ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠲᠤ᠄ | 2022 ᠣᠨ ᠤ 12 ᠳ᠋ᠤᠭᠠᠷ ᠰᠠᠷ᠎ᠠ ᠶᠢᠨ 27 ᠤ ᠡᠳᠦᠷ ᠬᠤᠰᠢᠭᠤᠨ ᠤ ᠠᠷᠠᠳ ᠤᠨ ᠵᠠᠰᠠᠭ ᠤᠨ | ᠣᠷᠳᠣᠨ ᠤ 7 ᠳ᠋ᠤᠭᠠᠷ ᠤᠳᠠᠭᠠᠨ ᠤ ᠪᠠᠶᠢᠩᠭᠤ ᠶᠢᠨ ᠬᠤᠷᠠᠯ᠂ 2023 ᠣᠨ ᠤ 2 ᠳ᠋ᠤᠭᠠᠷ ᠰᠠᠷ᠎ᠠ ᠶᠢᠨ 20 ᠤ | ᠡᠳᠦᠷ ᠠᠷᠪᠠᠨ ᠳᠥᠷᠪᠡᠳᠦᠭᠡᠷ ᠬᠤᠭᠤᠴᠠᠭᠠᠨ ᠤ ᠬᠤᠰᠢᠭᠤᠨ ᠤ ᠨᠠᠮ ᠤᠨ ᠬᠤᠷᠢᠶᠠᠨ ᠤ 37 ᠳ᠋ᠤᠭᠠᠷ ᠤᠳᠠᠭ᠎ᠠ ᠶᠢᠨ | ᠪᠠᠶᠢᠩᠭᠤ ᠶᠢᠨ ᠬᠤᠷᠠᠯ ᠠᠴᠠ ᠡᠵᠡᠨ᠎ᠡ ᠬᠤᠰᠢᠭᠤᠨ ᠤ ᠡᠨᠧᠷᠭᠢ ᠶᠢᠨ ᠭᠠᠷᠤᠯᠲᠠ ᠶᠢᠨ ᠪᠡᠯᠡ ᠣᠷᠤᠭᠤᠯᠤᠯᠲᠠ ᠶᠢᠨ | ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢ ᠪᠠᠶᠢᠭᠤᠯᠵᠤ᠂ ᠮᠠᠨ ᠤ ᠬᠤᠰᠢᠭᠤᠨ ᠤ ᠤᠯᠤᠰ ᠤᠨ ᠥᠮᠴᠢᠯᠡᠯᠲᠦ | ᠡᠨᠧᠷᠭᠢ ᠶᠢᠨ ᠠᠵᠤ ᠠᠬᠤᠶᠢᠯᠠᠯ ᠪᠣᠯᠭᠠᠵᠤ᠂ ᠡᠨᠧᠷᠭᠢ ᠶᠢᠨ ᠪᠡᠯᠡ ᠣᠷᠤᠭᠤᠯᠤᠯᠲᠠ ᠶᠢᠨ ᠪᠠᠶᠢᠭᠤᠯᠤᠯᠲᠠ ᠶᠢᠨ ᠭᠤᠣᠯ | ᠴᠣᠭᠴᠠ ᠶᠢᠨ ᠬᠠᠷᠢᠭᠤᠴᠠᠯᠭ᠎ᠠ ᠶᠢ ᠡᠭᠦᠷᠭᠡᠯᠡᠭᠦᠯᠬᠦ ᠪᠠᠷ ᠲᠤᠭᠳᠠᠭᠰᠠᠨ ᠪᠠᠶᠢᠨ᠎ᠠ᠃ ︽ᠡᠵᠡᠨ᠎ᠡ ᠬᠤᠰᠢᠭᠤᠨ ᠤ | ᠡᠨᠧᠷᠭᠢ ᠶᠢᠨ ᠭᠠᠷᠤᠯᠲᠠ ᠶᠢᠨ ᠪᠡᠯᠡ ᠣᠷᠤᠭᠤᠯᠤᠯᠲᠠ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢ ᠪᠠᠶᠢᠭᠤᠯᠬᠤ | ᠲᠥᠰᠥᠯ︾ ᠢ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠵᠢᠷᠤᠮᠯᠠᠨ ᠬᠡᠷᠡᠭᠵᠢᠭᠦᠯᠦᠭᠡᠷᠡᠢ᠃ | 2023ᠣᠨ ᠤ 3 ᠳ᠋ᠤᠭᠠᠷ ᠰᠠᠷ᠎ᠠ ᠶᠢᠨ 15 ᠤ ᠡᠳᠦᠷ | | | ᠡᠵᠡᠨ᠎ᠡ ᠬᠤᠰᠢᠭᠤᠨ ᠤ ᠡᠨᠧᠷᠭᠢ ᠶᠢᠨ ᠭᠠᠷᠤᠯᠲᠠ ᠶᠢᠨ ᠪᠡᠯᠡ ᠣᠷᠤᠭᠤᠯᠤᠯᠲᠠ ᠶᠢᠨ ᠬᠢᠵᠠᠭᠠᠷᠲᠤ | ᠬᠠᠷᠢᠭᠤᠴᠠᠯᠭᠠᠲᠤ ᠺᠣᠮᠫᠠᠨᠢ ᠶᠢ ᠪᠠᠶᠢᠭᠤᠯᠬᠤ ᠲᠥᠰᠥᠯ | | | ᠡᠵᠡᠨ᠎ᠡ ᠬᠤᠰᠢᠭᠤᠨ ᠤ ᠡᠨᠧᠷᠭᠢ ᠶᠢᠨ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠢ ᠪᠦᠲᠦᠮᠵᠢᠲᠡᠢ | ᠬᠠᠮᠠᠭᠠᠯᠠᠬᠤ ᠪᠠ ᠵᠣᠬᠢᠰᠲᠠᠢ ᠨᠡᠭᠡᠭᠡᠨ ᠠᠰᠢᠭᠯᠠᠬᠤ ᠶᠢᠨ ᠲᠥᠯᠥᠭᠡ᠂ ᠡᠵᠡᠨ᠎ᠡ ᠬᠤᠰᠢᠭᠤᠨ ᠤ ᠡᠨᠧᠷᠭᠢ ᠶᠢᠨ | ᠠᠭᠤᠷᠬᠠᠢ ᠶᠢᠨ ᠭᠠᠷᠤᠯᠲᠠ ᠶᠢᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ ᠰᠢᠨ᠎ᠡ | ᠡᠨᠧᠷᠭᠢ ᠶᠢᠨ ᠬᠥᠭᠵᠢᠯᠲᠡ ᠶᠢ ᠠᠬᠢᠭᠤᠯᠤᠨ᠂ ᠡᠵᠡᠨ᠎ᠡ ᠬᠤᠰᠢᠭᠤᠨ ᠤ ᠡᠬᠢ ᠪᠠᠶᠠᠯᠢᠭ ᠡᠯᠪᠡᠭ᠂ ᠨᠤᠲᠤᠭ | ᠳᠡᠪᠢᠰᠬᠡᠷ ᠤᠨ ᠣᠷᠣᠨ ᠵᠠᠢ ᠥᠷᠭᠡᠨ ᠠᠭᠤᠳᠠᠮ᠂ ᠣᠷᠣᠨ ᠪᠦᠰᠡ ᠶᠢᠨ ᠬᠠᠮᠲᠤᠷᠠᠯᠴᠠᠭ᠎ᠠ ᠵᠡᠷᠭᠡ ᠳᠠᠪᠠᠭᠤᠯᠢᠭ ᠢ | ᠭᠦᠢᠴᠡᠳ ᠪᠠᠳᠠᠷᠠᠭᠤᠯᠵᠤ᠂ ᠣᠷᠣᠨ ᠨᠤᠲᠤᠭ ᠤᠨ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠡᠨᠧᠷᠭᠢ ᠶᠢᠨ | ᠠᠭᠤᠷᠬᠠᠢ ᠶᠢᠨ ᠭᠠᠷᠤᠯᠲᠠ ᠶᠢᠨ ᠬᠦᠷᠢᠶᠡᠨ ᠳᠠᠬᠢ ᠪᠡᠯᠡ ᠣᠷᠤᠭᠤᠯᠤᠯᠲᠠ ᠶᠢᠨ ᠡᠵᠡᠯᠡᠬᠦ ᠬᠠᠷᠢᠴᠠᠯ ᠢ ᠨᠡᠮᠡᠭᠳᠡᠭᠦᠯᠵᠦ᠂ | ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠪᠡᠯᠡ ᠣᠷᠤᠭᠤᠯᠤᠯᠲᠠ ᠶᠢᠨ ᠠᠰᠢᠭ ᠣᠯᠵᠠᠪᠤᠷᠢ ᠶᠢ ᠣᠷᠣᠨ | ᠨᠤᠲᠤᠭ ᠤᠨ ᠡᠳ᠋ ᠤᠨ ᠵᠠᠰᠠᠭ ᠤᠨ ᠭᠠᠶᠢᠯᠢ ᠶᠢᠨ ᠪᠤᠰᠤ ᠣᠷᠣᠯᠭ᠎ᠠ ᠶᠢᠨ ᠴᠢᠬᠤᠯᠠ ᠢᠷᠡᠯᠲᠡ ᠪᠣᠯᠭᠠᠵᠤ᠂ ᠵᠠᠬ᠎ᠠ | ᠳᠡᠯᠭᠡᠭᠦᠷ ᠤᠨ ᠲᠣᠭᠲᠠᠴᠠ ᠪᠠ ᠣᠲᠣ ᠦᠶ᠎ᠡ ᠶᠢᠨ ᠠᠵᠤ ᠠᠬᠤᠶᠢᠯᠠᠯ ᠤᠨ ᠳᠦᠷᠢᠮ ᠤᠨ ᠱᠠᠭᠠᠷᠳᠠᠯᠭ᠎ᠠ ᠶᠣᠰᠣᠭᠠᠷ᠂ | ᠡᠵᠡᠨ᠎ᠡ ᠬᠤᠰᠢᠭᠤᠨ ᠤ ᠡᠨᠧᠷᠭᠢ ᠶᠢᠨ ᠭᠠᠷᠤᠯᠲᠠ ᠶᠢᠨ ᠪᠡᠯᠡ ᠣᠷᠤᠭᠤᠯᠤᠯᠲᠠ ᠶᠢᠨ ᠬᠢᠵᠠᠭᠠᠷᠲᠤ ᠬᠠᠷᠢᠭᠤᠴᠠᠯᠭᠠᠲᠤ | ᠺᠣᠮᠫᠠᠨᠢ ︵ᠳᠣᠷᠣᠭᠰᠢ ︽ᠺᠣᠮᠫᠠᠨᠢ︾ ᠭᠡᠵᠦ ᠲᠣᠪᠴᠢᠯᠠᠨ᠎ᠠ︶ ᠶᠢ ᠪᠠᠶᠢᠭᠤᠯᠬᠤ ᠪᠠᠷ ᠲᠥᠯᠥᠪᠯᠡᠵᠦ᠂ ᠣᠨᠴᠠᠭᠠᠶᠢᠯᠠᠨ | ᠳᠣᠣᠷᠠᠬᠢ ᠲᠥᠰᠥᠯ ᠢ ᠲᠣᠭᠲᠠᠭᠠᠪᠠ᠄ | ᠨᠢᠭᠡ᠂ ᠶᠡᠷᠦᠩᠬᠡᠢ ᠱᠠᠭᠠᠷᠳᠠᠯᠭ᠎ᠠ | ᠰᠢᠨᠵᠢᠯᠡᠬᠦ ᠤᠬᠠᠭᠠᠨᠴᠢ ᠬᠥᠭᠵᠢᠯᠲᠡ ᠶᠢᠨ ᠦᠵᠡᠯᠲᠡ ᠪᠠᠷ ᠵᠢᠯᠣᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ | ᠵᠠᠬ᠎ᠠ ᠳᠡᠯᠭᠡᠭᠦᠷ ᠤᠨ ᠲᠣᠭᠲᠠᠴᠠ ᠶᠢ ᠬᠡᠷᠡᠭᠯᠡᠵᠦ᠂ ᠡᠵᠡᠨ᠎ᠡ ᠬᠤᠰᠢᠭᠤᠨ ᠤ ᠡᠨᠧᠷᠭᠢ ᠶᠢᠨ ᠠᠭᠤᠷᠬᠠᠢ ᠶᠢᠨ | ᠭᠠᠷᠤᠯᠲᠠ ᠶᠢᠨ ᠡᠵᠡᠩᠨᠡᠯᠲᠡ ᠶᠢᠨ ᠴᠢᠨᠠᠷᠲᠠᠢ ᠬᠠᠮᠢᠶᠠᠷᠤᠯᠲᠠ ᠶᠢᠨ ᠪᠠᠶᠢᠭᠤᠯᠤᠯ ᠢ ᠤᠯᠠᠮ ᠨᠢᠭᠡ ᠠᠯᠬᠤᠮ | ᠵᠢᠷᠤᠮᠵᠢᠭᠤᠯᠤᠨ ᠲᠡᠭᠦᠯᠳᠡᠷᠵᠢᠭᠦᠯᠵᠦ᠂ ᠵᠠᠰᠠᠭ ᠤᠨ ᠣᠷᠳᠣᠨ ᠢᠶᠠᠷ ᠤᠳᠤᠷᠢᠳᠤᠮᠵᠢ ᠪᠣᠯᠭᠠᠵᠤ᠂ ᠵᠠᠬ᠎ᠠ ᠳᠡᠯᠭᠡᠭᠦᠷ ᠤᠨ | ᠠᠵᠢᠯᠯᠠᠭᠠᠨ ᠤ ᠵᠠᠭᠪᠤᠷ ᠶᠣᠰᠣᠭᠠᠷ᠂ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ᠂ ᠬᠠᠳᠠᠭᠠᠯᠠᠯᠲᠠ ᠶᠢᠨ ᠬᠡᠮᠵᠢᠶ᠎ᠡ ᠶᠢ | ᠠᠮᠢᠳᠤᠯᠢᠭ ᠪᠣᠯᠭᠠᠵᠤ᠂ ᠡᠨᠧᠷᠭᠢ ᠶᠢᠨ ᠠᠭᠤᠷᠬᠠᠢ ᠶᠢᠨ ᠭᠠᠷᠤᠯᠲᠠ ᠶᠢᠨ ᠪᠡᠯᠡ ᠣᠷᠤᠭᠤᠯᠤᠯᠲᠠ᠂ ᠨᠡᠭᠡᠭᠡᠯᠲᠡ᠂ | ᠡᠵᠡᠩᠨᠡᠯᠲᠡ ᠶᠢ ᠨᠢᠭᠡ ᠴᠣᠭᠴᠠᠵᠢᠭᠤᠯᠤᠭᠰᠠᠨ ᠡᠨᠧᠷᠭᠢ ᠶᠢᠨ ᠠᠭᠤᠷᠬᠠᠢ ᠶᠢᠨ ᠭᠠᠷᠤᠯᠲᠠ ᠶᠢᠨ ᠪᠡᠯᠡ | ᠣᠷᠤᠭᠤᠯᠤᠯᠲᠠ ᠶᠢᠨ ᠨᠡᠭᠡᠭᠡᠨ ᠬᠥᠭᠵᠢᠭᠦᠯᠬᠦ ᠲᠠᠪᠴᠠᠩ ᠢ ᠪᠠᠶᠢᠭᠤᠯᠤᠨ᠂ ᠡᠵᠡᠨ᠎ᠡ ᠬᠤᠰᠢᠭᠤᠨ ᠤ ᠡᠨᠧᠷᠭᠢ ᠶᠢᠨ | ᠠᠭᠤᠷᠬᠠᠢ ᠶᠢᠨ ᠭᠠᠷᠤᠯᠲᠠ ᠶᠢᠨ ᠲᠥᠷᠥᠯ ᠵᠦᠢᠯ ᠤᠨ ᠪᠡᠯᠡ ᠣᠷᠤᠭᠤᠯᠤᠯᠲᠠ ᠪᠡᠯᠡ ᠲᠣᠬᠢᠷᠠᠭᠤᠯᠭ᠎ᠠ ᠶᠢᠨ ᠪᠣᠳᠠᠲᠤ | ᠬᠦᠴᠦᠨ ᠪᠠ ᠥᠷᠢᠰᠦᠯᠳᠦᠬᠦ ᠬᠦᠴᠦᠨ ᠢ ᠳᠡᠭᠡᠭᠰᠢᠯᠡᠭᠦᠯᠵᠦ᠂ ᠡᠨᠧᠷᠭᠢ ᠶᠢᠨ ᠠᠭᠤᠷᠬᠠᠢ ᠶᠢᠨ ᠭᠠᠷᠤᠯᠲᠠ ᠶᠢᠨ ᠤᠯᠤᠰ | ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠳᠠᠬᠢ ᠬᠥᠳᠡᠯᠭᠡᠭᠦᠷ ᠤᠨ ᠦᠢᠯᠡᠳᠦᠯ ᠢ ᠪᠠᠳᠠᠷᠠᠭᠤᠯᠤᠨ᠂ | ᠪᠥᠬᠦ ᠬᠤᠰᠢᠭᠤᠨ ᠤ ᠠᠵᠤ ᠠᠬᠤᠢ ᠶᠢᠨ ᠰᠠᠶᠢᠨ ᠪᠥᠭᠡᠳ ᠲᠦᠷᠭᠡᠨ ᠬᠥᠭᠵᠢᠯᠲᠡ ᠶᠢ ᠠᠬᠢᠭᠤᠯᠤᠨ᠎ᠠ᠃ | ᠬᠤᠶᠠᠷ᠂ ᠵᠣᠬᠢᠶᠠᠨ ᠪᠠᠶᠢᠭᠤᠯᠬᠤ ᠵᠠᠷᠴᠢᠮ | ︵ᠨᠢᠭᠡ︶ ︽ᠤᠯᠤᠰ ᠤᠨ ᠥᠮᠴᠢᠯᠡᠯᠡᠲᠦ ᠠᠵᠤ ᠠᠬᠤᠶᠢᠯᠠᠯ ᠤᠨ ᠥᠭᠡᠷᠡᠴᠢᠯᠡᠯᠲᠡ ᠶᠢᠨ ᠭᠤᠷᠪᠠᠨ ᠵᠢᠯ ᠤᠨ | ᠠᠵᠢᠯᠯᠠᠭ᠎ᠠ ᠶᠢᠨ ᠦᠷ᠎ᠡ ᠪᠦᠲᠦᠭᠡᠯ ᠢ ᠪᠠᠬᠢᠵᠢᠭᠦᠯᠦᠨ ᠭᠦᠨᠵᠡᠭᠡᠶᠢᠷᠡᠭᠦᠯᠬᠦ ᠲᠤᠬᠠᠢ ᠠᠯᠠᠱᠠ ᠠᠶᠢᠮᠠᠭ ᠤᠨ ᠤᠯᠤᠰ ᠤᠨ | ᠥᠮᠴᠢᠯᠡᠯ ᠤᠨ ᠠᠵᠤ ᠠᠬᠤᠶᠢᠯᠠᠯ ᠤᠨ ᠥᠭᠡᠷᠡᠴᠢᠯᠡᠯᠲᠡ ᠶᠢᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠤᠨ | ᠮᠡᠳᠡᠭᠳᠡᠯ︾ ︵ᠠᠯᠠᠱᠠ ᠡᠳ᠋ ᠶᠢᠨ ᠵᠠᠰᠠᠭ ᠠᠵᠤ ᠠᠬᠤᠶᠢᠯᠠᠯ ﹇2022﹈ 792 ᠳ᠋ᠤᠭᠠᠷ ᠲᠣᠭᠠᠲᠤ︶ ᠤᠨ ᠪᠢᠴᠢᠭ | ᠮᠠᠲ᠋ᠧᠷᠢᠶᠠᠯ ᠤᠨ ᠶᠣᠰᠣᠭᠠᠷ ︽ᠤᠯᠤᠰ ᠤᠨ ᠥᠮᠴᠢᠯᠡᠯ ᠤᠨ ᠬᠥᠷᠥᠩᠭᠡ ᠶᠢᠨ ᠠᠵᠤ ᠦᠢᠯᠡᠰ ᠤᠨ | ᠪᠠᠶᠢᠷᠢᠰᠢᠭᠤᠯᠤᠯᠲᠠ᠂ ᠣᠷᠣᠨ ᠵᠠᠢ ᠶᠢᠨ ᠪᠠᠶᠢᠷᠢᠰᠢᠭᠤᠯᠤᠯᠲᠠ ᠶᠢ ᠦᠷᠭᠦᠯᠵᠢᠯᠡᠨ ᠲᠣᠬᠢᠷᠠᠭᠤᠯᠤᠨ ᠰᠢᠯᠢᠳᠡᠭᠵᠢᠭᠦᠯᠵᠦ᠂ | ᠭᠤᠣᠯ ᠬᠠᠷᠢᠭᠤᠴᠠᠯᠭ᠎ᠠ ᠭᠤᠣᠯ ᠠᠵᠢᠯ ᠢ ᠳᠣᠪᠤᠶᠢᠯᠭᠠᠵᠤ᠂ ᠦᠷ᠎ᠡ ᠠᠰᠢᠭ ᠢᠶᠠᠷ ᠳᠣᠣᠷ᠎ᠠ ᠬᠦᠴᠦᠨ ᠦᠭᠡᠢ ᠡᠳ᠋ | ᠬᠥᠷᠥᠩᠭᠡ ᠶᠢ ᠲᠦᠷᠭᠡᠨ ᠰᠠᠯᠭᠠᠵᠤ᠂ ᠠᠵᠤ ᠠᠬᠤᠶᠢᠯᠠᠯ ᠤᠨ ᠬᠠᠮᠢᠶᠠᠷᠤᠯᠲᠠ ᠶᠢᠨ ᠲᠠᠰ ᠳᠠᠪᠬᠤᠷᠭ᠎ᠠ ᠶᠢ ᠪᠠᠭᠠᠰᠬᠠᠨ᠂ | ᠪᠡᠶ᠎ᠡ ᠪᠠᠨ ᠴᠢᠭᠢᠷᠠᠭᠵᠢᠭᠤᠯᠬᠤ ᠶᠢ ᠠᠬᠢᠭᠤᠯᠵᠤ᠂ ᠨᠢᠭᠡᠳᠦᠭᠡᠷ ᠳᠡᠰ ᠤᠨ ᠠᠵᠤ ᠠᠬᠤᠶᠢᠯᠠᠯ ᠤᠨ ᠡᠷᠦᠬᠡ ᠶᠢᠨ | ᠲᠤᠭ᠎ᠠ ᠶᠢ ᠡᠷᠬᠡᠪᠰᠢ 5 ᠡᠷᠦᠬᠡ ᠶᠢᠨ ᠳᠣᠲᠣᠷ᠎ᠠ ᠬᠢᠵᠠᠭᠠᠷᠯᠠᠵᠤ᠂ ᠠᠵᠤ ᠠᠬᠤᠶᠢᠯᠠᠯ ᠤᠨ ᠬᠠᠮᠢᠶᠠᠷᠤᠯᠲᠠ ᠶᠢᠨ ᠲᠠᠰ | ᠳᠠᠪᠬᠤᠷᠭ᠎ᠠ ᠶᠢ ᠭᠤᠷᠪᠠᠳᠤᠭᠠᠷ ᠳᠡᠰ ᠤᠨ ᠳᠣᠲᠣᠷ᠎ᠠ ᠬᠢᠵᠠᠭᠠᠷᠯᠠᠬᠤ︾ ᠱᠠᠭᠠᠷᠳᠠᠯᠭ᠎ᠠ ᠶᠤᠰᠤᠭᠠᠷ᠂ ᠡᠵᠡᠨ᠎ᠡ | ᠬᠤᠰᠢᠭᠤᠨ ᠤ ᠤᠯᠤᠰ ᠤᠨ ᠥᠮᠴᠢᠯᠡᠯ ᠤᠨ ᠡᠳ᠋ ᠬᠥᠷᠥᠩᠭᠡ ᠶᠢᠨ ᠪᠦᠯᠦᠭᠯᠡᠯ ᠤᠨ ᠬᠢᠵᠠᠭᠠᠷᠲᠤ ᠺᠣᠮᠫᠠᠨᠢ ᠶᠢᠨ | ᠬᠤᠶᠠᠳᠤᠭᠠᠷ ᠳᠡᠰ ᠤᠨ ᠬᠤᠪᠢᠶᠠᠷᠢ ᠠᠵᠤ ᠠᠬᠤᠶᠢᠯᠠᠯ ᠡᠵᠡᠨ᠎ᠡ ᠬᠤᠰᠢᠭᠤᠨ ᠤ ᠡᠨᠧᠷᠭᠢ ᠶᠢᠨ ᠭᠠᠷᠤᠯᠲᠠ ᠶᠢᠨ ᠪᠡᠯᠡ | ᠣᠷᠤᠭᠤᠯᠤᠯᠲᠠ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢ ᠪᠠᠶᠢᠭᠤᠯᠪᠠ᠃ | ︵ᠬᠤᠶᠠᠷ︶ ᠺᠣᠮᠫᠠᠨᠢ ᠶᠢ ᠣᠲᠣ ᠦᠶ᠎ᠡ ᠶᠢᠨ ᠠᠵᠤ ᠠᠬᠤᠶᠢᠯᠠᠯ ᠤᠨ ᠬᠠᠮᠢᠶᠠᠷᠤᠯᠲᠠ ᠶᠢᠨ ᠳᠦᠷᠢᠮ ᠪᠠ | ᠵᠠᠭᠪᠤᠷ ᠢᠶᠠᠷ ᠵᠣᠬᠢᠶᠠᠨ ᠪᠠᠶᠢᠭᠤᠯᠵᠤ᠂ ᠬᠤᠰᠢᠭᠤᠨ ᠤ ᠡᠨᠧᠷᠭᠢ ᠶᠢᠨ ᠠᠭᠤᠷᠬᠠᠢ ᠶᠢᠨ ᠭᠠᠷᠤᠯᠲᠠ ᠶᠢᠨ ᠦᠢᠯᠡᠰ ᠤᠨ | ᠬᠥᠭᠵᠢᠯᠲᠡ ᠶᠢᠨ ᠪᠡᠯᠡ ᠣᠷᠤᠭᠤᠯᠤᠯᠲᠠ᠂ ᠡᠵᠡᠩᠨᠡᠯᠲᠡ᠂ ᠬᠠᠮᠢᠶᠠᠷᠤᠯᠲᠠ ᠶᠢᠨ ᠭᠤᠣᠯ ᠴᠣᠭᠴᠠ ᠪᠣᠯᠭᠠᠨ᠎ᠠ᠃ | ︵ᠭᠤᠷᠪᠠ︶ ᠵᠠᠰᠠᠭ ᠤᠨ ᠣᠷᠳᠣᠨ ᠠᠴᠠ ᠭᠤᠣᠯᠯᠠᠨ ᠬᠦᠲᠦᠯᠦᠨ ᠵᠢᠯᠤᠭᠤᠳᠴᠤ᠂ ᠺᠣᠮᠫᠠᠨᠢ ᠠᠴᠠ | ᠠᠵᠢᠯᠯᠠᠭᠤᠯᠬᠤ ᠵᠠᠷᠴᠢᠮ ᠢᠶᠠᠷ ᠠᠵᠢᠯ ᠢᠶᠠᠨ ᠲᠦᠯᠬᠢᠨ ᠠᠬᠢᠭᠤᠯᠵᠤ᠂ ᠡᠨᠧᠷᠭᠢ ᠶᠢᠨ ᠠᠭᠤᠷᠬᠠᠢ ᠶᠢᠨ ᠭᠠᠷᠤᠯᠲᠠ ᠶᠢᠨ | ᠲᠥᠷᠥᠯ ᠵᠦᠢᠯ ᠢ ᠨᠡᠭᠡᠭᠡᠨ ᠠᠰᠢᠭᠯᠠᠬᠤ ᠪᠥᠬᠦ ᠶᠠᠪᠤᠴᠠ ᠶᠢᠨ ᠬᠠᠮᠢᠶᠠᠷᠤᠯᠲᠠ ᠶᠢᠨ ᠰᠠᠶᠢᠨ ᠣᠷᠴᠢᠯ ᠢ ᠪᠡᠶᠡᠯᠡᠭᠦᠯᠦᠨ᠎ᠡ᠃ | | ︵ᠳᠥᠷᠪᠡ︶ ᠡᠵᠡᠨ᠎ᠡ ᠬᠤᠰᠢᠭᠤᠨ ᠤ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠪᠦᠯᠦᠭᠯᠡᠯ ᠤᠨ | ᠬᠢᠵᠠᠭᠠᠷᠲᠤ ᠺᠣᠮᠫᠠᠨᠢ ᠠᠴᠠ ᠪᠡᠯᠡ ᠭᠠᠷᠭᠠᠨ ᠬᠤᠪᠢ ᠡᠵᠡᠮᠳᠡᠵᠦ᠂ ᠡᠵᠡᠨ᠎ᠡ ᠬᠤᠰᠢᠭᠤᠨ ᠤ ᠡᠨᠧᠷᠭᠢ ᠶᠢᠨ | ᠭᠠᠷᠤᠯᠲᠠ ᠶᠢᠨ ᠪᠡᠯᠡ ᠣᠷᠤᠭᠤᠯᠤᠯᠲᠠ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠨᠢ ᠪᠡᠶ᠎ᠡ ᠪᠠᠨ ᠳᠠᠭᠠᠭᠠᠨ | ᠲᠣᠭᠠᠴᠠᠭ᠎ᠠ ᠬᠢᠵᠦ᠂ ᠥᠪᠡᠷ ᠢᠶᠠᠨ ᠡᠵᠡᠨ ᠮᠡᠳᠡᠨ ᠡᠵᠡᠩᠨᠡᠵᠦ᠂ ᠣᠯᠵᠤ ᠠᠯᠳᠠᠬᠤ ᠪᠠᠨ ᠥᠪᠡᠷ ᠢᠶᠠᠨ ᠬᠠᠷᠢᠭᠤᠴᠠᠵᠤ᠂ | ᠬᠠᠤᠯᠢ ᠶᠢᠨ ᠡᠷᠬᠡᠲᠡᠨ ᠤ ᠵᠠᠰᠠᠯᠲᠠ ᠶᠢᠨ ᠪᠦᠲᠦᠴᠡ ᠨᠢ ᠪᠦᠷᠢᠨ ᠲᠡᠭᠦᠯᠳᠡᠷ ᠪᠠᠶᠢᠵᠤ᠂ ᠬᠤᠰᠢᠭᠤᠨ ᠤ ᠠᠵᠤ | ᠦᠢᠯᠡᠳᠪᠦᠷᠢ ᠬᠤᠳᠠᠯᠳᠤᠭᠠᠨ ᠤ ᠶᠠᠪᠤᠳᠠᠯ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ ᠶᠢᠨ ᠠᠵᠢᠯ ᠲᠥᠷᠥᠯ ᠤᠨ | ᠬᠠᠮᠢᠶᠠᠷᠤᠯᠲᠠ ᠬᠢᠭᠡᠳ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠡᠳ᠋ ᠤᠨ ᠵᠠᠰᠠᠭ ᠤᠨ ᠲᠣᠪᠴᠢᠶ᠎ᠠ ᠶᠢᠨ | ᠬᠢᠨᠠᠯᠲᠠ ᠲᠠᠯᠪᠢᠯᠲᠠ ᠪᠠ ᠵᠢᠯᠣᠭᠤᠳᠤᠯᠭ᠎ᠠ ᠶᠢ ᠬᠦᠯᠢᠶᠡᠨ᠎ᠡ᠃ | ᠭᠤᠷᠪᠠ᠂ ᠵᠣᠬᠢᠶᠠᠨ ᠪᠠᠶᠢᠭᠤᠯᠬᠤ ᠠᠷᠭ᠎ᠠ ᠮᠠᠶ᠋ᠢᠭ ᠵᠢᠴᠢ ᠬᠢᠨᠠᠯᠲᠠ ᠬᠠᠮᠢᠶᠠᠷᠤᠯᠲᠠ ᠶᠢᠨ ᠵᠠᠭᠪᠤᠷ | ᠺᠣᠮᠫᠠᠨᠢ ᠨᠢ ᠡᠵᠡᠨ᠎ᠡ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠠᠴᠠ ︽ᠪᠥᠬᠦᠳᠡ ᠨᠠᠶᠢᠷᠠᠮᠳᠠᠬᠤ | ᠳᠤᠮᠳᠠᠳᠤ ᠠᠷᠠᠳ ᠤᠯᠤᠰ ᠤᠨ ᠺᠣᠮᠫᠠᠨᠢ ᠶᠢᠨ ᠬᠠᠤᠯᠢ︾ ︵ᠳᠣᠷᠣᠭᠰᠢ ︽ᠺᠣᠮᠫᠠᠨᠢ ᠶᠢᠨ ᠬᠠᠤᠯᠢ︾ ᠭᠡᠵᠦ | ᠲᠣᠪᠴᠢᠯᠠᠨ᠎ᠠ︶ ᠵᠢᠴᠢ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠪᠠᠶᠢᠭᠤᠯᠤᠭᠰᠠᠨ ᠪᠥᠭᠡᠳ ᠡᠷᠬᠡ ᠣᠯᠭᠤᠵᠤ | ᠡᠵᠡᠩᠨᠡᠭᠦᠯᠦᠨ ᠬᠠᠮᠢᠶᠠᠷᠤᠭᠤᠯᠤᠭᠰᠠᠨ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠪᠡᠯᠡ ᠣᠷᠤᠭᠤᠯᠤᠯᠲᠠ ᠶᠢᠨ | ᠬᠤᠪᠢ ᠡᠵᠡᠮᠳᠡᠬᠦ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠪᠠᠶᠢᠵᠤ᠂ ᠠᠵᠤ ᠠᠬᠤᠶᠢᠴᠢᠯᠠᠭᠰᠠᠨ ᠠᠵᠢᠯᠯᠠᠭᠠᠨ ᠢ | ᠬᠡᠷᠡᠭᠵᠢᠭᠦᠯᠦᠨ᠎ᠡ᠃ ᠺᠣᠮᠫᠠᠨᠢ ᠨᠢ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠳᠤ ᠬᠠᠷᠢᠶᠠᠯᠠᠭᠳᠠᠵᠤ᠂ | ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠡᠷᠬᠡ ᠣᠯᠭᠤᠬᠤ ᠪᠠ ᠣᠯᠭᠤᠭᠰᠠᠨ ᠡᠭᠦᠷᠭᠡ | ᠬᠠᠷᠢᠭᠤᠴᠠᠯᠭ᠎ᠠ ᠶᠢᠨ ᠶᠣᠰᠣᠭᠠᠷ᠂ ᠪᠥᠬᠦ ᠬᠤᠰᠢᠭᠤᠨ ᠤ ᠡᠨᠧᠷᠭᠢ ᠶᠢᠨ ᠠᠭᠤᠷᠬᠠᠢ ᠶᠢᠨ ᠭᠠᠷᠤᠯᠲᠠ ᠶᠢᠨ ᠠᠵᠤ | ᠦᠢᠯᠡᠰ ᠤᠨ ᠬᠥᠭᠵᠢᠯᠲᠡ ᠳᠤ ᠡᠵᠡᠩᠨᠡᠯᠲᠡ ᠬᠠᠮᠢᠶᠠᠷᠤᠯᠲᠠ ᠶᠠᠪᠤᠭᠤᠯᠤᠨ᠎ᠠ᠃ ᠬᠤᠰᠢᠭᠤᠨ ᠤ ᠠᠷᠠᠳ ᠤᠨ ᠵᠠᠰᠠᠭ ᠤᠨ | ᠣᠷᠳᠣᠨ ᠠᠴᠠ ᠨᠢᠭᠡᠳᠦᠯᠲᠡᠢ ᠬᠠᠮᠢᠶᠠᠷᠤᠭᠰᠠᠨ ᠤᠷᠢᠲᠠᠯ ᠳᠣᠣᠷ᠎ᠠ᠂ ᠬᠤᠰᠢᠭᠤᠨ ᠤ ᠠᠷᠠᠳ ᠤᠨ ᠵᠠᠰᠠᠭ ᠤᠨ | ᠣᠷᠳᠣᠨ ᠠᠴᠠ ᠬᠤᠰᠢᠭᠤᠨ ᠤ ᠠᠵᠤ ᠦᠢᠯᠡᠳᠪᠦᠷᠢ ᠬᠤᠳᠠᠯᠳᠤᠭᠠᠨ ᠤ ᠶᠠᠪᠤᠳᠠᠯ ᠪᠠ ᠮᠡᠳᠡᠭᠡ ᠵᠠᠩᠭᠢᠵᠢᠯᠲᠠ ᠶᠢᠨ | ᠲᠣᠪᠴᠢᠶ᠎ᠠ ᠳᠤ ᠨᠠᠶᠢᠳᠠᠵᠤ ᠭᠤᠣᠯᠯᠠᠨ ᠬᠠᠮᠢᠶᠠᠷᠤᠭᠤᠯᠤᠨ᠎ᠠ᠃ | ᠬᠤᠰᠢᠭᠤᠨ ᠤ ᠠᠷᠠᠳ ᠤᠨ ᠵᠠᠰᠠᠭ ᠤᠨ ᠣᠷᠳᠣᠨ ᠠᠴᠠ ᠺᠣᠮᠫᠠᠨᠢ ᠳᠤ ᠪᠡᠯᠡ ᠭᠠᠷᠭᠠᠭᠴᠢ ᠶᠢᠨ ᠡᠷᠬᠡ ᠶᠢ | ᠬᠡᠷᠡᠭᠵᠢᠭᠦᠯᠬᠦ ᠳᠤ ᠭᠤᠣᠯᠳᠠᠭᠤ᠄ | ︵ᠨᠢᠭᠡ︶ ᠺᠣᠮᠫᠠᠨᠢ ᠶᠢ ᠲᠣᠬᠢᠷᠠᠭᠤᠯᠵᠤ᠂ ᠺᠣᠮᠫᠠᠨᠢ ᠶᠢᠨ ᠳᠦᠷᠢᠮ ᠢ ᠬᠢᠨᠠᠨ ᠪᠠᠶᠢᠴᠠᠭᠠᠵᠤ ᠵᠥᠪᠰᠢᠶᠡᠷᠡᠨ᠎ᠡ᠃ | ︵ᠬᠤᠶᠠᠷ︶ ᠺᠣᠮᠫᠠᠨᠢ ᠶᠢᠨ ᠬᠡᠷᠡᠭ ᠮᠡᠳᠡᠭᠴᠢ᠂ ᠬᠡᠷᠡᠭ ᠬᠢᠨᠠᠭᠴᠢ᠂ ᠡᠳ᠋ ᠤᠨ ᠶᠠᠪᠤᠳᠠᠯ ᠤᠨ ᠶᠡᠷᠦᠩᠬᠡᠢ | ᠬᠢᠨᠠᠭᠴᠢ ᠶᠢ ᠨᠠᠶᠢᠳᠠᠬᠤ ᠪᠠ ᠲᠡᠭᠦᠨ ᠢ ᠰᠣᠯᠢᠵᠤ᠂ ᠬᠡᠷᠡᠭ ᠮᠡᠳᠡᠭᠴᠢᠳ ᠤᠨ ᠵᠥᠪᠯᠡᠯ ᠪᠣᠯᠣᠨ ᠬᠡᠷᠡᠭ ᠬᠢᠨᠠᠭᠴᠢᠳ ᠤᠨ | ᠵᠥᠪᠯᠡᠯ ᠤᠨ ᠪᠦᠷᠢᠯᠳᠦᠭᠦᠨ ᠢ ᠲᠣᠮᠢᠯᠠᠵᠤ᠂ ᠲᠡᠳᠡᠠ ᠤ ᠴᠠᠯᠢᠩ ᠣᠯᠭᠤᠮᠵᠢ ᠪᠣᠯᠣᠨ ᠱᠠᠩᠨᠠᠵᠤ ᠰᠢᠳᠬᠡᠬᠦ ᠶᠢ | ᠲᠣᠭᠲᠠᠭᠠᠨ᠎ᠠ᠃ ᠺᠣᠮᠫᠠᠨᠢ ᠶᠢᠨ ᠬᠡᠷᠡᠭ ᠮᠡᠳᠡᠭᠴᠢᠳ ᠤᠨ ᠵᠥᠪᠯᠡᠯ ᠤᠨ ᠳᠤᠷᠠᠳᠤᠭᠰᠠᠨ ᠨᠡᠷ᠎ᠡ ᠶᠢ ᠦᠨᠳᠦᠰᠦᠯᠡᠨ᠂ | ᠶᠡᠷᠦᠩᠬᠡᠢ ᠳᠠᠭᠠᠭᠠᠮᠠᠯ ᠤᠨ ᠵᠢᠱᠢᠭᠳᠡᠭᠴᠢ ᠶᠢ ᠬᠢᠨᠠᠨ ᠰᠢᠯᠭᠠᠵᠤ ᠬᠢᠨᠠᠨ ᠲᠣᠭᠲᠠᠭᠠᠨ᠎ᠠ᠃ | ︵ᠭᠤᠷᠪᠠ︶ ᠺᠣᠮᠫᠠᠨᠢ ᠶᠢᠨ ᠬᠡᠷᠡᠭ ᠮᠡᠳᠡᠭᠴᠢᠳ ᠤᠨ ᠵᠥᠪᠯᠡᠯ᠂ ᠬᠢᠨᠠᠭᠴᠢᠳ ᠤᠨ ᠵᠥᠪᠯᠡᠯ ᠤᠨ | ᠮᠡᠳᠡᠭᠦᠯᠦᠯᠲᠡ᠂ ᠣᠨ ᠤ ᠡᠳ᠋ ᠤᠨ ᠶᠠᠪᠤᠳᠠᠯ ᠤᠨ ᠲᠥᠰᠥᠪ ᠪᠠ ᠲᠥᠰᠥᠪ ᠤᠨ ᠭᠦᠢᠴᠡᠳᠬᠡᠯ ᠤᠨ ᠲᠥᠰᠥᠯ᠂ ᠠᠰᠢᠭ | ᠬᠤᠨᠵᠢᠪᠤᠷᠢ ᠶᠢ ᠬᠤᠪᠢᠶᠠᠷᠢᠯᠠᠬᠤ ᠲᠥᠰᠥᠯ ᠪᠠ ᠠᠯᠳᠠᠭᠳᠠᠯ ᠢᠶᠠᠨ ᠨᠥᠬᠦᠪᠦᠷᠢᠯᠡᠬᠦ ᠲᠥᠰᠥᠯ ᠢ ᠬᠢᠨᠠᠨ ᠶᠠᠷᠢᠯᠴᠠᠵᠤ | ᠵᠥᠪᠰᠢᠶᠡᠷᠡᠨ᠎ᠡ᠃ | ︵ᠳᠥᠷᠪᠡ︶ ᠺᠣᠮᠫᠠᠨᠢ ᠶᠢ ᠰᠠᠯᠭᠠᠬᠤ᠂ ᠨᠡᠶᠢᠯᠡᠭᠦᠯᠬᠦ᠂ ᠳᠠᠩᠰᠠᠯᠠᠭᠤᠯᠤᠭᠰᠠᠨ ᠬᠥᠷᠥᠩᠭᠡ ᠶᠢ ᠨᠡᠮᠡᠬᠦ ᠪᠤᠶᠤ | ᠬᠠᠰᠤᠬᠤ᠂ ᠵᠣᠬᠢᠶᠠᠨ ᠪᠠᠶᠢᠭᠤᠯᠤᠯᠲᠠ ᠶᠢᠨ ᠬᠡᠯᠪᠡᠷᠢ ᠶᠢ ᠬᠤᠪᠢᠷᠠᠭᠤᠯᠬᠤ᠂ ᠲᠠᠷᠬᠠᠭᠠᠬᠤ ᠪᠤᠶᠤ ᠢᠯᠭᠠᠷᠠᠭᠤᠯᠤᠨ | ᠪᠤᠳᠦᠬᠤ ᠲᠤᠬᠠᠢ ᠲᠣᠭᠲᠠᠭᠠᠯ ᠭᠠᠷᠭᠠᠨ᠎ᠠ᠃ | ︵ᠲᠠᠪᠤ︶ ᠺᠣᠮᠫᠠᠨᠢ ᠶᠢᠨ ᠡᠵᠡᠩᠨᠡᠯᠲᠡ ᠶᠢᠨ ᠬᠠᠷᠠᠯᠲᠠ ᠪᠠ ᠴᠢᠬᠤᠯᠠ ᠶᠡᠭᠡ ᠪᠡᠯᠡ ᠣᠷᠤᠭᠤᠯᠤᠯᠲᠠ ᠶᠢᠨ | ᠵᠦᠢᠯᠡᠰ ᠢ ᠬᠢᠨᠠᠨ ᠪᠠᠶᠢᠴᠠᠭᠠᠵᠤ᠂ ᠤᠯᠤᠰ ᠤᠨ ᠥᠮᠴᠢᠯᠡᠯ ᠤᠨ ᠡᠳ᠋ ᠬᠥᠷᠥᠩᠭᠡ ᠶᠢᠨ ᠡᠵᠡᠩᠨᠡᠯᠲᠡ ᠶᠢᠨ ᠪᠠᠶᠢᠳᠠᠯ ᠢ | ᠬᠢᠨᠠᠨ ᠰᠢᠯᠭᠠᠬᠤ ᠶᠢᠨ ᠬᠠᠮᠲᠤ ᠬᠢᠨᠠᠨ ᠰᠢᠯᠭᠠᠭᠰᠠᠨ ᠰᠠᠭᠤᠷᠢᠨ ᠳᠡᠭᠡᠷ᠎ᠡ ᠱᠠᠩᠨᠠᠵᠤ ᠰᠢᠳᠬᠡᠬᠦ ᠶᠢ ᠲᠣᠭᠲᠠᠭᠠᠨ᠎ᠠ᠃ | ︵ᠵᠢᠷᠭᠤᠭ᠎ᠠ︶ ᠺᠣᠮᠫᠠᠨᠢ ᠶᠢᠨ ᠡᠳ᠋ ᠬᠥᠷᠥᠩᠭᠡ ᠪᠠ ᠡᠳ᠋ ᠤᠨ ᠶᠠᠪᠤᠳᠠᠯ ᠨᠢ ᠬᠤᠰᠢᠭᠤᠨ ᠤ ᠠᠵᠤ | ᠦᠢᠯᠡᠳᠪᠦᠷᠢ ᠬᠤᠳᠠᠯᠳᠤᠭᠠᠨ ᠤ ᠶᠠᠪᠤᠳᠠᠯ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠡᠳ᠋ ᠤᠨ ᠵᠠᠰᠠᠭ ᠤᠨ | ᠲᠣᠪᠴᠢᠶ᠎ᠠ᠂ ᠬᠢᠨᠠᠨ ᠪᠤᠳᠤᠬᠤ ᠲᠣᠪᠴᠢᠶ᠎ᠠ ᠶᠢᠨ ᠬᠢᠨᠠᠯᠲᠠ ᠬᠠᠮᠢᠶᠠᠷᠤᠯᠲᠠ ᠶᠢ ᠬᠦᠯᠢᠶᠡᠨ᠎ᠡ᠃ ᠡᠨᠧᠷᠭᠢ ᠶᠢᠨ | ᠠᠭᠤᠷᠬᠠᠢ ᠶᠢᠨ ᠭᠠᠷᠤᠯᠲᠠ ᠶᠢᠨ ᠠᠵᠤ ᠦᠢᠯᠡᠰ ᠤᠨ ᠬᠥᠭᠵᠢᠯᠲᠡ ᠶᠢᠨ ᠲᠤᠬᠠᠶᠢᠯᠠᠭᠰᠠᠨ ᠠᠵᠢᠯ ᠨᠢ ᠬᠤᠰᠢᠭᠤᠨ ᠤ | ᠠᠵᠤ ᠦᠢᠯᠡᠳᠪᠦᠷᠢ ᠬᠤᠳᠠᠯᠳᠤᠭᠠᠨ ᠤ ᠶᠠᠪᠤᠳᠠᠯ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ ᠶᠢᠨ ᠠᠵᠢᠯ | ᠲᠥᠷᠥᠯ ᠤᠨ ᠬᠠᠮᠢᠶᠠᠷᠤᠯᠳᠠ ᠶᠢ ᠬᠦᠯᠢᠶᠡᠨ᠎ᠡ᠃ ᠲᠥᠯᠦᠪᠵᠢᠭᠦᠯᠭᠡ ᠶᠢ ᠨᠠᠶᠢᠷᠠᠭᠤᠯᠤᠨ ᠵᠣᠬᠢᠶᠠᠬᠤ᠂ ᠪᠦᠲᠦᠭᠡᠨ | ᠪᠠᠶᠢᠭᠤᠯᠬᠤ ᠲᠥᠷᠥᠯ ᠵᠦᠢᠯ ᠢ ᠨᠡᠭᠡᠭᠡᠨ ᠬᠥᠭᠵᠢᠭᠦᠯᠬᠦ ᠳᠤ ᠬᠤᠰᠢᠭᠤᠨ ᠤ ᠤᠯᠤᠰ ᠤᠨ ᠭᠠᠵᠠᠷ ᠰᠢᠷᠣᠢ ᠣᠷᠣᠨ | ᠵᠠᠢ ᠶᠢᠨ ᠲᠥᠯᠦᠪᠵᠢᠭᠦᠯᠭᠡ ᠶᠢᠨ ᠵᠥᠪᠯᠡᠯ᠂ ᠬᠤᠰᠢᠭᠤᠨ ᠤ ᠠᠵᠤ ᠦᠢᠯᠡᠳᠪᠦᠷᠢ ᠬᠤᠳᠠᠯᠳᠤᠭᠠᠨ ᠤ ᠶᠠᠪᠤᠳᠠᠯ ᠪᠠ | ᠮᠡᠳᠡᠭᠡ ᠵᠠᠩᠭᠢᠵᠢᠯᠲᠠ ᠶᠢᠨ ᠲᠣᠪᠴᠢᠶ᠎ᠠ ᠶᠢᠨ ᠲᠥᠯᠦᠪᠵᠢᠭᠦᠯᠭᠡ ᠶᠢᠨ ᠬᠠᠮᠢᠶᠠᠷᠤᠯᠲᠠ ᠶᠢ ᠬᠦᠯᠢᠶᠡᠨ᠎ᠡ᠃ ᠬᠤᠰᠢᠭᠤᠨ ᠤ | ᠵᠠᠰᠠᠭ ᠤᠨ ᠣᠷᠳᠣᠨ ᠤ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠲᠣᠰ ᠲᠣᠰ ᠤᠨ ᠡᠭᠦᠷᠭᠡ ᠴᠢᠳᠠᠪᠤᠷᠢ ᠪᠠᠨ | ᠦᠨᠳᠦᠰᠦᠯᠡᠨ ᠬᠠᠤᠯᠢ ᠶᠣᠰᠣᠭᠠᠷ ᠺᠣᠮᠫᠠᠨᠢ ᠳᠤ ᠬᠠᠮᠢᠶᠠᠷᠤᠯᠲᠠ ᠬᠢᠵᠦ᠂ ᠦᠢᠯᠡᠴᠢᠯᠡᠭᠡ ᠬᠠᠩᠭᠠᠨ᠎ᠠ᠃ | ᠳᠥᠷᠪᠡ᠂ ᠡᠨᠧᠷᠭᠢ ᠶᠢᠨ ᠠᠭᠤᠷᠬᠠᠢ ᠶᠢᠨ ᠭᠠᠷᠤᠯᠲᠠ ᠶᠢᠨ ᠠᠵᠢᠯ ᠲᠥᠷᠥᠯ ᠤᠨ ᠬᠦᠷᠢᠶᠡᠨ ᠳᠠᠬᠢ ᠡᠳ᠋ | ᠬᠥᠷᠥᠩᠭᠡ ᠶᠢ ᠮᠠᠭᠠᠳᠯᠠᠨ ᠲᠤᠭᠳᠠᠭᠠᠬᠤ ᠬᠡᠪᠴᠢᠶ᠎ᠡ | ︵ᠨᠢᠭᠡ︶ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠵᠢᠴᠢ ᠬᠤᠰᠢᠭᠤᠨ ᠤ ᠠᠵᠤ ᠦᠢᠯᠡᠳᠪᠦᠷᠢ | ᠬᠤᠳᠠᠯᠳᠤᠭᠠᠨ ᠤ ᠶᠠᠪᠤᠳᠠᠯ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ ᠨᠢ ᠬᠤᠰᠢᠭᠤᠨ ᠳᠣᠲᠣᠷᠠᠬᠢ ᠡᠨᠧᠷᠭᠢ | ᠠᠭᠤᠷᠬᠠᠢ ᠶᠢᠨ ᠭᠠᠷᠤᠯᠲᠠ ᠶᠢᠨ ᠠᠵᠤ ᠦᠢᠯᠡᠰ ᠤᠨ ᠨᠡᠭᠡᠭᠡᠨ ᠬᠥᠭᠵᠢᠭᠦᠯᠬᠦ ᠬᠦᠷᠢᠶ᠎ᠡ ᠬᠡᠪᠴᠢᠶᠡᠨ ᠳᠤ ᠪᠣᠶ | ᠪᠣᠯᠭᠠᠭᠰᠠᠨ ᠤᠯᠤᠰ ᠤᠨ ᠥᠮᠴᠢᠯᠡᠯᠲᠦ ᠡᠳ᠋ ᠬᠥᠷᠥᠩᠭᠡ ᠳᠤ ᠪᠡᠯᠡ ᠣᠷᠣᠭᠤᠯᠤᠨ᠎ᠠ᠃ | ︵ᠬᠤᠶᠠᠷ︶ ᠡᠨᠧᠷᠭᠢ ᠶᠢᠨ ᠠᠭᠤᠷᠬᠠᠢ ᠶᠢᠨ ᠭᠠᠷᠤᠯᠲᠠ ᠶᠢᠨ ᠠᠵᠢᠯ ᠲᠥᠷᠥᠯ ᠤᠨ ᠬᠦᠷᠢᠶ᠎ᠡ ᠬᠡᠪᠴᠢᠶᠡᠨ ᠳᠠᠬᠢ | ᠲᠦᠷ ᠴᠠᠭ ᠤᠨ ᠪᠠᠷᠢᠯᠭ᠎ᠠ ᠶᠢᠨ ᠵᠦᠢᠯ᠂ ᠡᠭᠦᠷᠢᠳᠡ ᠶᠢᠨ ᠴᠢᠨᠠᠷᠲᠠᠢ ᠪᠠᠷᠢᠯᠭ᠎ᠠ᠂ ᠴᠠᠬᠢᠯᠭᠠᠨ ᠬᠦᠴᠦᠨ᠂ | ᠨᠣᠭᠤᠭᠠᠷᠠᠭᠤᠯᠤᠯᠲᠠ᠂ ᠤᠰᠤᠨ ᠤ ᠡᠬᠢ ᠰᠤᠷᠪᠤᠯᠵᠢ ᠵᠡᠷᠭᠡ ᠬᠥᠮᠥᠨ ᠰᠣᠶᠣᠯ ᠤᠨ ᠡᠬᠢ ᠪᠠᠶᠠᠯᠢᠭ ᠤᠨ ᠦᠨ᠎ᠡ | ᠥᠷᠲᠡᠭ ᠢ ᠰᠢᠨᠵᠢᠯᠡᠬᠦ ᠤᠬᠠᠭᠠᠨᠴᠢ ᠪᠠᠷ ᠦᠨᠡᠯᠡᠨ ᠵᠢᠱᠢᠭᠰᠡᠨ ᠤ ᠳᠠᠷᠠᠭ᠎ᠠ᠂ ᠡᠳ᠋ ᠬᠥᠷᠥᠩᠭᠡ ᠶᠢᠨ ᠦᠨᠡᠯᠡᠨ ᠵᠢᠱᠢᠭᠰᠡᠨ | ᠦᠨ᠎ᠡ ᠥᠷᠲᠡᠭ ᠢᠶᠠᠷ ᠢᠶᠠᠨ ᠡᠨᠧᠷᠭᠢ ᠶᠢᠨ ᠠᠵᠢᠯ ᠲᠥᠷᠥᠯ ᠤᠨ ᠬᠦᠷᠢᠶ᠎ᠡ ᠬᠡᠪᠴᠢᠶᠡᠨ ᠳᠤ ᠬᠤᠪᠢ ᠣᠷᠤᠭᠤᠯᠵᠤ | ᠠᠵᠤ ᠠᠬᠤᠶᠢᠯᠠᠯ ᠢ ᠡᠵᠡᠩᠨᠡᠨ᠎ᠡ᠃ ᠪᠣᠰᠣᠳ ᠡᠳ᠋ ᠬᠥᠷᠥᠩᠭᠡ ᠶᠢ ᠦᠨᠡᠯᠡᠨ ᠵᠢᠱᠢᠬᠦ ᠠᠵᠢᠯ ᠪᠠ ᠡᠳ᠋ ᠬᠥᠷᠥᠩᠭᠡ ᠶᠢ | ᠨᠤᠲᠠᠯᠠᠬᠤ᠂ ᠡᠷᠬᠡ ᠣᠯᠭᠤᠬᠤ ᠭᠠᠷ ᠭᠦᠢᠴᠡᠳᠬᠡᠯ ᠢ ᠺᠣᠮᠫᠠᠨᠢ ᠪᠠᠶᠢᠭᠤᠯᠤᠭᠰᠠᠨ ᠪᠣᠳᠠᠲᠤ ᠪᠠᠶᠢᠳᠠᠯ ᠢ ᠦᠨᠳᠦᠰᠦᠯᠡᠨ | ᠪᠦᠯᠦᠭ ᠬᠤᠪᠢᠶᠠᠨ ᠬᠢᠵᠦ ᠪᠣᠯᠣᠨ᠎ᠠ᠃ | ᠲᠠᠪᠤ᠂ ᠺᠣᠮᠫᠠᠨᠢ ᠶᠢᠨ ᠳᠠᠩᠰᠠᠯᠠᠭᠤᠯᠤᠭᠰᠠᠨ ᠬᠥᠷᠥᠩᠭᠡ᠂ ᠡᠵᠡᠩᠨᠡᠬᠦ ᠬᠦᠷᠢᠶ᠎ᠡ ᠬᠡᠪᠴᠢᠶ᠎ᠡ | ︵ᠨᠢᠭᠡ︶ ᠳᠠᠩᠰᠠᠯᠠᠭᠤᠯᠤᠭᠰᠠᠨ ᠬᠥᠷᠥᠩᠭᠡ᠄ ᠠᠩᠬ᠎ᠠ ᠡᠬᠢᠯᠡᠬᠦ ᠳᠡᠭᠡᠨ 1000 ᠲᠦᠮᠡᠨ ᠲᠥᠭᠦᠷᠢᠭ ᠤᠨ | ᠠᠷᠠᠳ ᠤᠨ ᠵᠣᠭᠤᠰ ᠢ ᠳᠠᠭᠠᠭᠠᠨ ᠲᠤᠰᠢᠶᠠᠵᠤ᠂ ᠳᠠᠷᠠᠭ᠎ᠠ ᠨᠢ ᠠᠵᠤ ᠠᠬᠤᠶᠢᠯᠠᠯ ᠤᠨ ᠬᠥᠭᠵᠢᠯᠲᠡ ᠶᠢᠨ ᠬᠡᠷᠡᠭᠴᠡᠭᠡ | ᠱᠠᠭᠠᠷᠳᠠᠯᠭ᠎ᠠ ᠶᠢ ᠳᠠᠭᠠᠯᠳᠤᠭᠤᠯᠤᠨ ᠳᠠᠬᠢᠨ ᠪᠡᠯᠡ ᠮᠥᠩᠭᠦ ᠨᠡᠮᠡᠭᠳᠡᠭᠦᠯᠦᠨ᠎ᠡ᠃ | ︵ᠬᠤᠶᠠᠷ︶ ᠡᠵᠡᠩᠨᠡᠯᠲᠡ ᠶᠢᠨ ᠬᠦᠷᠢᠶ᠎ᠡ ᠬᠡᠪᠴᠢᠶ᠎ᠡ᠄ | ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠢ ᠬᠠᠶᠢᠨ ᠪᠠᠶᠢᠴᠠᠭᠠᠬᠤ ᠪᠠ ᠨᠡᠭᠡᠭᠡᠨ ᠠᠰᠢᠭᠯᠠᠬᠤ᠃ | ᠲᠡᠮᠦᠷᠯᠢᠭ᠂ ᠲᠡᠮᠦᠷᠯᠢᠭ ᠪᠤᠰᠤ ᠵᠡᠷᠭᠡ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠢ ᠬᠠᠶᠢᠨ ᠪᠠᠶᠢᠴᠠᠭᠠᠬᠤ ᠪᠠ | ᠨᠡᠭᠡᠭᠡᠨ ᠠᠰᠢᠭᠯᠠᠬᠤ᠃ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠲᠤ ᠪᠡᠯᠡ ᠣᠷᠣᠭᠤᠯᠬᠤ᠂ ᠮᠠᠯᠲᠠᠬᠤ᠂ | ᠪᠣᠯᠪᠠᠰᠤᠷᠠᠭᠤᠯᠬᠤ᠂ ᠤᠬᠢᠶᠠᠵᠤ ᠰᠢᠯᠢᠬᠦ᠂ ᠪᠣᠷᠣᠯᠠᠭᠤᠯᠬᠤ᠃ ᠨᠡᠭᠦᠷᠡᠰᠦᠨ ᠤ ᠡᠬᠢ ᠪᠠᠶᠠᠯᠢᠭ ᠲᠤ ᠪᠡᠯᠡ | ᠣᠷᠣᠭᠤᠯᠬᠤ᠂ ᠨᠡᠭᠡᠭᠡᠨ ᠮᠠᠯᠲᠠᠬᠤ᠂ ᠪᠣᠯᠪᠠᠰᠤᠷᠠᠭᠤᠯᠬᠤ᠂ ᠪᠣᠷᠣᠯᠠᠭᠤᠯᠬᠤ᠂ ᠨᠡᠭᠦᠷᠡᠰᠦᠨ ᠤ ᠪᠦᠲᠦᠭᠡᠭᠳᠡᠬᠦᠨ ᠢ | ᠪᠣᠷᠣᠯᠠᠭᠤᠯᠬᠤ᠂ ᠨᠡᠭᠦᠷᠡᠰᠦ ᠶᠢ ᠤᠬᠢᠶᠠᠨ ᠰᠢᠯᠢᠬᠦ᠂ ᠨᠡᠭᠦᠷᠡᠰᠦ ᠶᠢ ᠭᠠᠳᠠᠭᠠᠳᠤ ᠠᠴᠠ ᠣᠷᠣᠭᠤᠯᠬᠤ ᠪᠠ | ᠭᠠᠳᠠᠭᠠᠳᠤ ᠳᠤ ᠭᠠᠷᠭᠠᠬᠤ ᠠᠷᠠᠯᠵᠢᠶ᠎ᠠ᠃ ᠴᠢᠯᠠᠭᠤᠨ ᠲᠣᠰᠣ ᠪᠠᠶᠢᠭᠠᠯᠢ ᠶᠢᠨ ᠰᠢᠲᠠᠮᠠᠬᠠᠢ ᠬᠡᠢ ᠶᠢ ᠬᠠᠶᠢᠨ ᠰᠢᠨᠵᠢᠬᠦ᠂ | ᠪᠡᠯᠡ ᠣᠷᠣᠭᠤᠯᠬᠤ᠂ ᠨᠡᠭᠡᠭᠡᠨ ᠬᠥᠭᠵᠢᠭᠦᠯᠬᠦ᠂ ᠪᠣᠯᠪᠠᠰᠤᠷᠠᠭᠤᠯᠬᠤ᠂ ᠶᠡᠷᠦᠩᠬᠡᠶᠢᠯᠡᠨ ᠠᠰᠢᠭᠯᠠᠬᠤ ᠪᠠ ᠦᠢᠯᠡᠳᠬᠦᠨ ᠢ | ᠪᠣᠷᠣᠯᠠᠭᠤᠯᠬᠤ᠂ ᠴᠢᠯᠠᠭᠤᠨ ᠲᠣᠰᠣ ᠪᠠᠶᠢᠭᠠᠯᠢ ᠶᠢᠨ ᠰᠢᠲᠠᠮᠠᠬᠠᠢ ᠬᠡᠢ ᠶᠢ ᠬᠠᠶᠢᠨ ᠰᠢᠨᠵᠢᠵᠦ ᠨᠡᠭᠡᠭᠡᠨ ᠠᠰᠢᠭᠯᠠᠬᠤ | ᠮᠡᠳᠡᠭᠡ ᠵᠠᠩᠭᠢ ᠶᠢᠨ ᠯᠠᠪᠯᠠᠯᠭ᠎ᠠ ᠶᠢᠨ ᠦᠢᠯᠡᠴᠢᠯᠡᠭᠡ᠃ | ᠰᠢᠨ᠎ᠡ ᠡᠨᠧᠷᠭᠢ ᠶᠢᠨ ᠠᠵᠢᠯ ᠲᠥᠷᠥᠯ᠄ ᠰᠠᠯᠬᠢᠨ ᠤ ᠬᠦᠴᠦᠨ ᠢᠶᠠᠷ ᠴᠠᠬᠢᠯᠭᠠᠨ ᠭᠠᠷᠭᠠᠬᠤ᠂ ᠨᠡᠷᠡᠨ | ᠡᠨᠧᠷᠭᠢ ᠪᠠᠷ ᠴᠠᠬᠢᠯᠭᠠᠨ ᠭᠠᠷᠭᠠᠬᠤ᠂ ᠡᠨᠧᠷᠭᠢ ᠬᠠᠳᠠᠭᠠᠯᠠᠬᠤ᠂ ᠭᠠᠯ ᠤᠨ ᠬᠦᠴᠦᠨ ᠢᠶᠠᠷ ᠴᠠᠬᠢᠯᠭᠠᠨ ᠭᠠᠷᠭᠠᠬᠤ᠂ | ᠢᠯᠴᠢ ᠴᠠᠬᠢᠯᠭᠠᠨ ᠢ ᠵᠡᠷᠭᠡᠪᠡᠷ ᠦᠢᠯᠡᠳᠪᠦᠷᠢᠯᠡᠬᠦ᠂ ᠴᠠᠬᠢᠯᠭᠠᠨ ᠬᠦᠷᠭᠡᠵᠦ ᠬᠦᠴᠦᠳᠡᠯ ᠥᠭᠡᠷᠡᠴᠢᠯᠡᠬᠦ᠂ ᠴᠠᠬᠢᠯᠭᠠᠨ | ᠬᠠᠩᠭᠠᠬᠤ ᠬᠦᠴᠦᠳᠡᠯ ᠥᠭᠡᠷᠡᠴᠢᠯᠡᠬᠦ ᠵᠡᠷᠭᠡ ᠴᠠᠬᠢᠯᠭᠠᠨ ᠬᠦᠴᠦᠨ ᠤ ᠲᠥᠷᠥᠯ ᠵᠦᠢᠯ ᠳᠤ ᠪᠡᠯᠡ ᠣᠷᠣᠭᠤᠯᠬᠤ᠂ | ᠨᠡᠭᠡᠭᠡᠨ ᠬᠥᠭᠵᠢᠭᠦᠯᠬᠦ᠂ ᠦᠢᠯᠡᠳᠪᠦᠷᠢᠯᠡᠬᠦ᠂ ᠡᠵᠡᠩᠨᠡᠬᠦ᠂ ᠠᠰᠠᠭᠤᠨ ᠯᠠᠪᠯᠠᠬᠤ᠂ ᠰᠢᠯᠵᠢᠭᠦᠯᠦᠨ ᠥᠭᠬᠦ᠂ | ᠦᠢᠯᠡᠴᠢᠯᠡᠬᠦ᠃ ᠨᠡᠷᠡᠨ ᠤ ᠡᠨᠧᠷᠭᠢ᠂ ᠰᠠᠯᠬᠢᠨ ᠬᠦᠴᠦᠨ ᠤ ᠴᠠᠬᠢᠯᠭᠠᠨ ᠵᠡᠷᠭᠡ ᠴᠠᠬᠢᠯᠭᠠᠨ ᠬᠦᠴᠦᠨ ᠤ ᠵᠦᠢᠯᠡᠰ ᠤᠨ | ᠰᠡᠯᠪᠢᠭ ᠲᠤᠨᠤᠭ᠂ ᠤᠤᠯ ᠲᠤᠨᠤᠭ᠂ ᠲᠥᠬᠦᠭᠡᠷᠦᠮᠵᠢ ᠵᠡᠷᠭᠡ ᠶᠢ ᠦᠢᠯᠡᠳᠪᠦᠷᠢᠯᠡᠬᠦ᠂ ᠦᠢᠯᠡᠳᠬᠦ᠂ ᠪᠣᠷᠣᠯᠠᠭᠤᠯᠬᠤ᠂ | ᠵᠥᠪᠯᠡᠯᠭᠡ ᠥᠭᠬᠦ᠂ ᠦᠢᠯᠡᠴᠢᠯᠡᠬᠦ᠃ ᠭᠠᠳᠠᠭᠠᠳᠤ ᠣᠷᠤᠭᠤᠯᠤᠯᠲᠠ ᠭᠠᠷᠭᠠᠯᠲᠠ ᠶᠢᠨ ᠲᠤᠬᠠᠶᠢᠯᠠᠭᠰᠠᠨ ᠠᠵᠢᠯ ︵ | ᠬᠠᠤᠯᠢ ᠶᠣᠰᠣᠭᠠᠷ ᠵᠥᠪᠰᠢᠶᠡᠷᠡᠭᠦᠯᠬᠦ ᠴᠢᠬᠤᠯᠠ ᠲᠠᠢ ᠲᠥᠷᠥᠯ ᠵᠦᠢᠯ ᠢ ᠬᠠᠮᠢᠶ᠎ᠠ ᠪᠦᠬᠦᠢ ᠰᠠᠯᠠᠭ᠎ᠠ ᠮᠥᠴᠢᠷ ᠢᠶᠠᠷ | ᠵᠥᠪᠰᠢᠶᠡᠷᠡᠭᠦᠯᠦᠭᠰᠡᠨ ᠤ ᠳᠠᠷᠠᠭ᠎ᠠ ᠰᠠᠶ᠋ᠢ ᠡᠵᠡᠩᠨᠡᠯᠲᠡ ᠶᠢᠨ ᠠᠵᠢᠯᠯᠠᠭ᠎ᠠ ᠥᠷᠨᠢᠭᠦᠯᠵᠦ ᠪᠣᠯᠣᠨ᠎ᠠ︶᠃ | ᠵᠢᠷᠭᠤᠭ᠎ᠠ᠂ ᠺᠣᠮᠫᠠᠨᠢ ᠶᠢᠨ ᠭᠤᠣᠯ ᠡᠵᠡᠩᠨᠡᠯᠲᠡ ᠶᠢᠨ ᠬᠡᠯᠪᠡᠷᠢ | ᠤᠯᠤᠰ ᠤᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ᠂ | ᠰᠢᠯᠵᠢᠭᠦᠯᠦᠨ ᠬᠤᠳᠠᠯᠳᠤᠬᠤ᠂ ᠰᠣᠯᠢᠬᠤ᠂ ᠬᠤᠪᠢ ᠣᠷᠣᠭᠤᠯᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ | ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠲᠥᠷᠥᠯ ᠵᠦᠢᠯ ᠤᠨ ᠪᠥᠬᠦ ᠠᠮᠢ ᠨᠠᠰᠤᠨ ᠤ ᠦᠶᠡᠯᠡᠯ ᠤᠨ | ᠬᠤᠭᠤᠴᠠᠭᠠᠨ ᠳᠠᠬᠢ ᠬᠠᠮᠤᠭ ᠤᠨ ᠶᠡᠭᠡ ᠦᠷ᠎ᠡ ᠠᠰᠢᠭ ᠢ ᠪᠡᠶᠡᠯᠡᠭᠦᠯᠦᠨ᠎ᠡ᠃ | ᠲᠤᠯᠤᠭ᠎ᠠ᠂ ᠺᠤᠮᠫᠠᠨᠢ ᠶᠢᠨ ᠬᠠᠷᠢᠭᠤᠴᠠᠯᠭ᠎ᠠ ᠬᠢᠭᠡᠳ ᠡᠷᠬᠡ | ︵ᠨᠢᠭᠡ︶ ᠺᠣᠮᠫᠠᠨᠢ ᠶᠢᠨ ᠬᠠᠷᠢᠭᠤᠴᠠᠯᠭ᠎ᠠ ᠪᠠ ᠡᠭᠦᠷᠭᠡ | 1᠂ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠡᠷᠬᠡ ᠣᠯᠭᠤᠭᠰᠠᠨ ᠤᠯᠤᠰ ᠤᠨ ᠥᠮᠴᠢᠯᠡᠯᠲᠦ | ᠡᠳ᠋ ᠬᠥᠷᠥᠩᠭᠡ ᠶᠢ ᠡᠵᠡᠩᠨᠡᠬᠦ ᠦᠶ᠎ᠡ ᠳᠤ ᠲᠣᠭᠲᠠᠭᠠᠭᠰᠠᠨ ᠡᠯ᠎ᠡ ᠵᠦᠢᠯ ᠤᠨ ᠬᠠᠷᠢᠭᠤᠴᠠᠯᠭ᠎ᠠ ᠶᠢ ᠭᠦᠢᠴᠡᠳᠬᠡᠵᠦ᠂ | ᠡᠷᠬᠡ ᠣᠯᠭᠤᠵᠤ ᠡᠵᠡᠩᠨᠡᠭᠦᠯᠦᠭᠰᠡᠨ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠥᠷᠲᠡᠭ ᠢ ᠪᠠᠲᠤᠯᠠᠵᠤ | ᠨᠡᠮᠡᠭᠳᠡᠭᠦᠯᠬᠦᠯᠦᠨᠡ᠃ | 2᠂ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ | ᠥᠮᠴᠢᠯᠡᠭᠴᠢ ᠶᠢᠨ ᠡᠷᠬᠡ ᠠᠰᠢᠭ ᠢ ᠬᠠᠮᠠᠭᠠᠯᠠᠵᠤ᠂ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ | ᠡᠨᠧᠷᠭᠢ ᠶᠢᠨ ᠦᠢᠯᠡᠰ ᠢ ᠬᠥᠭᠵᠢᠭᠦᠯᠬᠦ ᠲᠤᠬᠠᠢ ᠡᠯ᠎ᠡ ᠵᠦᠢᠯ ᠤᠨ ᠴᠢᠭᠯᠡᠯᠲᠡ᠂ ᠲᠥᠷᠥ ᠶᠢᠨ ᠪᠣᠳᠣᠯᠭ᠎ᠠ ᠶᠢ | ᠲᠤᠤᠱᠯᠠᠭᠤᠯᠤᠨ ᠬᠡᠷᠡᠭᠵᠢᠭᠦᠯᠦᠨ᠎ᠡ᠃ | 3᠂ ᠬᠠᠤᠯᠢ ᠶᠢᠨ ᠡᠷᠬᠡᠳᠡᠨ ᠤ ᠪᠦᠬᠦ ᠡᠳ᠋ ᠬᠥᠷᠥᠩᠭᠡ ᠪᠠᠷ ᠢᠷᠭᠡᠨ ᠤ ᠬᠡᠷᠡᠭ ᠤᠨ ᠬᠠᠷᠢᠭᠤᠴᠠᠯᠭ᠎ᠠ ᠶᠢ | ᠡᠭᠦᠷᠭᠡᠯᠡᠨ᠎ᠡ᠃ | ︵ᠬᠤᠶᠠᠷ︶ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠡᠷᠬᠡ ᠣᠯᠭᠤᠯᠲᠠ ᠶᠢ ᠦᠨᠳᠦᠰᠦᠯᠡᠨ᠂ | ᠺᠣᠮᠫᠠᠨᠢ ᠨᠢ ᠳᠣᠣᠷᠠᠬᠢ ᠮᠡᠲᠦ ᠡᠷᠬᠡ ᠶᠢ ᠡᠳ᠋ᠯᠡᠨ᠎ᠡ᠄ | 1᠂ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠠᠴᠠ ᠡᠷᠬᠡ ᠣᠯᠭᠤᠵᠤ ᠡᠵᠡᠩᠨᠡᠭᠦᠯᠦᠨ | ᠬᠠᠮᠢᠶᠠᠷᠤᠭᠤᠯᠤᠭᠰᠠᠨ ᠡᠳ᠋ ᠬᠥᠷᠥᠩᠭᠡ ᠶᠢ ᠲᠤᠰᠠᠭᠠᠷ ᠡᠵᠡᠮᠰᠢᠬᠦ ᠪᠠ ᠬᠡᠷᠡᠭᠯᠡᠨ᠎ᠡ᠃ | 2. ᠬᠤᠰᠢᠭᠤᠨ ᠤ ᠠᠷᠠᠳ ᠤᠨ ᠵᠠᠰᠠᠭ ᠤᠨ ᠣᠷᠳᠣᠨ ᠢᠶᠠᠷ ᠵᠦᠪᠰᠢᠶᠡᠷᠡᠭᠦᠯᠦᠨ ᠡᠷᠬᠡ ᠣᠯᠤᠨ ᠡᠵᠡᠩᠨᠡᠭᠰᠡᠨ | ᠡᠳ᠋ ᠬᠥᠷᠥᠩᠭᠡ ᠳᠤ ᠪᠡᠯᠡ ᠣᠷᠣᠭᠤᠯᠬᠤ᠂ ᠰᠢᠯᠵᠢᠭᠦᠯᠦᠨ ᠬᠤᠳᠠᠯᠳᠤᠬᠤ᠂ ᠭᠠᠳᠠᠭᠠᠳᠤ ᠳᠤ ᠬᠤᠪᠢ ᠣᠷᠣᠭᠤᠯᠬᠤ᠂ | ᠬᠤᠪᠢ ᠡᠵᠡᠮᠳᠡᠬᠦ᠂ ᠲᠦᠷᠢᠶᠡᠰᠦᠯᠡᠬᠦ᠂ ᠪᠠᠷᠢᠴᠠᠭᠠᠯᠠᠬᠤ ᠵᠡᠷᠭᠡ ᠰᠢᠢᠳᠪᠦᠷᠢᠯᠡᠯᠲᠡ ᠬᠢᠨ᠎ᠡ᠃ | 3᠂ ᠺᠣᠮᠫᠠᠨᠢ ᠨᠢ ᠥᠪᠡᠷ ᠤᠨ ᠬᠠᠷᠢᠶᠠᠨ ᠳᠠᠬᠢ ᠪᠦᠷᠢᠨ ᠪᠡᠯᠡᠳᠦ ᠪᠤᠶᠤ ᠬᠤᠪᠢ ᠡᠵᠡᠮᠳᠡᠭᠰᠡᠨ ᠠᠵᠤ | ᠠᠬᠤᠶᠢᠯᠠᠯ ᠳᠤ ᠪᠡᠯᠡ ᠭᠠᠷᠭᠠᠭᠴᠢ ᠶᠢᠨ ᠡᠷᠬᠡ ᠶᠢ ᠡᠳᠡᠯᠡᠭᠦᠯᠦᠨᠡ᠃ ᠲᠤᠬᠠᠶᠢᠯᠠᠪᠠᠯ ᠴᠢᠬᠤᠯᠠ ᠶᠡᠭᠡ ᠰᠢᠢᠳᠪᠦᠷᠢᠲᠦ | ᠪᠣᠳᠣᠯᠭ᠎ᠠ ᠲᠣᠭᠲᠠᠭᠠᠬᠤ ᠡᠷᠬᠡ᠂ ᠪᠡᠯᠡ ᠣᠷᠤᠭᠤᠯᠤᠯᠲᠠ ᠶᠢᠨ ᠠᠰᠢᠭ ᠣᠯᠬᠤ ᠡᠷᠬᠡ ᠪᠠ ᠡᠵᠡᠩᠨᠡᠭᠴᠢ ᠶᠢᠨ | ᠰᠣᠩᠭᠤᠬᠤ ᠡᠷᠬᠡ ᠶᠢ ᠡᠳ᠋ᠯᠡᠨ᠎ᠡ᠃ | 4᠂ ᠺᠣᠮᠫᠠᠨᠢ ᠨᠢ ᠪᠤᠰᠤᠳ ᠠᠵᠤ ᠠᠬᠤᠶᠢᠯᠠᠯ ᠳᠤ ᠪᠡᠯᠡ ᠣᠷᠣᠭᠤᠯᠤᠭᠰᠠᠨ ᠴᠥᠭᠡᠨ ᠲᠣᠭᠠᠨ ᠤ ᠰᠲ᠋ᠣᠺ ᠤᠨ | ᠬᠠᠣᠯᠢ ᠶᠤᠰᠤᠨ ᠤ ᠬᠤᠯᠪᠣᠭᠳᠠᠯ ᠪᠦᠬᠦᠢ ᠡᠷᠬᠡ ᠪᠠ ᠠᠰᠢᠭ ᠣᠯᠵᠠᠪᠤᠷᠢ ᠶᠢ ᠡᠳ᠋ᠯᠡᠨ᠎ᠡ᠃ | ᠨᠠᠢᠮᠠ᠂ ᠺᠣᠮᠫᠠᠨᠢ ᠶᠢᠨ ᠵᠣᠬᠢᠶᠠᠨ ᠪᠠᠶᠢᠭᠤᠯᠤᠯᠲᠠ ᠶᠢᠨ ᠪᠦᠲᠦᠴᠡ | ᠺᠣᠮᠫᠠᠨᠢ ᠶᠢᠨ ᠤᠷᠤᠭᠰᠢᠲᠠᠢ ᠪᠠᠶᠢᠭᠤᠯᠤᠭᠳᠠᠬᠤ ᠶᠢ ᠪᠠᠲᠤᠯᠠᠬᠤ ᠶᠢᠨ ᠲᠥᠯᠥᠭᠡ᠂ ᠲᠡᠭᠦᠨ ᠤ ᠵᠣᠬᠢᠶᠠᠨ | ᠪᠠᠶᠢᠭᠤᠯᠤᠯᠲᠠ ᠶᠢᠨ ᠬᠠᠮᠢᠶᠠᠷᠤᠯᠲᠠ ᠶᠢᠨ ᠪᠠᠶᠢᠭᠤᠯᠤᠮᠵᠢ ᠶᠢ ᠰᠢᠨᠵᠢᠯᠡᠬᠦ ᠤᠬᠠᠭᠠᠨᠴᠢ ᠪᠥᠭᠡᠳ ᠵᠦᠢ ᠵᠣᠬᠢᠰᠲᠠᠢ ᠪᠠᠷ | ᠲᠣᠭᠲᠠᠭᠠᠵᠤ᠂ ᠡᠷᠬᠡ ᠲᠡᠭᠰᠢ᠂ ᠲᠥᠪ ᠭᠤᠣᠯᠴᠢ ᠪᠠᠷ ᠺᠣᠮᠫᠠᠨᠢ ᠶᠢᠨ ᠬᠠᠮᠢᠶᠠᠷᠤᠯᠲᠠ ᠶᠢᠨ ᠠᠵᠢᠯᠲᠠᠨ ᠢ ᠰᠢᠯᠢᠨ | ᠰᠣᠩᠭᠤᠵᠤ᠂ ︽ᠺᠣᠮᠫᠠᠨᠢ ᠶᠢᠨ ᠬᠠᠤᠯᠢ︾ ᠪᠠ ︽ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠡᠳ᠋ | ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠳᠦᠷᠢᠮ︾ ᠤᠨ ᠬᠤᠯᠪᠣᠭᠳᠠᠯ ᠪᠦᠬᠦᠢ ᠲᠣᠭᠲᠠᠭᠠᠯ ᠢ ᠦᠨᠳᠦᠰᠦᠯᠡᠨ᠂ | ᠺᠣᠮᠫᠠᠨᠢ ᠳᠤ ᠬᠡᠷᠡᠭ ᠮᠡᠳᠡᠭᠴᠢᠳ ᠤᠨ ᠵᠥᠪᠯᠡᠯ᠂ ᠬᠡᠷᠡᠭ ᠬᠢᠨᠠᠭᠴᠢᠳ ᠤᠨ ᠵᠥᠪᠯᠡᠯ ᠪᠠ ᠲᠠᠭᠠᠭᠠᠮᠠᠯ ᠤᠨ ᠳᠠᠪᠬᠤᠷᠭ᠎ᠠ | ᠭᠠᠷᠭᠠᠵᠤ᠂ ᠬᠡᠷᠡᠭ ᠮᠡᠳᠡᠭᠴᠢᠳ ᠤᠨ ᠵᠥᠪᠯᠡᠯ ᠠᠴᠠ ᠴᠢᠬᠤᠯᠠ ᠶᠡᠭᠡ ᠬᠡᠷᠡᠭ ᠶᠠᠪᠤᠳᠠᠯ ᠤᠨ ᠰᠢᠢᠳᠪᠦᠷᠢᠲᠦ | ᠪᠣᠳᠣᠯᠭ᠎ᠠ ᠶᠢ ᠲᠣᠭᠲᠠᠭᠠᠬᠤ᠂ ᠳᠠᠭᠠᠭᠠᠮᠠᠯ ᠠᠴᠠ ᠡᠷᠬᠢᠯᠡᠨ ᠶᠠᠪᠤᠭᠳᠠᠭᠤᠯᠵᠤ᠂ ᠬᠡᠷᠡᠭ ᠬᠢᠨᠠᠭᠴᠢᠳ ᠤᠨ ᠵᠥᠪᠯᠡᠯ ᠠᠴᠠ | ᠬᠢᠨᠠᠯᠲᠠ ᠲᠠᠯᠪᠢᠬᠤ ᠪᠠ ᠡᠳ᠋ ᠤᠨ ᠶᠠᠪᠤᠳᠠᠯ ᠤᠨ ᠶᠡᠷᠦᠩᠬᠡᠢ ᠬᠢᠨᠠᠨ ᠬᠠᠮᠢᠶᠠᠷᠴᠤ ᠡᠵᠡᠮᠳᠡᠬᠦ ᠠᠵᠢᠯᠯᠠᠭᠠᠨ ᠤ | ᠲᠣᠭᠲᠠᠴᠠ ᠶᠢ ᠬᠡᠷᠡᠭᠵᠢᠭᠦᠯᠦᠨ᠎ᠡ᠃ ᠺᠣᠮᠫᠠᠨᠢ ᠶᠢᠨ ᠳᠠᠩᠰᠠᠯᠠᠭᠤᠯᠤᠭᠰᠠᠨ ᠪᠠᠶᠢᠳᠠᠯ ᠪᠠ ᠪᠣᠳᠠᠲᠠᠢ ᠲᠤᠬᠠᠶᠢᠯᠠᠭᠰᠠᠨ | ᠠᠵᠢᠯ ᠢ ᠥᠷᠨᠢᠭᠦᠯᠦᠭᠰᠡᠨ ᠪᠠᠶᠢᠳᠠᠯ ᠢ ᠦᠨᠳᠦᠰᠦᠯᠡᠨ᠂ ᠬᠡᠷᠡᠭ ᠮᠡᠳᠡᠭᠴᠢᠳ ᠤᠨ ᠵᠥᠪᠯᠡᠯ᠂ ᠬᠢᠨᠠᠭᠴᠢᠳ ᠤᠨ ᠵᠥᠪᠯᠡᠯ | ᠵᠢᠴᠢ ᠳᠠᠭᠠᠭᠠᠮᠠᠯ ᠤᠨ ᠳᠠᠪᠬᠤᠷᠭ᠎ᠠ ᠶᠢᠨ ᠪᠦᠷᠢᠯᠳᠦᠭᠦᠨ ᠢ ᠠᠯᠬᠤᠮ ᠠᠯᠬᠤᠮ ᠢᠶᠠᠷ ᠲᠡᠭᠦᠯᠳᠡᠷᠵᠢᠭᠦᠯᠦᠨ᠎ᠡ᠃ | ︵ᠨᠢᠭᠡ︶ ᠬᠡᠷᠡᠭ ᠮᠡᠳᠡᠭᠴᠢ᠄ 1 ᠬᠥᠮᠥᠨ | ᠺᠣᠮᠫᠠᠨᠢ ᠳᠤ 1 ᠭᠦᠢᠴᠡᠳᠬᠡᠬᠦ ᠬᠡᠷᠡᠭ ᠮᠡᠳᠡᠭᠴᠢ ︵ᠺᠣᠮᠫᠠᠨᠢ ᠶᠢᠨ ᠬᠠᠤᠯᠢ ᠪᠠᠷ ᠲᠣᠭᠲᠠᠭᠠᠭᠰᠠᠨ | ᠲᠥᠯᠥᠭᠡᠯᠡᠭᠴᠢ︶ ᠲᠣᠬᠢᠷᠠᠭᠤᠯᠤᠨ᠎ᠠ᠄ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠠᠴᠠ ᠤᠷᠢᠨ ᠲᠣᠮᠢᠯᠠᠨ᠎ᠠ | ︵ᠬᠤᠶᠠᠷ︶ ᠬᠢᠨᠠᠭᠴᠢ᠄ 2 ᠬᠥᠮᠥᠨ ︵ᠲᠤᠰᠢᠶᠠᠯ ᠬᠠᠪᠰᠤᠷᠭᠠᠭᠰᠠᠨ ᠬᠢᠨᠠᠭᠴᠢ︶ | ᠺᠣᠮᠫᠠᠨᠢ ᠳᠤ 2 ᠬᠢᠨᠠᠭᠴᠢ ᠲᠣᠬᠢᠷᠠᠭᠤᠯᠤᠨ᠎ᠠ᠄ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠠᠴᠠ | ᠤᠷᠢᠨ ᠲᠣᠮᠢᠯᠠᠨ᠎ᠠ | ︵ᠭᠤᠷᠪᠠ︶ ᠳᠠᠭᠠᠭᠠᠮᠠᠯ ᠤᠨ ᠳᠠᠪᠬᠤᠷᠭ᠎ᠠ᠄ 1 ᠬᠥᠮᠥᠨ | ᠺᠣᠮᠫᠠᠨᠢ ᠳᠤ 1 ᠳᠠᠭᠠᠭᠠᠮᠠᠯ ᠲᠣᠬᠢᠷᠠᠭᠤᠯᠤᠨ᠎ᠠ᠄ ᠬᠡᠷᠡᠭ ᠮᠡᠳᠡᠭᠴᠢᠳ ᠤᠨ ᠵᠥᠪᠯᠡᠯ ᠠᠴᠠ ᠨᠡᠷ᠎ᠡ ᠳᠤᠷᠠᠳᠴᠤ᠂ | ᠬᠤᠰᠢᠭᠤᠨ ᠤ ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠵᠦ ᠬᠢᠨᠠᠨ ᠬᠠᠷᠭᠤᠭᠤᠯᠤᠭᠰᠠᠨ ᠤ ᠳᠠᠷᠠᠭ᠎ᠠ᠂ | ᠺᠣᠮᠫᠠᠨᠢ ᠶᠢᠨ ᠬᠡᠷᠡᠭ ᠮᠡᠳᠡᠭᠴᠢᠳ ᠤᠨ ᠵᠥᠪᠯᠡᠯ ᠠᠴᠠ ᠲᠣᠮᠢᠯᠠᠨ᠎ᠠ | ︵ᠳᠥᠷᠪᠡ︶ ᠺᠣᠮᠫᠠᠨᠢ ᠶᠢᠨ ᠳᠣᠲᠣᠭᠠᠳᠤ ᠳᠠᠬᠢ ᠰᠠᠯᠠᠭ᠎ᠠ ᠲᠠᠰᠤᠭ ᠤᠨ ᠲᠣᠬᠢᠷᠠᠭᠤᠯᠤᠯᠲᠠ ᠵᠢᠴᠢ | ᠠᠵᠢᠯᠲᠠᠨ ᠤ ᠲᠣᠬᠢᠷᠠᠭᠤᠯᠤᠯᠲᠠ᠄ ︵ᠲᠤᠬᠠᠶᠢᠯᠠᠭᠰᠠᠨ ᠠᠵᠢᠯ ᠤᠨ ᠥᠷᠭᠡᠵᠢᠯ ᠤᠨ ᠬᠡᠷᠡᠭᠴᠡᠭᠡ ᠶᠢ ᠦᠨᠳᠦᠰᠦᠯᠡᠨ | ᠳᠠᠬᠢᠨ ᠣᠷᠣᠨ ᠲᠤᠭ᠎ᠠ ᠲᠣᠭᠲᠠᠭᠠᠨ᠎ᠠ︶ | ᠠᠯᠪᠠᠨ ᠭᠡᠷ᠂ ᠡᠨᠧᠷᠭᠢ ᠶᠢᠨ ᠬᠡᠯᠲᠡᠰ᠂ ᠠᠵᠤ ᠦᠢᠯᠡᠳᠪᠦᠷᠢ ᠶᠢᠨ ᠬᠡᠯᠲᠡᠰ᠂ ᠡᠳ᠋ ᠤᠨ ᠶᠠᠪᠤᠳᠠᠯ ᠤᠨ | ᠬᠡᠯᠲᠡᠰ᠂ ᠬᠠᠤᠯᠢ ᠶᠢᠨ ᠶᠠᠪᠤᠳᠠᠯ ᠤᠨ ᠭᠡᠷ᠎ᠡ ᠶᠢᠨ ᠬᠡᠯᠲᠡᠰ ᠵᠡᠷᠭᠡ ᠶᠢ ᠲᠣᠬᠢᠷᠠᠭᠤᠯᠤᠨ᠎ᠠ᠃ | ᠺᠣᠮᠫᠠᠨᠢ ᠶᠢᠨ ᠨᠠᠮ ᠤᠨ ᠵᠣᠬᠢᠶᠠᠨ ᠪᠠᠶᠢᠭᠤᠯᠤᠯᠲᠠ᠂ ᠰᠠᠬᠢᠯᠭ᠎ᠠ ᠪᠠᠲᠤ ᠪᠠᠶᠢᠴᠠᠭᠠᠬᠤ ᠵᠥᠪᠯᠡᠯ ᠪᠠ | ᠠᠵᠢᠯᠴᠢᠨ ᠤ ᠡᠪᠯᠡᠯ᠂ ᠵᠠᠯᠠᠭᠤᠴᠤᠳ ᠤᠨ ᠡᠪᠯᠡᠯ᠂ ᠡᠮᠡᠭᠲᠡᠶᠢᠴᠦᠳ ᠤᠨ ᠬᠤᠯᠪᠤᠭ᠎ᠠ ᠶᠢ ᠺᠣᠮᠫᠠᠨᠢ | ᠪᠠᠶᠢᠭᠤᠯᠤᠭᠳᠠᠭᠰᠠᠨ ᠤ ᠲᠡᠷᠠᠭ᠎ᠠ ᠨᠠᠮ ᠤᠨ ᠳᠦᠷᠢᠮ᠂ ᠡᠪᠯᠡᠯ ᠤᠨ ᠳᠦᠷᠢᠮ᠂ ︽ᠠᠵᠢᠯᠴᠢᠨ ᠤ ᠡᠪᠯᠡᠯ ᠤᠨ ᠬᠠᠤᠯᠢ︾ | ᠵᠡᠷᠭᠡ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠪᠠᠶᠢᠭᠤᠯᠤᠨ᠎ᠠ᠃ | ᠺᠣᠮᠫᠠᠨᠢ ᠶᠢᠨ ᠲᠤᠬᠠᠶᠢᠯᠠᠭᠰᠠᠨ ᠠᠵᠢᠯ ᠢᠶᠠᠨ ᠥᠷᠭᠡᠳᠬᠡᠭᠰᠡᠨ ᠤ ᠳᠠᠷᠠᠭ᠎ᠠ᠂ ᠬᠡᠷᠡᠭᠴᠡᠭᠡ ᠪᠠᠨ ᠦᠵᠡᠵᠦ | ᠪᠠᠶᠢᠭᠠᠳ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠵᠦ ᠵᠢᠩᠬᠢᠨᠢ ᠪᠠᠷ ᠣᠷᠣᠨ ᠲᠤᠭ᠎ᠠ | ᠲᠣᠭᠲᠠᠭᠠᠯᠭᠠᠨ᠎ᠠ᠃ | ᠶᠢᠰᠦ᠂ ᠠᠵᠢᠯᠲᠠᠨ ᠢ ᠲᠣᠮᠢᠯᠠᠬᠤ ᠪᠠᠭᠤᠯᠭᠠᠬᠤ ᠪᠠ ᠲᠤᠰᠢᠶᠠᠯ ᠤᠨ ᠲᠡᠰ ᠤᠨ ᠬᠠᠷᠠᠭᠠᠯᠵᠠᠯ ᠵᠢᠴᠢ ᠪᠤᠰᠤᠳ | ᠵᠦᠢᠯ ᠤᠳ | ︵ᠨᠢᠭᠡ︶ ᠺᠣᠮᠫᠠᠨᠢ ᠶᠢᠨ ᠳᠡᠭᠡᠳᠦ ᠵᠡᠷᠭᠡ ᠶᠢᠨ ᠬᠠᠮᠢᠶᠠᠷᠤᠯᠲᠠ ᠶᠢᠨ ᠠᠵᠢᠯᠲᠠᠨ ᠢ ᠲᠣᠮᠢᠯᠠᠬᠤ ᠪᠠ ᠪᠠᠭᠤᠯᠭᠠᠬᠤ | ᠬᠡᠷᠡᠭ ᠮᠡᠳᠡᠭᠴᠢᠳ ᠤᠨ ᠵᠥᠪᠯᠡᠯ ᠤᠨ ᠪᠦᠷᠢᠯᠳᠦᠭᠦᠨ ᠵᠢᠴᠢ ᠶᠡᠷᠦᠩᠬᠡᠢ ᠳᠠᠭᠠᠭᠠᠮᠠᠯ᠂ ᠳᠡᠳ᠋ ᠶᠡᠷᠦᠩᠬᠡᠢ | ᠳᠠᠭᠠᠭᠠᠮᠠᠯ᠂ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠢ ᠤᠷᠢᠵᠤ ᠬᠡᠷᠡᠭᠯᠡᠬᠦ ᠳᠦᠷᠢᠮ ᠢ ᠬᠡᠷᠡᠭᠵᠢᠭᠦᠯᠦᠨ᠎ᠡ᠃ ᠵᠠᠰᠠᠭ | ᠵᠠᠬᠢᠷᠭ᠎ᠠ ᠠᠵᠢᠯ ᠦᠢᠯᠡᠰ ᠤᠨ ᠨᠢᠭᠡᠴᠢ ᠶᠢᠨ ᠺᠠᠳ᠋ᠷ ᠠᠵᠢᠯᠲᠠᠨ ᠠᠵᠢᠯᠴᠢᠨ ᠤᠯᠤᠰ ᠤᠨ ᠥᠮᠴᠢᠯᠡᠯ ᠤᠨ ᠠᠵᠤ | ᠠᠬᠤᠶᠢᠯᠠᠯ ᠳᠤ ᠲᠤᠰᠢᠶᠠᠯ ᠡᠭᠦᠷᠭᠡᠯᠡᠭᠰᠡᠨ ᠤ ᠲᠠᠷᠠᠭ᠎ᠠ᠂ ᠤᠤᠯ ᠤᠨ ᠨᠢᠭᠡᠴᠡ ᠲᠠᠢ ᠪᠠᠨ ᠠᠵᠢᠯᠲᠠᠨ ᠤ ᠶᠠᠪᠤᠳᠠᠯ ᠤᠨ | ᠬᠠᠷᠢᠴᠠᠭ᠎ᠠ ᠪᠠᠨ ᠴᠤᠴᠠᠯᠵᠤ᠂ ᠠᠵᠤ ᠠᠬᠤᠶᠢᠯᠠᠯ ᠤᠨ ᠴᠡᠯᠢᠩ ᠣᠯᠭᠤᠮᠵᠢ ᠶᠢᠨ ᠳᠦᠷᠢᠮ ᠢ ᠬᠡᠷᠡᠭᠵᠢᠭᠦᠯᠦᠨ᠎ᠡ᠃ | ᠤᠷᠢᠨ ᠬᠡᠷᠡᠭᠯᠡᠬᠦ ᠬᠤᠭᠤᠴᠠᠭ᠎ᠠ ᠳᠦᠭᠦᠷᠦᠭᠰᠡᠨ ᠤ ᠳᠠᠷᠠᠭ᠎ᠠ᠂ ᠬᠤᠪᠢ ᠬᠥᠮᠥᠨ ᠤ ᠬᠦᠰᠡᠯ ᠰᠠᠨᠠᠭ᠎ᠠ ᠪᠠᠨ | ᠦᠨᠳᠦᠰᠦᠯᠡᠨ ᠠᠵᠤ ᠠᠬᠤᠶᠢᠯᠠᠯ ᠳᠤ ᠦᠷᠭᠦᠯᠵᠢᠯᠡᠨ ᠲᠤᠰᠢᠶᠠᠯ ᠬᠠᠷᠢᠭᠤᠴᠠᠬᠤ ᠪᠤᠶᠤ ᠬᠤᠰᠢᠭᠤᠨ ᠤ ᠨᠠᠮ ᠤᠨ | ᠬᠤᠷᠢᠶ᠎ᠠ᠂ ᠵᠠᠰᠠᠭ ᠤᠨ ᠣᠷᠳᠣᠨ ᠠᠴᠠ ᠵᠠᠰᠠᠭ ᠵᠠᠬᠢᠷᠭ᠎ᠠ ᠠᠵᠢᠯ ᠦᠢᠯᠡᠰ ᠤᠨ ᠨᠢᠭᠡᠴᠡ ᠳᠡᠭᠡᠨ ᠪᠤᠴᠠᠵᠤ ᠲᠤᠰᠢᠶᠠᠯ | ᠬᠠᠷᠢᠭᠤᠴᠠᠯᠭᠠᠬᠤ ᠪᠠᠷ ᠲᠣᠬᠢᠷᠠᠭᠤᠯᠤᠨ᠎ᠠ᠃ ᠭᠡᠬᠦ ᠳᠡᠭᠡᠨ ᠡᠷᠬᠡᠪᠰᠢ ᠬᠤᠰᠢᠭᠤᠨ ᠤ ᠨᠠᠮ ᠤᠨ ᠬᠤᠷᠢᠶ᠎ᠠ ᠶᠢᠨ ᠵᠣᠬᠢᠶᠠᠨ | ᠪᠠᠶᠢᠭᠤᠯᠬᠤ ᠬᠡᠯᠲᠡᠰ ᠪᠤᠶᠤ ᠬᠤᠰᠢᠭᠤᠨ ᠤ ᠠᠵᠢᠯᠲᠠᠨ ᠤ ᠶᠠᠪᠤᠳᠠᠯ ᠤᠨ ᠰᠠᠯᠠᠭ᠎ᠠ ᠮᠥᠴᠢᠷ ᠤᠨ ᠣᠨ ᠤ ᠬᠢᠨᠠᠨ | ᠰᠢᠯᠭᠠᠯᠲᠠ ᠶᠢᠨ ᠪᠠᠶᠢᠳᠠᠯ ᠪᠣᠯᠣᠨ ᠠᠵᠢᠯ ᠤᠨ ᠬᠡᠷᠡᠭᠴᠡᠭᠡ ᠵᠢᠴᠢ ᠬᠡᠷᠡᠭ ᠮᠡᠳᠡᠭᠴᠢᠳ ᠤᠨ ᠵᠥᠪᠯᠡᠯ ᠤᠨ | ᠰᠠᠨᠠᠭᠤᠯᠭ᠎ᠠ ᠶᠢ ᠦᠨᠳᠦᠰᠦᠯᠡᠨ᠂ ᠠᠵᠢᠯᠲᠠᠨ ᠢ ᠲᠣᠬᠢᠷᠠᠭᠤᠯᠬᠤ ᠪᠤᠶᠤ ᠦᠷᠭᠦᠯᠵᠢᠯᠡᠨ ᠤᠷᠢᠨ ᠬᠡᠷᠡᠭᠯᠡᠬᠦ ᠰᠠᠨᠠᠭᠤᠯᠭ᠎ᠠ | ᠳᠤᠷᠠᠳᠴᠤ᠂ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠦᠨ ᠰᠤᠳᠤᠯᠤᠭᠤᠯᠵᠤ | ᠵᠥᠪᠰᠢᠶᠡᠷᠡᠭᠦᠯᠦᠭᠰᠡᠨ ᠤ ᠳᠠᠷᠠᠭ᠎ᠠ᠂ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠠᠴᠠ ᠤᠷᠢᠨ ᠲᠣᠮᠢᠯᠠᠬᠤ | ᠪᠤᠶᠤ ᠤᠷᠢᠬᠤ ᠪᠠᠨ ᠵᠣᠭᠰᠣᠨ᠎ᠠ᠃ | ᠺᠣᠮᠫᠠᠨᠢ ᠶᠢᠨ ᠪᠤᠰᠤᠳ ᠠᠵᠢᠯᠲᠠᠨ ᠡᠯᠰᠡᠬᠦ ᠠᠵᠢᠯ ᠢ ᠺᠣᠮᠫᠠᠨᠢ ᠪᠠᠶᠢᠭᠤᠯᠤᠭᠳᠠᠭᠰᠠᠨ ᠤ ᠳᠠᠷᠠᠭ᠎ᠠ᠂ ᠬᠡᠷᠡᠭ | ᠮᠡᠳᠡᠭᠴᠢᠳ ᠤᠨ ᠬᠤᠷᠠᠯ ᠠᠴᠠ ᠰᠤᠳᠤᠯᠤᠨ ᠲᠣᠭᠲᠠᠭᠠᠬᠤ ᠶᠢᠨ ᠬᠠᠮᠲᠤ᠂ ᠬᠤᠰᠢᠭᠤᠨ ᠤ ᠠᠷᠠᠳ ᠤᠨ ᠵᠠᠰᠠᠭ ᠤᠨ | ᠣᠷᠳᠣᠨ ᠳᠤ ᠮᠡᠳᠡᠭᠦᠯᠵᠦ ᠳᠠᠩᠰᠠᠯᠠᠭᠤᠯᠤᠨ᠎ᠠ᠃ | ︵ᠬᠤᠶᠠᠷ︶ ᠴᠠᠯᠢᠩ ᠣᠯᠭᠤᠮᠵᠢ | ᠵᠠᠰᠠᠭ ᠵᠠᠬᠢᠷᠭ᠎ᠠ ᠠᠵᠢᠯ ᠦᠢᠯᠡᠰ ᠤᠨ ᠨᠢᠭᠡᠴᠡ ᠶᠢᠨ ᠺᠠᠳ᠋ᠷ ᠠᠵᠢᠯᠲᠠᠨ ᠠᠵᠢᠯᠴᠢᠨ ᠤ ᠺᠣᠮᠫᠠᠨᠢ ᠳᠤ ᠬᠦᠷᠴᠦ | ᠲᠤᠰᠢᠶᠠᠯ ᠡᠭᠦᠷᠭᠡᠯᠡᠬᠦ ᠶᠢ ᠵᠣᠷᠢᠭᠵᠢᠭᠤᠯᠵᠤ᠂ ᠬᠠᠮᠢᠶᠠᠷᠤᠯᠲᠠ ᠶᠢᠨ ᠠᠵᠢᠯᠲᠠᠨ ᠵᠢᠴᠢ ᠪᠤᠰᠤᠳ ᠠᠵᠢᠯᠲᠠᠨ ᠤ ᠴᠠᠯᠢᠩ | ᠣᠯᠭᠤᠮᠵᠢ ᠶᠢ ᠨᠢᠭᠡᠨᠲᠡ ᠠᠵᠢᠯᠯᠠᠵᠤ ᠪᠠᠶᠢᠭ᠎ᠠ ᠰᠣᠶᠣᠯ ᠵᠢᠭᠤᠯᠴᠢᠯᠠᠯ ᠤᠨ ᠪᠡᠯᠡ ᠣᠷᠤᠭᠤᠯᠤᠯᠲᠠ ᠵᠡᠷᠭᠡ ᠤᠯᠤᠰ ᠤᠨ | ᠥᠮᠴᠢᠯᠡᠯᠲᠦ ᠠᠵᠤ ᠠᠬᠤᠶᠢᠯᠠᠯ ᠤᠨ ᠺᠣᠮᠫᠠᠨᠢ ᠶᠢᠨ ᠪᠠᠷᠢᠮᠵᠢᠶ᠎ᠠ ᠪᠠᠷ ᠯᠠᠪᠯᠠᠯᠲᠠ ᠪᠣᠯᠭᠠᠨ ᠬᠡᠷᠡᠭᠵᠢᠭᠦᠯᠦᠨ᠎ᠡ᠃ | ︵ᠭᠤᠷᠪᠠ︶ ᠺᠤᠮᠫᠠᠨᠢ ᠶᠢᠨ ᠳᠠᠩᠰᠠᠯᠠᠭᠤᠯᠤᠭᠰᠠᠨ ᠬᠥᠷᠥᠩᠭᠡ ᠬᠢᠭᠡᠳ ᠡᠳᠦᠷ ᠲᠤᠳᠦᠮ ᠤᠨ ᠵᠠᠷᠤᠳᠠᠯ ᠤᠨ | ᠢᠷᠡᠯᠲᠡ | ᠡᠵᠡᠨ᠎ᠡ ᠬᠤᠰᠢᠭᠤᠨ ᠤ ᠡᠳ᠋ ᠤᠨ ᠵᠠᠰᠠᠭ ᠤᠨ ᠲᠣᠪᠴᠢᠶ᠎ᠠ ᠨᠢ ᠲᠣᠰ ᠺᠣᠮᠫᠠᠨᠢ ᠶᠢᠨ ᠪᠡᠯᠡ ᠭᠠᠷᠭᠠᠭᠴᠢ | ᠪᠠᠶᠢᠵᠤ᠂ ᠪᠡᠯᠡ ᠭᠠᠷᠭᠠᠭᠴᠢ ᠶᠢᠨ ᠡᠭᠦᠷᠭᠡ ᠬᠠᠷᠢᠭᠤᠴᠠᠯᠭ᠎ᠠ ᠶᠢ ᠭᠦᠢᠴᠡᠳᠬᠡᠨ᠎ᠡ᠃ | ᠺᠣᠮᠫᠠᠨᠢ ᠶᠢᠨ ᠠᠯᠪᠠᠨ ᠵᠠᠷᠤᠳᠠᠯ᠂ ᠴᠠᠯᠢᠩ ᠬᠥᠯᠥᠰᠦ ᠵᠢᠴᠢ ᠬᠤᠯᠪᠣᠭᠳᠠᠯ ᠪᠦᠬᠦᠢ ᠵᠠᠷᠤᠳᠠᠯ ᠵᠡᠷᠭᠡ ᠡᠳᠦᠷ | ᠲᠤᠳᠤᠮ ᠤᠨ ᠵᠠᠷᠤᠳᠠᠯ ᠤᠨ ᠢᠷᠡᠯᠲᠡ ᠨᠢ ᠠᠵᠤ ᠠᠬᠤᠶᠢᠯᠠᠯ ᠤᠨ ᠬᠥᠷᠥᠩᠭᠡ ᠮᠥᠩᠭᠦ᠂ ᠡᠵᠡᠩᠨᠡᠯᠲᠡ ᠶᠢᠨ ᠣᠷᠣᠯᠭ᠎ᠠ | ᠵᠡᠷᠭᠡ ᠪᠣᠯᠣᠨ᠎ᠠ᠃ | ᠠᠷᠪᠠ᠂ ᠺᠣᠮᠫᠠᠨᠢ ᠶᠢ ᠪᠡᠯᠡᠳᠬᠡᠨ ᠪᠠᠶᠢᠭᠤᠯᠬᠤ ᠠᠵᠢᠯ ᠤᠨ ᠤᠳᠤᠷᠢᠳᠬᠤ ᠳᠤᠭᠤᠶᠢᠯᠠᠩ ᠢ ᠪᠠᠶᠢᠭᠤᠯᠤᠨ᠎ᠠ | ᠺᠣᠮᠫᠠᠨᠢ ᠶᠢᠨ ᠤᠷᠤᠭᠰᠢᠲᠠᠢ ᠪᠠᠶᠢᠭᠤᠯᠤᠭᠳᠠᠬᠤ ᠶᠢ ᠦᠨᠡᠨ ᠬᠦ ᠪᠠᠲᠤᠯᠠᠬᠤ ᠶᠢᠨ ᠲᠥᠯᠥᠭᠡ᠂ ᠺᠣᠮᠫᠠᠨᠢ ᠶᠢᠨ | ᠪᠡᠯᠡᠳᠬᠡᠨ ᠪᠠᠶᠢᠭᠤᠯᠬᠤ ᠤᠳᠤᠷᠢᠳᠬᠤ ᠳᠤᠭᠤᠶᠢᠯᠠᠩ ᠢ ᠪᠠᠶᠢᠭᠤᠯᠵᠤ᠂ ᠪᠦᠷᠢᠯᠳᠦᠭᠦᠨ ᠨᠢ ᠳᠣᠣᠷᠠᠬᠢ ᠮᠡᠲᠦ᠄ | ᠳᠤᠭᠤᠶᠢᠯᠠᠩ ᠤᠨ ᠳᠠᠷᠤᠭ᠎ᠠ᠄ | ᠪᠦᠬᠡ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤ ᠳᠠᠷᠤᠭ᠎ᠠ | ᠳᠤᠭᠤᠶᠢᠯᠠᠩ ᠤᠨ ᠳᠡᠳ᠋ ᠳᠠᠷᠤᠭ᠎ᠠ᠄ | ᠪᠣᠤ · ᠲᠠᠯ᠎ᠠ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠳᠡᠳ᠋ ᠬᠤᠰᠢᠭᠤ | ᠳᠠᠷᠤᠭ᠎ᠠ | ᠳ᠋ᠦ᠋ ᠶᠦᠩ ᠭᠠᠩ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠣᠬᠢᠶᠠᠨ | ᠪᠠᠶᠢᠭᠤᠯᠬᠤ ᠬᠡᠯᠲᠡᠰ ᠤᠨ ᠳᠠᠷᠤᠭ᠎ᠠ | ᠸᠠᠩ ᠶᠦᠩ ᠪᠢᠨ ᠳᠡᠳ᠋ ᠬᠤᠰᠢᠭᠤ ᠳᠠᠷᠤᠭ᠎ᠠ | ᠭᠡᠰᠢᠭᠦᠨ᠄ | ᠮᠠ ᠵᠥᠩ ᠢᠤ ᠬᠤᠰᠢᠭᠤᠨ ᠤ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠤᠨ ᠳᠡᠳ᠋ | ᠳᠠᠷᠤᠭ᠎ᠠ | ᠼᠤᠤ ᠵᠢᠢ ᠬᠤᠩ ᠬᠤᠰᠢᠭᠤᠨ ᠨᠠᠮ ᠤᠨ ᠬᠤᠷᠢᠶᠠᠨ ᠤ ᠪᠠᠶᠢᠭᠤᠯᠤᠮᠵᠢ ᠶᠢᠨ ᠣᠷᠣᠨ ᠲᠤᠭ᠎ᠠ ᠶᠢᠨ | ᠵᠥᠪᠯᠡᠯ ᠤᠨ ᠠᠯᠪᠠᠨ ᠭᠡᠷ ᠤᠨ ᠡᠷᠬᠢᠯᠡᠭᠴᠢ | ᠳᠠᠶᠢᠴᠢᠨ ᠬᠤᠰᠢᠭᠤᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠡᠷᠬᠢᠯᠡᠭᠴᠢ | ᠫᠠᠨ ᠵᠢᠶᠦ᠋ᠨ ᠬᠤᠰᠢᠭᠤᠨ ᠤ ᠠᠵᠤ ᠦᠢᠯᠡᠳᠪᠦᠷᠢ ᠬᠤᠳᠠᠯᠳᠤᠭᠠᠨ ᠤ ᠶᠠᠪᠤᠳᠠᠯ ᠪᠠ ᠮᠡᠳᠡᠭᠡ | ᠵᠠᠩᠭᠢᠵᠢᠯᠲᠠ ᠶᠢᠨ ᠲᠣᠪᠴᠢᠶᠠᠨ ᠤ ᠳᠠᠷᠤᠭ᠎ᠠ | ᠭᠦᠸᠧ ᠵᠢᠢ ᠰᠢᠨ ᠬᠤᠰᠢᠭᠤᠨ ᠤ ᠡᠳ᠋ ᠤᠨ ᠵᠠᠰᠠᠭ ᠤᠨ ᠲᠣᠪᠴᠢᠶᠠᠨ ᠤ ᠳᠠᠷᠤᠭ᠎ᠠ | ᠹᠧᠩ ᠰᠢᠸ ᠴᠢᠩ ᠬᠤᠰᠢᠭᠤᠨ ᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ | ᠪᠠᠲᠤᠯᠠᠭ᠎ᠠ ᠶᠢᠨ ᠲᠤᠪᠴᠢᠶᠠᠨ ᠤ ᠳᠠᠷᠤᠭ᠎ᠠ | ᠵᠦᠩ ᠵᠢᠶᠠ ᠬᠤᠤ ᠬᠤᠰᠢᠭᠤᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶᠠᠨ ᠤ ᠳᠠᠷᠤᠭ᠎ᠠ | ᠠᠨ ᡁᠢ ᠬᠤᠤ ᠬᠤᠰᠢᠭᠤᠨ ᠤ ᠬᠢᠨᠠᠨ ᠪᠤᠳᠤᠬᠤ ᠲᠣᠪᠴᠢᠶᠠᠨ ᠤ ᠳᠠᠷᠤᠭ᠎ᠠ | ᠸᠧᠢ ᠵᠥᠩ ᠰᠢᠩ ᠬᠤᠰᠢᠭᠤᠨ ᠤ ᠮᠥᠩᠭᠦᠨ ᠭᠦᠢᠯᠭᠡᠭᠡᠨ ᠤ ᠠᠯᠪᠠᠨ ᠭᠡᠷ ᠤᠨ ᠡᠷᠬᠢᠯᠡᠭᠴᠢ᠂ ᠤᠯᠤᠰ ᠤᠨ | ᠬᠥᠷᠥᠩᠭᠡ ᠶᠢᠨ ᠺᠣᠮᠫᠠᠨᠢ ᠶᠢᠨ ᠬᠡᠷᠡᠭ ᠮᠡᠳᠡᠭᠴᠢᠳ ᠤᠨ ᠳᠠᠷᠤᠭ᠎ᠠ | ᠪᠡᠯᠡᠳᠬᠡᠯ ᠠᠵᠢᠯ ᠤᠨ ᠤᠳᠤᠷᠢᠳᠬᠤ ᠳᠤᠭᠤᠶᠢᠯᠠᠩ ᠤᠨ ᠳᠣᠣᠷ᠎ᠠ ᠠᠯᠪᠠᠨ ᠭᠡᠷ ᠭᠠᠷᠭᠠᠵᠤ᠂ ᠠᠯᠪᠠᠨ ᠭᠡᠷ ᠢ | ᠬᠤᠰᠢᠭᠤᠨ ᠤ ᠠᠵᠤ ᠦᠢᠯᠡᠳᠪᠦᠷᠢ ᠬᠤᠳᠠᠯᠳᠤᠭᠠᠨ ᠤ ᠶᠠᠪᠤᠳᠠᠯ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ ᠳᠤ | ᠪᠠᠶᠢᠷᠢᠯᠠᠭᠤᠯᠵᠤ᠂ ᠠᠯᠪᠠᠨ ᠭᠡᠷ ᠤᠨ ᠡᠷᠬᠢᠯᠡᠭᠴᠢ ᠶᠢᠨ ᠲᠤᠰᠢᠶᠠᠯ ᠢ ᠫᠠᠨ ᠵᠢᠶᠦ᠋ᠨ ᠬᠠᠪᠰᠤᠷᠭᠠᠨ ᠬᠠᠷᠢᠭᠤᠴᠠᠨ᠎ᠠ᠃ | ᠤᠳᠤᠷᠢᠳᠬᠤ ᠳᠤᠭᠤᠶᠢᠯᠠᠩ ᠨᠢ ᠺᠣᠮᠫᠠᠨᠢ ᠪᠠᠶᠢᠭᠤᠯᠬᠤ᠂ ᠳᠠᠩᠰᠠᠯᠠᠬᠤ᠂ ᠳᠡᠭᠡᠳᠦ ᠵᠡᠷᠭᠡ ᠶᠢᠨ ᠬᠠᠮᠢᠶᠠᠷᠤᠯᠲᠠ ᠶᠢᠨ | ᠠᠵᠢᠯᠲᠠᠨ ᠢ ᠲᠠᠨᠢᠯᠴᠠᠭᠤᠯᠬᠤ ᠶᠢ ᠬᠠᠷᠢᠭᠤᠴᠠᠵᠤ᠂ ᠠᠵᠢᠯ ᠤᠨ ᠬᠡᠷᠡᠭᠴᠡᠭᠡ ᠪᠠᠨ ᠦᠨᠳᠦᠰᠦᠯᠡᠨ᠂ ᠲᠤᠰᠬᠠᠢ | ᠮᠡᠷᠭᠡᠵᠢᠯ ᠤᠨ ᠵᠥᠪᠯᠡᠯᠭᠡ ᠥᠭᠬᠦ ᠪᠠᠶᠢᠭᠤᠯᠤᠮᠵᠢ ᠶᠢ ᠤᠷᠢᠵᠤ ᠺᠣᠮᠫᠠᠨᠢ ᠪᠠᠶᠢᠭᠤᠯᠬᠤ᠂ ᠳᠠᠩᠰᠠᠯᠠᠬᠤ᠂ ᠡᠳ᠋ | ᠬᠥᠷᠥᠩᠭᠡ ᠶᠢ ᠦᠨᠡᠯᠡᠨ ᠵᠢᠱᠢᠬᠦ᠂ ᠬᠤᠪᠢ ᠣᠷᠣᠭᠤᠯᠬᠤ ᠵᠡᠷᠭᠡ ᠤᠴᠢᠷ ᠶᠠᠪᠤᠳᠠᠯ ᠳᠤ ᠵᠥᠪᠯᠡᠯᠭᠡ ᠥᠭᠬᠦ | ᠦᠢᠯᠡᠴᠢᠯᠡᠭᠡ ᠬᠠᠩᠭᠠᠯᠭᠠᠵᠤ ᠪᠣᠯᠣᠨ᠎ᠠ᠃ ᠺᠣᠮᠫᠠᠨᠢ ᠶᠢ ᠵᠢᠩᠬᠢᠨᠢ ᠪᠠᠷ ᠪᠠᠶᠢᠭᠤᠯᠤᠭᠰᠠᠨ ᠤ ᠲᠠᠷᠠᠭ᠎ᠠ᠂ ᠤᠳᠤᠷᠢᠳᠬᠤ | ᠳᠤᠭᠤᠶᠢᠯᠠᠩ ᠨᠢ ᠥᠪᠡᠰᠦᠪᠡᠨ ᠲᠠᠷᠬᠠᠨ᠎ᠠ᠃ | | |