ᠬᠠᠷ᠎ᠠ ᠭᠤᠣᠯ ᠤᠨ ᠤᠷᠤᠰᠬᠠᠯ ᠳᠤ 2023 ᠣᠨ ᠤ ᠬᠠᠪᠤᠷ ᠤᠨ ᠤᠯᠠᠷᠢᠯ ᠤᠨ ᠲᠥᠪᠯᠡᠷᠡᠭᠦᠯᠦᠨ ᠤᠰᠤ ᠲᠤᠬᠢᠷᠠᠭᠤᠯᠬᠤ ᠠᠷᠭ᠎ᠠ ᠬᠡᠮᠵᠢᠶ᠎ᠡ ᠶᠢ ᠬᠡᠷᠡᠭᠵᠢᠬᠦᠯᠵᠤ ᠡᠵᠡᠨ᠎ᠡ ᠶᠢᠨ ᠬᠤᠶᠢᠳᠤ ᠭᠤᠣᠯ ᠤᠨ ᠪᠠᠶᠢᠭᠠᠯᠢ ᠶᠢᠨ ᠣᠶ ᠰᠢᠭᠤᠢ ᠡᠪᠡᠰᠦᠲᠦ ᠭᠠᠵᠠᠷ ᠢ ᠤᠰᠤᠯᠠᠪᠠ
ᠨᠡᠶᠢᠲᠡᠯᠡᠭᠰᠡᠨ ᠴᠠᠭ᠄
2023/4/20
      ᠬᠠᠷ᠎ᠠ ᠭᠤᠣᠯ ᠤᠨ ᠤᠷᠤᠰᠬᠠᠯ ᠳᠤ 2023 ᠣᠨ ᠤ ᠬᠠᠪᠤᠷ ᠤᠨ ᠤᠯᠠᠷᠢᠯ ᠤᠨ ᠲᠥᠪᠯᠡᠷᠡᠭᠦᠯᠦᠨ ᠤᠰᠤ ᠲᠤᠬᠢᠷᠠᠭᠤᠯᠬᠤ ᠠᠷᠭ᠎ᠠ ᠬᠡᠮᠵᠢᠶ᠎ᠡ ᠶᠢ 4 ᠳ᠋ᠦ᠋ᠭᠡᠷ ᠰᠠᠷ᠎ᠠ ᠶᠢᠨ 1᠎ ᠤ ᠡᠳᠤᠷ ᠠᠴᠠ ᠡᠬᠢᠯᠡᠨ ᠬᠡᠷᠡᠭᠵᠢᠬᠦᠯᠵᠤ᠂       ᠡᠭᠦᠨ ᠳᠤ ᠱᠠᠲᠤ ᠬᠤᠪᠢᠶᠠᠨ ᠳᠣᠣᠷᠠᠳᠤ ᠤᠷᠤᠰᠬᠠᠯ ᠳᠤ ᠤᠰᠤ ᠤᠷᠤᠭᠤᠯᠤᠨ᠂ ᠮᠠᠨ ᠤ ᠬᠤᠰᠢᠭᠤ ᠤᠰᠤ ᠢᠷᠡᠭᠰᠡᠨ ᠪᠠᠶᠢᠳᠠᠯ ᠢ ᠦᠨᠳᠤᠰᠤᠯᠡᠵᠤ᠂ ᠰᠢᠨᠵᠢᠯᠡᠬᠦ ᠤᠬᠠᠭᠠᠨᠴᠢ ᠪᠠᠷ ᠲᠤᠬᠢᠷᠠᠭᠤᠯᠤᠨ᠂ ᠤᠷᠢᠳᠠᠪᠠᠷ ᠬᠤᠶᠢᠳᠤ ᠭᠤᠣᠯ ᠳᠤ ᠤᠰᠤ ᠤᠷᠤᠭᠤᠯᠵᠤ᠂ ᠪᠠᠶᠢᠭᠠᠯᠢ ᠶᠢᠨ ᠣᠶ ᠰᠢᠭᠤᠢ ᠡᠪᠡᠰᠦᠲᠦ ᠭᠠᠵᠠᠷ ᠢ ᠤᠰᠤᠯᠠᠨ᠂ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢᠨ ᠦᠷ᠎ᠡ ᠪᠦᠳᠦᠮᠵᠢ ᠪᠠᠨ ᠤᠯᠠᠮ ᠨᠢᠭᠡ ᠠᠯᠬᠤᠮ ᠪᠠᠬᠢᠵᠢᠭᠦᠯᠪᠡ᠃      ᠰᠠᠶᠢᠬᠠᠨᠳᠤᠤᠷᠠᠢ ᠰᠤᠮᠤᠨ ᠤ ᠬᠢᠯᠢ ᠲᠤᠳᠤᠷ᠎ᠠ ᠪᠠᠶᠢᠭ᠎ᠠ ᠭᠤᠣᠯ ᠨᠢ ᠬᠠᠷ᠎ᠠ ᠭᠤᠣᠯ ᠤᠨ ᠳᠣᠣᠷᠠᠳᠤ ᠤᠷᠤᠰᠬᠠᠯ ᠤᠨ ᠰᠠᠯᠪᠤᠷᠢ ᠬᠤᠶᠢᠳᠤ ᠭᠤᠣᠯ ᠳᠤ ᠬᠠᠷᠢᠶᠠᠯᠠᠭᠳᠠᠨ᠎ᠠ᠃ ᠬᠠᠷ᠎ᠠ ᠭᠤᠣᠯ ᠤᠨ ᠤᠷᠤᠰᠬᠠᠯ ᠤᠨ ᠤᠰᠤᠨ ᠤ ᠬᠡᠮᠵᠢᠶ᠎ᠡ ᠶᠢ ᠲᠣᠬᠢᠷᠠᠭᠤᠯᠬᠤ ᠠᠵᠢᠯ ᠤᠨ ᠲᠣᠬᠢᠷᠠᠭᠤᠯᠤᠯᠲᠠ ᠶᠢ ᠦᠨᠳᠦᠰᠦᠯᠡᠨ᠂ ᠬᠠᠷ᠎ᠠ ᠭᠤᠣᠯ ᠤᠨ ᠰᠠᠪᠠ ᠭᠠᠵᠠᠷ ᠤᠨ ᠬᠠᠮᠢᠶᠠᠷᠤᠯᠲᠠ ᠶᠢᠨ ᠲᠣᠪᠴᠢᠶ᠎ᠠ ᠨᠢ 4 ᠳ᠋ᠦ᠋ᠭᠡᠷ ᠰᠠᠷ᠎ᠠ ᠶᠢᠨ 1᠎ ᠠᠴᠠ 4 ᠳ᠋ᠦ᠋ᠭᠡᠷ ᠰᠠᠷ᠎ᠠ ᠶᠢᠨ 20᠎ ᠤ ᠡᠳᠦᠷ᠂ 5 ᠳ᠋ᠤᠭᠠᠷ ᠰᠠᠷ᠎ᠠ ᠶᠢᠨ 1᠎ ᠠᠴᠠ 5 ᠳ᠋ᠤᠭᠠᠷ ᠰᠠᠷ᠎ᠠ ᠶᠢᠨ 20᠎ ᠤ ᠡᠳᠦᠷ ᠪᠣᠯᠲᠠᠯᠠᠬᠢ ᠬᠤᠶᠠᠷ ᠬᠤᠭᠤᠴᠠᠭᠠᠨ ᠳᠤ ︽ᠪᠥᠬᠦ ᠱᠤᠭᠤᠮ ᠢᠶᠠᠷ ᠨᠡᠪᠳᠡᠷᠡᠨ᠂ ᠲᠥᠪᠯᠡᠷᠡᠭᠦᠯᠦᠨ ᠳᠣᠷᠣᠭᠰᠢ ᠤᠷᠤᠰᠬᠠᠬᠤ︾ ᠤᠰᠤᠨ ᠤ ᠲᠤᠬᠢᠷᠠᠭᠤᠯᠤᠯᠳᠠ ᠶᠢᠨ ᠠᠷᠭ᠎ᠠ ᠬᠡᠮᠵᠢᠶ᠎ᠡ ᠶᠢ ᠬᠡᠷᠡᠭᠵᠢᠬᠦᠯᠵᠤ᠂ ᠡᠭᠦᠨ ᠳᠤ 4—6 ᠳ᠋ᠤᠭᠠᠷ ᠰᠠᠷ᠎ᠠ ᠶᠢᠨ ᠤᠰᠤᠨ ᠤ ᠬᠡᠮᠵᠢᠶ᠎ᠡ ᠶᠢ ᠲᠣᠬᠢᠷᠠᠭᠤᠯᠬᠤ ᠬᠤᠭᠤᠴᠠᠭ᠎ᠠ ᠶᠢ 40 ᠡᠳᠦᠷ ᠠᠴᠠ ᠳᠤᠲᠠᠭᠤ ᠦᠭᠡᠢ ᠪᠠᠶᠢᠯᠭᠠᠬᠤ ᠪᠠᠷ ᠲᠦᠯᠦᠪᠯᠡᠵᠤ ᠪᠤᠢ᠃ ᠤᠰᠤᠨ ᠰᠢᠨᠵᠢᠯᠡᠭᠡᠨ ᠤ ᠰᠠᠯᠠᠭ᠎ᠠ ᠮᠥᠴᠢᠷ ᠤᠨ ᠬᠢᠨᠠᠨ ᠬᠡᠮᠵᠢᠯᠳᠡ ᠶᠢ ᠦᠨᠳᠦᠰᠦᠯᠡᠪᠡᠯ᠂ 4 ᠳ᠋ᠦ᠋ᠭᠡᠷ ᠰᠠᠷ᠎ᠠ ᠶᠢᠨ ᠡᠬᠢ ᠪᠠᠷ᠂ ᠪᠠᠶᠠᠨᠪᠣᠭᠳᠠ ᠶᠢᠨ ᠤᠰᠤᠨ ᠰᠢᠨᠵᠢᠯᠡᠭᠡᠨ ᠤ  ᠭᠠᠵᠠᠷ ᠢᠶᠠᠷ ᠥᠩᠭᠡᠷᠡᠬᠦ ᠭᠤᠣᠯ ᠤᠨ ᠤᠰᠤᠨ ᠤ ᠬᠥᠨᠳᠡᠯᠡᠨ ᠣᠭᠲᠣᠯᠤᠭᠠᠰᠤ ᠶᠢᠨ ᠬᠡᠮᠵᠢᠶ᠎ᠡ ᠠᠷᠪᠠᠨ ᠡᠳᠦᠷ ᠤᠨ ᠳᠤᠮᠳᠠᠴᠢ ᠤᠷᠤᠰᠬᠠᠯ ᠨᠢ ᠰᠧᠺᠦ᠋ᠨ᠋ᠳ᠋ ᠪᠦᠷᠢ 16.4 ᠪᠣᠰᠤᠭ᠎ᠠ ᠳᠥᠷᠪᠡᠯᠵᠢᠨ ᠮᠧᠲᠷ ᠪᠠᠶᠢᠵᠤ᠂ ᠵᠠᠭᠠᠭ ᠢᠶᠠᠷ ᠪᠠᠷ ᠣᠷᠣᠵᠤ ᠢᠷᠡᠭᠰᠡᠨ ᠤᠰᠤᠨ ᠤ ᠬᠡᠮᠵᠢᠶ᠎ᠡ ᠨᠢ 1420 ᠲᠦᠮᠡᠨ ᠪᠣᠰᠤᠭ᠎ᠠ ᠳᠥᠷᠪᠡᠯᠵᠢᠨ ᠮᠧᠲᠷ ᠲᠤ ᠬᠦᠷᠪᠡ᠃ ᠬᠤᠰᠢᠭᠤᠨ ᠤ ᠤᠰᠤᠨ ᠤ ᠶᠠᠪᠤᠳᠠᠯ ᠤᠨ ᠲᠣᠪᠴᠢᠶ᠎ᠠ ᠤᠰᠤ ᠢᠷᠡᠭᠰᠡᠨ ᠪᠠᠶᠢᠳᠠᠯ ᠵᠢᠴᠢ ᠤᠰᠤᠯᠠᠯᠲᠠ ᠶᠢᠨ ᠠᠵᠢᠯ ᠤᠨ ᠬᠡᠷᠡᠭᠴᠡᠭᠡ ᠶᠢ ᠦᠨᠳᠦᠰᠦᠯᠡᠵᠦ᠂ ᠡᠵᠡᠨ᠎ᠡ ᠶᠢᠨ ᠨᠣᠭᠤᠭᠠᠨ ᠪᠦᠷᠢᠳᠦ ᠶᠢᠨ ᠠᠮᠢ ᠠᠬᠤᠢ ᠳᠤ ᠬᠡᠷᠡᠭᠯᠡᠬᠦ ᠤᠰᠤᠨ ᠤ ᠲᠣᠬᠢᠷᠠᠭᠤᠯᠤᠯᠲᠠ ᠶᠢᠨ ᠲᠥᠯᠥᠪᠯᠡᠭᠡ ᠶᠢ ᠨᠢᠭᠡᠳᠦᠯᠲᠡᠢ ᠲᠥᠯᠥᠪᠯᠡᠨ ᠰᠠᠶᠢᠲᠤᠷ ᠬᠢᠵᠦ᠂ ᠡᠮᠤᠨ᠎ᠡ ᠭᠤᠤᠯ᠂ ᠬᠤᠶᠢᠳᠤ ᠭᠤᠣᠯ ᠤᠨ ᠤᠰᠤᠨ ᠤ ᠬᠡᠮᠵᠢᠶ᠎ᠡ ᠶᠢᠨ ᠲᠣᠬᠢᠷᠠᠭᠤᠯᠤᠯᠲᠠ ᠶᠢ ᠤᠯᠠᠮ ᠨᠢᠭᠡ ᠠᠯᠬᠤᠮ ᠰᠢᠯᠢᠳᠡᠭᠵᠢᠭᠦᠯᠦᠨ᠂ ᠣᠳᠣᠬᠠᠨ ᠳᠤ ᠡᠮᠤᠨ᠎ᠡ ᠭᠤᠣᠯ ᠤᠨ ᠤᠰᠤᠨ ᠬᠠᠰᠢᠯᠭ᠎ᠠ ᠶᠢ ᠬᠠᠭᠠᠵᠤ᠂ ᠬᠤᠶᠢᠳᠤ ᠭᠤᠣᠯ᠂ ᠵᠡᠭᠦᠨ ᠭᠤᠣᠯ ᠤᠨ ᠰᠤᠪᠠᠭ ᠢᠶᠠᠷ ᠲᠥᠪᠯᠡᠷᠡᠭᠦᠯᠦᠨ ᠤᠰᠤ ᠤᠷᠤᠭᠤᠯᠤᠨ᠂ ᠳ᠋ᠦᠩᠹᠧᠩ ᠪᠠᠯᠭᠠᠰᠤ᠂ ᠰᠠᠶᠢᠬᠠᠨᠳᠤᠤᠷᠠᠢ ᠰᠤᠮᠤ ᠶᠢᠨ ᠨᠢᠳᠤᠨᠤᠨ ᠤ ᠨᠠᠮᠤᠷ ᠡᠪᠦᠯ ᠤᠨ ᠤᠯᠠᠷᠢᠯ ᠪᠠ ᠡᠨᠡ ᠬᠠᠪᠤᠷ ᠤᠨ ᠤᠯᠠᠷᠢᠯ ᠤᠨ ᠤᠰᠤᠯᠠᠭᠠᠳᠤᠢ ᠣᠷᠣᠨ ᠤ ᠪᠠᠶᠢᠭᠠᠯᠢ ᠶᠢᠨ ᠣᠶ ᠰᠢᠭᠤᠢ ᠡᠪᠡᠰᠦᠲᠦ ᠭᠠᠵᠠᠷ ᠢ ᠤᠷᠢᠳᠠᠪᠠᠷ ᠤᠰᠤᠯᠠᠵᠤ᠂ ᠨᠣᠭᠤᠭᠠᠨ ᠪᠦᠷᠢᠳᠦ ᠶᠢᠨ ᠭᠤᠣᠯ ᠣᠷᠣᠨ ᠪᠦᠰᠡ ᠶᠢᠨ ᠤᠰᠤᠯᠠᠯᠲᠠ ᠵᠢᠴᠢ       ᠰᠤᠪᠨᠠᠭᠤᠷ ᠤᠨ ᠤᠰᠤᠨ ᠤ ᠬᠡᠮᠵᠢᠶ᠎ᠡ ᠶᠢ ᠪᠠᠳᠤᠯᠠᠪᠠ᠃      ᠣᠲᠣ ᠪᠣᠯᠲᠠᠯ᠎ᠠ᠂ ᠲᠣᠰ ᠵᠢᠯ ᠳᠤ ᠨᠡᠶᠢᠲᠡ 31.85 ᠲᠦᠮᠡᠨ ᠮᠦ ᠡᠪᠡᠰᠤ ᠪᠡᠯᠴᠢᠭᠡᠷ ᠢ ᠤᠰᠤᠯᠠᠵᠤ᠂ ᠡᠭᠦᠨ ᠳᠤ ᠡᠮᠤᠨ᠎ᠡ ᠭᠤᠣᠯ ᠳᠤ ᠨᠡᠶᠢᠲᠡ 18.2 ᠲᠦᠮᠡᠨ ᠮᠦ᠂ ᠬᠤᠶᠢᠳᠤ ᠭᠤᠣᠯ ᠳᠤ ᠨᠡᠶᠢᠲᠡ 13.65 ᠲᠦᠮᠡᠨ ᠮᠦ ᠡᠪᠡᠰᠤ ᠪᠡᠯᠴᠢᠭᠡᠷ ᠢ ᠤᠰᠤᠯᠠᠭᠰᠠᠨ ᠪᠠᠶᠢᠨ᠎ᠠ᠃ ᠰᠤᠪᠨᠠᠭᠤᠷ ᠤᠨ ᠲᠠᠯᠠᠪᠠᠶ ᠨᠢ 41.3 ᠲᠡᠭᠰᠢ ᠳᠥᠷᠪᠡᠯᠵᠢᠨ ᠺᠢᠯᠣᠮᠧᠲᠷ᠂ ᠴᠥᠭᠦᠷᠥᠮ ᠤᠨ ᠪᠠᠭᠲᠠᠭᠠᠮᠵᠢ ᠨᠢ 6620 ᠲᠦᠮᠡᠨ ᠪᠣᠰᠤᠭ᠎ᠠ ᠳᠥᠷᠪᠡᠯᠵᠢᠨ ᠮᠧᠲᠷ ᠪᠣᠯᠣᠨ᠎ᠠ᠃ ᠣᠳᠣᠬᠠᠨ ᠳᠤ ᠶᠠᠭ ᠰᠠᠶᠢᠬᠠᠨ ᠡᠪᠡᠰᠤ ᠪᠡᠯᠴᠢᠭᠡᠷ ᠤᠨ ᠤᠷᠭᠤᠮᠠᠯ ᠤᠨ ᠬᠤᠴᠢᠯᠭ᠎ᠠ ᠶᠢᠨ ᠤᠷᠭᠤᠯᠳᠠ ᠶᠢᠨ ᠴᠠᠭ ᠦᠶ᠎ᠡ ᠪᠠᠶᠢᠵᠤ᠂ ᠲᠣᠰ ᠤᠳᠠᠭᠠᠨ ᠤ ᠢᠷᠡᠭᠰᠡᠨ ᠤᠰᠤ ᠨᠢ ᠵᠣᠬᠢᠬᠤ ᠬᠡᠮᠵᠢᠶᠡᠨ ᠳᠡᠭᠡᠷ᠎ᠡ ᠭᠠᠵᠠᠷ ᠳᠣᠣᠷᠠᠬᠢ ᠤᠰᠤ ᠶᠢ ᠨᠥᠬᠦᠪᠦᠷᠢᠯᠡᠵᠦ ᠪᠣᠯᠬᠤ ᠤᠴᠢᠷ ᠠᠴᠠ ᠭᠤᠣᠯ ᠳᠠᠭᠠᠤ ᠶᠢᠨ ᠭᠠᠵᠠᠷ ᠣᠷᠣᠨ ᠤ ᠪᠠᠶᠢᠭᠠᠯᠢ ᠶᠢᠨ ᠣᠶ ᠰᠢᠭᠤᠢ ᠡᠪᠡᠰᠦᠲᠦ ᠭᠠᠵᠠᠷ ᠤᠨ ᠤᠷᠭᠤᠮᠠᠯ ᠤᠨ ᠬᠤᠴᠢᠯᠭ᠎ᠠ ᠶᠢᠨ ᠤᠷᠭᠤᠯᠳᠠ ᠳᠤ ᠲᠤᠶᠢᠯ ᠤᠨ ᠠᠰᠢᠭᠲᠠᠢ ᠶᠤᠮ᠃
 
ᠢᠷᠡᠯᠲᠡ᠄ ᠡᠵᠡᠨ᠎ᠡ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号