ᠶᠢᠨ ᠲᠣᠪᠴᠢᠶ᠎ᠠ ᠳᠤ ᠪᠠᠶᠢᠷᠢᠯᠠᠭᠤᠯᠵᠤ᠂ ᠠᠯᠪᠠᠨ ᠭᠡᠷ ᠤᠨ ᠡᠷᠬᠢᠯᠡᠭᠴᠢ ᠶᠢᠨ | ᠲᠤᠰᠢᠶᠠᠯ ᠢ ᠸᠧᠢ ᠵᠢᠶᠦ᠋ᠨ ᠨᠥᠬᠦᠷ ᠬᠠᠪᠰᠤᠷᠭᠠᠨ ᠬᠠᠷᠢᠭᠤᠴᠠᠨ᠎ᠠ᠃ ᠭᠤᠣᠯᠳᠠᠭᠤ ᠺᠣᠮᠫᠠᠨᠢ ᠶᠢ ᠵᠣᠬᠢᠶᠠᠨ | ᠪᠠᠶᠢᠭᠤᠯᠬᠤ᠂ ᠳᠠᠩᠰᠠᠯᠠᠬᠤ᠂ ᠳᠡᠭᠡᠳᠦ ᠵᠡᠷᠭᠡ ᠶᠢᠨ ᠬᠠᠮᠢᠶᠠᠷᠤᠯᠲᠠ ᠶᠢᠨ ᠠᠵᠢᠯᠲᠠᠨ ᠢ ᠲᠠᠨᠢᠯᠴᠠᠭᠤᠯᠬᠤ ᠶᠢ | ᠬᠠᠷᠢᠭᠤᠴᠠᠵᠤ᠂ ᠠᠵᠢᠯ ᠤᠨ ᠬᠡᠷᠡᠭᠴᠡᠭᠡ ᠪᠠᠨ ᠦᠨᠳᠦᠰᠦᠯᠡᠨ᠂ ᠲᠤᠰᠬᠠᠢ ᠮᠡᠷᠭᠡᠵᠢᠯ ᠤᠨ ᠵᠥᠪᠯᠡᠯᠭᠡ ᠥᠭᠬᠦ | ᠪᠠᠶᠢᠭᠤᠯᠤᠮᠵᠢ ᠶᠢ ᠤᠷᠢᠵᠤ ᠺᠣᠮᠫᠠᠨᠢ ᠶᠢ ᠵᠣᠬᠢᠶᠠᠨ ᠪᠠᠶᠢᠭᠤᠯᠬᠤ᠂ ᠳᠠᠩᠰᠠᠯᠠᠬᠤ᠂ ᠡᠳ᠋ ᠬᠥᠷᠥᠩᠭᠡ ᠶᠢ ᠦᠨᠡᠯᠡᠨ | ᠵᠢᠱᠢᠬᠦ᠂ ᠬᠤᠪᠢ ᠣᠷᠣᠭᠤᠯᠬᠤ ᠵᠡᠷᠭᠡ ᠤᠴᠢᠷ ᠶᠠᠪᠤᠳᠠᠯ ᠳᠤ ᠵᠥᠪᠯᠡᠯᠭᠡ ᠥᠭᠬᠦ ᠦᠢᠯᠡᠴᠢᠯᠡᠭᠡ ᠬᠠᠩᠭᠠᠯᠭᠠᠵᠤ | ᠪᠣᠯᠣᠨ᠎ᠠ᠃ ᠺᠣᠮᠫᠠᠨᠢ ᠶᠢ ᠵᠢᠩᠬᠢᠨᠢ ᠪᠠᠷ ᠵᠣᠬᠢᠶᠠᠨ ᠪᠠᠶᠢᠭᠤᠯᠵᠤ ᠪᠠᠷᠠᠭᠰᠠᠨ ᠤ ᠲᠠᠷᠠᠭ᠎ᠠ ᠤᠳᠤᠷᠢᠳᠬᠤ ᠳᠤᠭᠤᠶᠢᠯᠠᠩ ᠨᠢ | ᠥᠪᠡᠰᠦᠪᠡᠨ ᠲᠠᠷᠬᠠᠨ᠎ᠠ᠃ | | | | | |