ᠬᠠᠪᠤᠷ ᠤᠨ ᠤᠯᠠᠷᠢᠯ ᠳᠤ ᠬᠤᠯᠤᠭᠠᠨ᠎ᠠ ᠶᠢᠨ ᠲᠥᠷᠥᠯ ᠤᠨ ᠦᠷᠡᠵᠢᠯᠲᠡ ᠣᠷᠭᠢᠯ ᠤᠨ ᠬᠤᠭᠤᠴᠠᠭᠠᠨ ᠳᠤ | ᠣᠷᠣᠵᠤ᠂ 3 ᠳ᠋ᠤᠭᠠᠷ ᠰᠠᠷ᠎ᠠ ᠶᠢᠨ ᠬᠤᠷᠢᠳ ᠠᠴᠠ ᠨᠠᠰᠢ᠂ ᠬᠤᠰᠢᠭᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠤ ᠶᠢᠨ | ᠵᠥᠪᠯᠡᠯ ᠤᠨ ᠬᠢᠨ ᠤ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠰᠠᠷ᠎ᠠ ᠶᠢᠨ ᠠᠵᠢᠯᠯᠠᠭ᠎ᠠ ᠲᠠᠢ | ᠤᠶᠠᠯᠳᠤᠭᠤᠯᠤᠨ᠂ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠵᠤ᠂ ᠲᠠᠯᠠᠶᠢᠬᠦ᠋ᠪ ᠪᠠᠯᠭᠠᠰᠤᠨ ᠳᠤ | ᠬᠠᠪᠤᠷ ᠤᠨ ᠤᠯᠠᠷᠢᠯ ᠤᠨ ᠬᠤᠯᠤᠭᠠᠨ᠎ᠠ ᠶᠢ ᠤᠰᠠᠳᠬᠠᠵᠤ ᠬᠦᠨᠦᠭᠡᠯ ᠢ ᠠᠷᠢᠯᠭᠠᠬᠤ ᠠᠵᠢᠯ ᠢ ᠦᠷᠨᠢᠭᠦᠯᠦᠨ᠂ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠰᠡᠷᠭᠡᠶᠢᠯᠡᠯᠲᠡ ᠶᠢᠨ ᠱᠤᠭᠤᠮ ᠢ ᠪᠠᠬᠢᠵᠢᠭᠦᠯᠵᠦ᠂ ᠠᠷᠠᠳ ᠣᠯᠠᠨ ᠤ | ᠪᠡᠶ᠎ᠡ ᠶᠢᠨ ᠡᠷᠡᠭᠦᠯ ᠮᠡᠨᠳᠦ ᠪᠠ ᠠᠮᠢ ᠨᠠᠰᠤᠨ ᠤ ᠠᠮᠤᠷ ᠲᠦᠪᠰᠢᠨ ᠢ ᠪᠠᠲᠤᠯᠠᠭᠰᠠᠨ ᠪᠠᠶᠢᠨ᠎ᠠ᠃ | ᠲᠣᠰ ᠡᠭᠡᠯᠵᠢ ᠶᠢᠨ ᠬᠠᠪᠤᠷ ᠤᠨ ᠤᠯᠠᠷᠢᠯ ᠤᠨ ᠬᠤᠯᠤᠭᠠᠨ᠎ᠠ ᠶᠢ ᠤᠰᠠᠳᠬᠠᠵᠤ ᠬᠦᠨᠦᠭᠡᠯ ᠢ ᠠᠷᠢᠯᠭᠠᠬᠤ ᠠᠵᠢᠯ | ᠨᠢ ᠡᠯ᠎ᠡ ᠵᠡᠭᠡᠯᠢ ᠭᠤᠳᠤᠮᠵᠢ᠂ ᠰᠠᠭᠤᠭᠠᠯᠢ ᠠᠷᠠᠳ ᠤᠨ ᠲᠣᠭᠤᠷᠢᠭ᠂ ᠲᠠᠷᠢᠶᠠᠯᠠᠩ ᠤᠨ ᠠᠷᠠᠯᠵᠢᠶᠠᠨ ᠤ ᠵᠠᠬ᠎ᠠ | ᠳᠡᠯᠭᠡᠭᠦᠷ ᠵᠡᠷᠭᠡ ᠣᠯᠠᠨ ᠨᠡᠶᠢᠲᠡ ᠶᠢᠨ ᠲᠠᠯᠠᠪᠤᠷ ᠲᠤ ᠬᠤᠯᠤᠭᠠᠨ᠎ᠠ ᠶᠢ ᠤᠰᠠᠳᠬᠠᠬᠤ᠂ ᠵᠣᠥᠮ᠎ᠠ ᠶᠢ ᠤᠰᠠᠳᠬᠠᠬᠤ᠂ | ᠪᠠᠲᠠᠭᠠᠨ᠎ᠠ ᠶᠢ ᠤᠰᠠᠳᠬᠠᠬᠤ ᠠᠵᠢᠯ ᠢ ᠶᠠᠪᠤᠭᠳᠠᠭᠤᠯᠵᠤ᠂ ᠠᠵᠢᠯᠯᠠᠭ᠎ᠠ ᠨᠢ ᠬᠠᠯᠠᠭᠤᠨ ᠠᠭᠤᠷ ᠪᠠᠷ ᠤᠲᠤᠵᠤ | ᠠᠯᠠᠬᠤ ᠮᠠᠰᠢᠨ ᠢᠶᠠᠷ ᠪᠣᠬᠢᠷ ᠤᠰᠤᠨ ᠤ ᠬᠤᠳᠳᠤᠭ᠂ ᠭᠤᠤ ᠂ ᠨᠣᠭᠤᠭᠠᠷᠠᠭᠤᠯᠤᠯᠲᠠ ᠶᠢᠨ ᠪᠦᠰᠡ᠂ ᠬᠤᠭ | ᠨᠣᠪᠰᠢ ᠶᠢᠨ ᠰᠠᠪᠠ ᠵᠡᠷᠭᠡ ᠭᠠᠵᠠᠷ ᠤᠳ ᠢᠶᠠᠷ ᠤᠳᠤᠬᠤ ᠶᠢᠨ ᠬᠠᠮᠲᠤ ᠬᠤᠣᠷᠲᠤ ᠥᠭᠶᠥᠭᠡ ᠶᠢᠨ ᠬᠠᠶᠢᠷᠴᠠᠭ ᠢ | ᠨᠢᠭᠡᠳᠦᠯᠲᠡᠢ ᠲᠠᠯᠪᠢᠵᠤ᠂ ᠬᠠᠪᠤᠷ ᠤᠨ ᠤᠯᠠᠷᠢᠯ ᠤᠨ ᠬᠤᠯᠤᠭᠠᠨ᠎ᠠ ᠶᠢ ᠤᠰᠠᠳᠬᠠᠵᠤ ᠬᠦᠨᠦᠭᠡᠯ ᠢ ᠠᠷᠢᠯᠭᠠᠬᠤ ᠠᠵᠢᠯ ᠢ | ᠬᠠᠮᠤᠭ ᠤᠨ ᠰᠠᠶᠢᠨ ᠦᠷ᠎ᠡ ᠪᠦᠲᠦᠮᠵᠢ ᠲᠠᠢ ᠪᠣᠯᠭᠠᠬᠤ ᠶᠢ ᠪᠠᠲᠤᠯᠠᠵᠠᠢ᠃ | ᠬᠤᠰᠢᠭᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠨᠠᠮ ᠤᠨ ᠤᠳᠤᠷᠢᠳᠬᠤ | ᠳᠤᠭᠤᠶᠢᠯᠠᠩ ᠤᠨ ᠭᠡᠰᠢᠭᠦᠨ᠂ ᠳᠡᠳ᠋ ᠡᠷᠬᠢᠯᠡᠭᠴᠢ ᠳ᠋ᠦ᠋ ᠰᠢᠨ᠄ ︽ᠬᠠᠷᠢᠶᠠᠲᠤ ᠣᠷᠣᠨ ᠤ ᠰᠠᠭᠤᠭᠠᠯᠢ ᠠᠷᠠᠳ ᠤᠨ | ᠠᠮᠢᠳᠤᠷᠠᠯ ᠤᠨ ᠣᠷᠴᠢᠨ ᠲᠣᠭᠤᠷᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠡᠪᠡᠳᠴᠢᠨ ᠤ ᠵᠠᠭᠤᠴᠢ ᠠᠮᠢᠳᠤ | ᠪᠣᠳᠠᠰ ᠤᠨ ᠬᠠᠯᠳᠠᠪᠤᠷᠢᠲᠤ ᠡᠪᠡᠳᠴᠢᠨ ᠤ ᠡᠭᠦᠰᠬᠦ ᠶᠢ ᠪᠦᠲᠦᠮᠵᠢᠲᠡᠶ ᠰᠡᠷᠭᠡᠶᠢᠯᠡᠬᠦ ᠶᠢᠨ ᠲᠥᠯᠥᠭᠡ᠂ ᠬᠤᠰᠢᠭᠤᠨ ᠤ | ᠨᠠᠮ ᠤᠨ ᠬᠤᠷᠢᠶ᠎ᠠ᠂ ᠵᠠᠰᠠᠭ ᠤᠨ ᠣᠷᠳᠣᠨ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠤᠯᠤᠰ ᠤᠨ ᠡᠷᠡᠭᠦᠯ | ᠬᠠᠮᠠᠭᠠᠯᠠᠯ ᠤᠨ ᠰᠢᠶᠠᠨ ᠤ ᠬᠤᠲᠠ ᠶᠢ ᠡᠭᠦᠳᠦᠨ ᠪᠠᠶᠢᠭᠤᠯᠬᠤ ᠶᠢ ᠡᠪᠡᠳᠴᠢᠨ ᠤ ᠵᠠᠭᠤᠴᠢ ᠠᠮᠢᠳᠤ ᠪᠣᠳᠠᠰ ᠢ | ᠰᠡᠷᠭᠡᠶᠢᠯᠡᠨ ᠵᠠᠰᠠᠬᠤ ᠲᠠᠢ ᠬᠠᠮᠳᠤᠪᠡᠷ ᠲᠤᠬᠢᠷᠠᠭᠤᠯᠤᠨ ᠬᠠᠮᠳᠤᠪᠡᠷ ᠪᠠᠶᠢᠷᠢᠯᠠᠭᠤᠯᠵᠤ᠂ ᠠᠯᠢ ᠣᠯᠠᠨ ᠪᠦᠲᠦᠮᠵᠢᠲᠡᠶ | ᠠᠷᠭ᠎ᠠ ᠬᠡᠮᠵᠢᠶ᠎ᠡ ᠶᠢ ᠰᠦᠪᠡᠭᠴᠢᠯᠡᠨ ᠭᠠᠷᠭᠠᠨ᠎ᠠ︾ ᠭᠡᠪᠡ᠃ | ᠣᠶᠢᠯᠠᠭᠠᠭᠰᠠᠨ ᠢᠶᠠᠷ᠂ ᠲᠣᠰ ᠡᠭᠡᠯᠵᠢ ᠶᠢᠨ ᠠᠵᠢᠯ ᠪᠣᠯ ᠡᠪᠡᠳᠴᠢᠨ ᠤ ᠵᠠᠭᠤᠴᠢ ᠠᠮᠢᠳᠤ ᠪᠣᠳᠠᠰ ᠢ | ᠰᠡᠷᠭᠡᠶᠢᠯᠡᠨ ᠵᠠᠰᠠᠬᠤ ᠲᠥᠷᠥᠯ ᠵᠦᠢᠯ ᠤᠨ ᠠᠩᠬᠠᠨ ᠤ ᠡᠭᠡᠯᠵᠢ ᠪᠤᠯᠤᠨ᠎ᠠ᠂ ᠲᠠᠷᠠᠭᠠᠴᠢ ᠪᠠᠷ ᠪᠠᠰᠠ ᠨᠠᠮᠤᠷ ᠪᠤᠯᠤᠨ | ᠡᠪᠦᠯ ᠤᠨ ᠤᠯᠠᠷᠢᠯ ᠤᠨ ᠬᠤᠯᠤᠭᠠᠨ᠎ᠠ ᠶᠢ ᠤᠰᠠᠳᠬᠠᠵᠤ ᠬᠦᠨᠦᠭᠡᠯ ᠢ ᠠᠷᠢᠯᠭᠠᠬᠤ ᠠᠵᠢᠯ ᠵᠢᠴᠢ ᠳᠥᠷᠪᠡᠨ ᠬᠤᠣᠷ | ᠬᠦᠨᠦᠭᠡᠯ ᠢ ᠤᠰᠠᠳᠬᠠᠬᠤ ᠠᠵᠢᠯ ᠢ ᠬᠢᠵᠦ᠂ ᠡᠪᠡᠳᠴᠢᠨ ᠤ ᠵᠠᠭᠤᠴᠢ ᠠᠮᠢᠳᠤ ᠪᠣᠳᠠᠰ ᠢ ᠪᠦᠲᠦᠮᠵᠢᠲᠡᠶ ᠡᠵᠡᠮᠳᠡᠬᠦ ᠶᠢ | ᠦᠨᠡᠨᠬᠦ ᠪᠠᠳᠤᠯᠠᠨ᠎ᠠ᠃ |