ᠮᠠᠨ ᠤ ᠬᠤᠰᠢᠭᠤ ︽ᠤᠬᠠᠭᠤᠯᠤᠨ ᠲᠠᠶᠢᠯᠪᠤᠷᠢᠯᠠᠬᠤ + ᠲᠣᠭᠯᠠᠯᠲᠠ ᠭᠠᠷᠭᠠᠬᠤ + ᠦᠢᠯᠡᠴᠢᠯᠡᠭᠡ ᠬᠠᠩᠭᠠᠬᠤ︾  ᠭᠤᠣᠯ ᠰᠡᠳᠦᠪᠲᠦ ᠰᠣᠶᠣᠯ ᠤᠨ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2023/4/17
      ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠤᠬᠠᠭᠤᠯᠤᠨ ᠳᠣᠣᠱᠯᠠᠭᠤᠯᠵᠤ᠂ ︽ᠨᠠᠮ ᠤᠨ ᠠᠴᠢ ᠳᠤ ᠲᠠᠯᠠᠷᠬᠠᠵᠤ᠂ ᠨᠠᠮ ᠤᠨ ᠦᠭᠡ ᠶᠢ ᠰᠣᠨᠣᠰᠬᠤ᠂ ᠨᠠᠮ ᠢᠶᠠᠨ ᠳᠠᠭᠠᠬᠤ᠂ ᠪᠦᠯᠬᠦᠮᠳᠡᠨ ᠲᠡᠮᠡᠴᠡᠵᠦ ︿ᠵᠢᠱᠢᠶᠡᠴᠢ ᠥᠪᠡᠷᠲᠡᠭᠡᠨ ᠵᠠᠰᠠᠬᠤ ᠣᠷᠣᠨ﹀᠎ ᠢ ᠪᠥᠬᠦ ᠲᠠᠯ᠎ᠠ ᠪᠠᠷ ᠪᠦᠲᠦᠭᠡᠨ ᠪᠠᠶᠢᠭᠤᠯᠬᠤ ᠣᠯᠠᠨ ᠲᠦᠮᠡᠨᠴᠢ ᠴᠢᠨᠠᠷᠲᠠᠢ ᠬᠥᠮᠦᠵᠢᠯ ᠦᠢᠯᠡᠳᠦᠯᠭᠡ ᠶᠢᠨ ᠠᠵᠢᠯᠯᠠᠭ᠎ᠠ ᠶᠢ ᠪᠥᠬᠦ ᠲᠠᠯ᠎ᠠ ᠪᠠᠷ ᠲᠦᠯᠬᠢᠨ ᠠᠬᠢᠭᠤᠯᠬᠤ ᠶᠢᠨ ᠲᠤᠰᠠᠳᠠ᠂ ᠬᠤᠰᠢᠭᠤᠨ ᠤ ᠰᠣᠶᠣᠯ ᠵᠢᠭᠤᠯᠴᠢᠯᠠᠯ ᠷᠠᠳᠢᠣ᠋ ᠲᠧᠯᠸᠢᠰ ᠲᠣᠪᠴᠢᠶ᠎ᠠ ᠳᠣᠰᠪᠤᠷᠢ ᠳᠠᠯᠠᠶᠢᠬᠥ᠋ᠪ ᠪᠠᠯᠭᠠᠰᠤᠨ ᠤ ᠵᠢᠷᠭᠠᠯᠠᠩᠲᠤ ᠵᠠᠮ ᠨᠡᠶᠢᠭᠡᠮ ᠲᠣᠭᠤᠷᠢᠭ ᠤᠨ ᠨᠠᠰᠤᠲᠠᠶᠢᠴᠤᠳ ᠤᠨ ᠬᠥᠳᠡᠯᠬᠡᠬᠡᠨ ᠤ ᠲᠥᠪ ᠪᠠ ᠴᠡᠭᠡ ᠪᠣᠭᠤᠮᠲᠠ ᠶᠢᠨ ᠠᠵᠤ ᠠᠬᠤᠢ ᠶᠢᠨ ᠨᠡᠭᠡᠭᠡᠯᠳᠡ ᠶᠢᠨ ᠣᠷᠣᠨ ᠳᠤ ︽ᠤᠬᠠᠭᠤᠯᠤᠨ ᠲᠠᠶᠢᠯᠪᠤᠷᠢᠯᠠᠬᠤ + ᠲᠣᠭᠯᠠᠯᠲᠠ ᠭᠠᠷᠭᠠᠬᠤ + ᠦᠢᠯᠡᠴᠢᠯᠡᠭᠡ ᠬᠠᠩᠭᠠᠬᠤ︾᠎ ᠶᠢ ᠤᠶᠠᠯᠳᠠᠭᠤᠯᠤᠭᠰᠠᠨ ᠭᠤᠣᠯ ᠰᠡᠳᠦᠪᠲᠦ ᠰᠣᠶᠣᠯ ᠤᠨ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠥᠷᠨᠢᠭᠦᠯᠪᠡ᠃ᠳᠠᠶᠢᠯᠣᠮᠵᠢ᠄ ᠠᠵᠢᠯᠯᠠᠭᠠᠨ ᠳᠤ᠂ ᠳᠠᠯᠠᠶᠢᠬᠥ᠋ᠪ ᠪᠠᠯᠭᠠᠰᠤᠨ ᠤ ᠨᠡᠶᠢᠭᠡᠮ ᠤᠨ ᠬᠡᠷᠡᠭ ᠶᠠᠪᠤᠳᠠᠯ ᠤᠨ ᠠᠯᠪᠠᠨ ᠭᠡᠷ ᠤᠨ ᠠᠵᠢᠯᠲᠠᠳ ᠰᠠᠭᠤᠭᠠᠯᠢ ᠠᠷᠠᠳ ᠤᠨ ᠠᠩᠬᠠᠷᠴᠤ ᠪᠠᠶᠢᠭ᠎ᠠ ᠲᠥᠯᠥᠪᠯᠡᠭᠡᠲᠦ ᠦᠷᠡᠵᠢᠯ ᠢ ᠱᠠᠩᠨᠠᠵᠤ ᠠᠷᠠᠳ ᠲᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ᠂ ᠣᠷᠣᠯᠭ᠎ᠠ ᠪᠠᠭᠠᠲᠠᠢ ᠪᠠᠶᠢᠬᠤ ᠶᠢ ᠮᠠᠭᠠᠳᠯᠠᠨ ᠲᠣᠭᠲᠠᠭᠠᠬᠤ ᠠᠷᠭ᠎ᠠ ᠪᠣᠯᠣᠨ ᠲᠦᠷ ᠴᠠᠭ ᠤᠨ ᠠᠪᠤᠷᠠᠨ ᠲᠤᠰᠠᠯᠠᠬᠤ ᠠᠷᠭ᠎ᠠ ᠶᠢᠨ ᠲᠣᠭᠤᠷᠢᠨ ᠳᠤ ᠨᠠᠷᠢᠨ ᠲᠠᠶᠢᠯᠪᠤᠷᠢᠯᠠᠯᠲᠠ ᠬᠢᠬᠦ ᠶᠢᠨ ᠬᠠᠮᠳᠤ ᠪᠠᠰᠠ ᠵᠡᠮᠳᠡᠭᠴᠦᠳ ᠲᠤ ᠠᠰᠢᠭ ᠬᠦᠷᠲᠡᠭᠡᠵᠦ ᠵᠡᠮᠳᠡᠭᠴᠦᠳ ᠢ ᠲᠤᠰᠠᠯᠠᠬᠤ ᠲᠥᠷᠥ ᠶᠢᠨ ᠪᠣᠳᠣᠯᠭ᠎ᠠ ᠶᠢ ᠲᠦᠭᠡᠮᠡᠯᠵᠢᠭᠦᠯᠵᠦ᠂ ᠰᠠᠭᠤᠭᠠᠯᠢ ᠠᠷᠠᠳ ᠤᠳ ᠴᠤ ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠪᠠ ᠤᠬᠠᠭᠤᠯᠭ᠎ᠠ ᠶᠢᠨ ᠮᠠᠲ᠋ᠧᠷᠢᠶᠠᠯ ᠳᠡᠭᠡᠷ᠎ᠠ ᠠᠴᠠ ᠪᠥᠬᠦ ᠬᠤᠰᠢᠭᠤᠨ ᠤ ᠵᠡᠮᠳᠡᠭᠴᠦᠳ ᠤᠨ ᠨᠠᠷᠢᠯᠢᠭ ᠤᠨᠤᠪᠴᠢᠲᠠᠢ ᠪᠠᠷ ᠡᠷᠡᠭᠦᠯᠵᠢᠭᠦᠯᠬᠦ ᠦᠢᠯᠡᠴᠢᠯᠡᠭᠡᠨ ᠤ ᠲᠥᠷᠥᠯ ᠵᠦᠢᠯ ᠢ ᠤᠯᠠᠮ ᠨᠢᠭᠡ ᠠᠯᠬᠤᠮ ᠤᠶᠢᠯᠠᠭᠠᠭᠰᠠᠨ ᠪᠠᠶᠢᠨ᠎ᠠ᠃      ᠭᠤᠣᠯ ᠰᠡᠳᠦᠪᠲᠦ ᠤᠬᠠᠭᠤᠯᠤᠨ ᠳᠠᠶᠢᠯᠪᠤᠷᠢᠯᠠᠬᠤ ᠠᠵᠢᠯᠯᠠᠭ᠎ᠠ ᠳᠠᠭᠤᠰᠤᠭᠰᠠᠨ ᠤ ᠲᠠᠷᠠᠭ᠎ᠠ᠂ ᠵᠢᠦᠢ ᠶᠠᠨ ᠨᠡᠶᠢᠭᠡᠮ ᠲᠣᠭᠤᠷᠢᠭ ᠤᠨ ᠪᠥᠵᠢᠭ ᠤᠨ ᠠᠩᠭᠢ ᠪᠣᠯᠣᠨ ᠤᠯᠠᠭᠠᠨᠮᠥ᠋ᠴᠢᠷ ᠤᠨ ᠲᠣᠭᠯᠠᠭᠴᠢᠳ ᠰᠠᠭᠤᠭᠠᠯᠢ ᠠᠷᠠᠳ ᠤᠳ ᠲᠤ ᠪᠡᠶ᠎ᠡ ᠴᠢᠭᠢᠷᠠᠭᠵᠢᠭᠤᠯᠬᠤ ᠲᠠᠮᠢᠷ᠂ ᠳᠠᠭᠤᠤ ᠪᠥᠵᠢᠭ ᠵᠡᠷᠭᠡ ᠤᠷᠠᠨ ᠰᠠᠶᠢᠬᠠᠨ ᠤ ᠲᠣᠭᠯᠠᠯᠲᠠ ᠭᠠᠷᠭᠠᠵᠤ᠂ ᠤᠯᠠᠨ ᠤ ᠠᠩᠬᠠᠷᠤᠯ ᠢ ᠳᠠᠲᠠᠪᠠ᠃      ᠳᠠᠯᠠᠶᠢᠬᠥ᠋ᠪ ᠪᠠᠯᠭᠠᠰᠤᠨ ᠤ ᠨᠠᠮ ᠤᠨ ᠬᠤᠷᠢᠶᠠᠨ ᠤ ᠭᠡᠰᠢᠭᠦᠨ᠂ ᠤᠬᠠᠭᠤᠯᠬᠤ ᠭᠡᠰᠢᠭᠦᠨ ᠰᠢᠦᠢ ᠮᠥᠸᠧ ᠱᠠ᠄ ︽ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠤᠯᠠᠨ ᠲᠦᠮᠡᠨᠴᠢ ᠴᠢᠨᠠᠷᠲᠠᠢ ᠰᠣᠶᠣᠯ ᠤᠨ ᠠᠵᠢᠯᠯᠠᠭ᠎ᠠ ᠶᠢ ᠪᠠᠶᠠᠯᠢᠭ ᠠᠭᠤᠯᠭ᠎ᠠ ᠪᠦᠬᠦᠢ ᠬᠡᠯᠪᠡᠷᠢ ᠪᠠᠷ ᠦᠷᠨᠢᠭᠦᠯᠦᠨ᠂ ᠤᠯᠠᠨ ᠲᠦᠮᠡᠨ ᠤ ᠪᠠᠴᠢᠮ ᠬᠦᠴᠢᠷ ᠵᠣᠪᠠᠭᠤᠷᠢ ᠲᠠᠢ ᠠᠰᠠᠭᠤᠳᠠᠯ ᠎ ᠤᠨ ᠳᠤᠭᠤᠷᠢᠨ ᠳᠤ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠶᠢ ᠨᠡᠩ ᠭᠦᠨᠵᠡᠭᠡᠢ ᠶᠠᠪᠤᠭᠳᠠᠭᠤᠯᠵᠤ᠂ ᠤᠯᠠᠨ ᠲᠦᠮᠡᠨ ᠤ ᠵᠣᠯ ᠵᠢᠷᠭᠠᠯᠲᠤ ᠲᠥᠷᠥᠭᠳᠡᠯ ᠪᠠ ᠬᠦᠷᠲᠡᠮᠵᠢ ᠶᠢᠨ ᠲᠥᠷᠥᠭᠳᠡᠯ ᠢ ᠦᠨᠡᠨᠬᠦ ᠳᠡᠭᠡᠭᠰᠢᠯᠡᠬᠦᠯᠦᠨ᠎ᠡ︾ ᠭᠡᠪᠡ᠃      ᠰᠣᠶᠣᠯ ᠤᠨ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠪᠠᠰᠠ ᠴᠡᠭᠡ ᠪᠣᠭᠤᠮᠲᠠ ᠪᠠᠷ ᠬᠦᠨᠵᠡᠭᠡᠶᠢᠷᠡᠵᠦ᠂ ᠭᠤᠶᠢᠳᠠ ᠰᠠᠶᠢᠬᠠᠨ ᠤᠷᠠᠨ ᠰᠠᠶᠢᠬᠠᠨ ᠤ ᠳᠤᠭᠯᠠᠯᠳᠠ ᠶᠢᠨ ᠳᠤᠮᠳᠠ᠂ ᠬᠤᠰᠢᠭᠤᠨ ᠤ ᠰᠣᠶᠣᠯ ᠵᠢᠭᠤᠯᠴᠢᠯᠠᠯ ᠷᠠᠳᠢᠣ᠋ ᠲᠧᠯᠸᠢᠰ ᠲᠣᠪᠴᠢᠶ᠎ᠠ ᠪᠠ ᠨᠣᠮ ᠤᠨ ᠰᠠᠩ ᠤᠨ ᠠᠵᠢᠯᠲᠠᠳ ᠪᠣᠭᠤᠮᠲᠠ ᠶᠢᠨ ᠰᠠᠭᠤᠭᠠᠯᠢ ᠠᠷᠠᠳ ᠎ ᠤᠳ ᠲᠤ ︽ᠡᠷᠡᠭᠦᠯ ᠮᠡᠨᠳᠦ ᠬᠢᠭᠡᠳ ᠢᠳᠡᠭᠡᠨ ᠤᠮᠳᠠᠭᠠᠨ︾᠂ ︽ᠠᠵᠤ ᠠᠬᠤᠢ ᠬᠢᠭᠡᠳ ᠡᠳ᠋ ᠬᠥᠷᠥᠩᠭᠡ︾ ᠵᠡᠷᠭᠡ ᠤᠳᠬ᠎ᠠ ᠵᠣᠬᠢᠶᠠᠯ ᠤᠨ ᠲᠥᠷᠥᠯ᠂ ᠠᠵᠤ ᠠᠬᠤᠢ ᠶᠢᠨ ᠲᠥᠷᠥᠯ᠂ ᠪᠡᠶ᠎ᠡ ᠰᠤᠪᠢᠯᠠᠯᠲᠠ ᠡᠷᠡᠭᠦᠯᠵᠢᠯ ᠤᠨ ᠲᠥᠷᠥᠯ ᠢ ᠬᠠᠮᠤᠷᠤᠭᠰᠠᠨ 300 ᠭᠠᠷᠤᠢ ᠬᠤᠪᠢ ᠮᠣᠩᠭᠤᠯ ᠬᠢᠲᠠᠳ ᠬᠡᠯᠡ ᠬᠤᠣᠰᠯᠠᠭᠰᠠᠨ ᠨᠣᠮ ᠳᠡᠪᠲᠡᠷ ᠢ ᠳᠥᠭᠡᠭᠡᠵᠦ᠂ ᠤᠯᠠᠨ ᠲᠦᠮᠡᠨ ᠤ ᠤᠶᠤᠨ ᠤ ᠰᠣᠶᠣᠯ ᠤᠨ ᠠᠮᠢᠳᠤᠷᠠᠯ ᠤᠨ ᠬᠡᠷᠡᠭᠴᠡᠭᠡ ᠶᠢ ᠬᠠᠩᠭᠠᠭᠰᠠᠨ ᠮᠥᠷᠲᠡᠭᠡᠨ ᠪᠠᠰᠠ ᠨᠠᠮ ᠪᠠ ᠵᠠᠰᠠᠭ ᠤᠨ ᠣᠷᠳᠣᠨ ᠤ ᠤᠨᠤᠯ ᠢ ᠰᠢᠨᠡᠴᠢᠯᠡᠬᠦ᠂ ᠠᠷᠠᠳ ᠲᠤ ᠠᠰᠢᠭ ᠬᠦᠷᠲᠡᠭᠡᠬᠦ ᠲᠦᠷᠦ ᠶᠢᠨ ᠪᠣᠳᠣᠯᠭ᠎ᠠ ᠶᠢ ᠦᠨᠳᠦᠰᠦᠨ ᠱᠠᠲᠤᠨ ᠤ ᠤᠯᠠᠨ ᠲᠦᠮᠡᠨ ᠤ ᠳᠤᠮᠳᠠ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢ ᠥᠨᠡᠨᠬᠦ ᠲᠦᠯᠬᠢᠨ ᠠᠬᠢᠭᠤᠯᠤᠭᠰᠠᠨ ᠪᠠᠶᠢᠨ᠎ᠠ᠃ 
 
ᠢᠷᠡᠯᠲᠡ᠄ ᠡᠵᠡᠨ᠎ᠡ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号