2023 ᠣᠨ ᠤ ᠵᠢᠭᠠᠰᠤ ᠠᠩᠨᠠᠬᠤ ᠬᠤᠷᠢᠭᠠᠲᠠᠢ ᠬᠤᠭᠤᠴᠠᠭ᠎ᠠ᠂ ᠬᠤᠷᠢᠭᠠᠲᠠᠢ ᠣᠷᠣᠨ ᠤ ᠵᠢᠭᠠᠰᠤᠨ ᠤ ᠶᠠᠪᠤᠳᠠᠯ ᠤᠨ ᠬᠠᠮᠢᠶᠠᠷᠤᠯᠲᠠ ᠶᠢᠨ ᠲᠤᠬᠠᠢ ᠡᠵᠡᠨ᠎ᠡ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠵᠠᠷᠯᠠᠯ
ᠨᠡᠶᠢᠲᠡᠯᠡᠭᠰᠡᠨ ᠴᠠᠭ᠄
2023/4/27
 ᠴᠡᠭᠡ ᠪᠣᠭᠤᠮᠲᠠ ᠶᠢᠨ ᠠᠵᠤ ᠠᠬᠤᠢ ᠶᠢᠨ ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠡᠯ᠎ᠡ ᠰᠤᠮᠤ᠂ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠡᠯ᠎ᠡ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠡᠯ᠎ᠡ ᠵᠥᠪᠯᠡᠯ᠂ ᠠᠯᠪᠠᠨ ᠭᠡᠷ᠂ ᠲᠣᠪᠴᠢᠶ᠎ᠠ ᠳᠤ᠄      ᠤᠰᠤᠨ ᠤ ᠠᠮᠢᠳᠤ ᠪᠣᠳᠠᠰ ᠤᠨ ᠡᠬᠢ ᠪᠠᠶᠠᠯᠢᠭ ᠢ ᠬᠠᠮᠠᠭᠠᠯᠠᠵᠤ᠂ ᠠᠮᠢᠳᠤ ᠪᠣᠳᠠᠰ ᠤᠨ ᠣᠯᠠᠨ ᠶᠠᠩᠵᠤᠲᠤ ᠴᠢᠨᠠᠷ ᠢ ᠬᠠᠮᠠᠭᠠᠯᠠᠨ᠂ ᠵᠢᠭᠠᠰᠤᠨ ᠠᠵᠤ ᠠᠬᠤᠢ ᠶᠢᠨ ᠪᠣᠬᠢᠷᠲᠤᠯ ᠦᠭᠡᠢ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠶᠢᠨ ᠲᠥᠯᠦᠭᠡ᠂ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠢᠭᠠᠰᠤᠨ ᠠᠵᠤ ᠠᠬᠤᠢ ᠶᠢᠨ ᠬᠠᠤᠯᠢ ︵︽ᠵᠢᠭᠠᠰᠤᠨ ᠠᠵᠤ ᠠᠬᠤᠢ ᠶᠢᠨ ᠬᠠᠤᠯᠢ︾ ᠭᠡᠵᠦ ᠲᠣᠪᠴᠢᠯᠠᠨ᠎ᠠ︶᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠡᠭᠡᠷ᠎ᠡ ᠶᠢᠨ ᠠᠮᠢᠲᠠᠨ ᠢ ᠬᠠᠮᠠᠭᠠᠯᠠᠬᠤ ᠬᠠᠤᠯᠢ︾᠂ ︽ᠬᠠᠲᠤᠨ ᠭᠤᠣᠯ ᠤᠨ ᠵᠢᠭᠠᠰᠤᠨ ᠠᠵᠤ ᠠᠬᠤᠢ ᠶᠢᠨ ᠬᠤᠷᠢᠭᠠᠲᠠᠢ ᠬᠤᠭᠤᠴᠠᠭᠠᠨ ᠤ ᠳᠦᠷᠢᠮ ᠳᠤ ᠲᠣᠬᠢᠷᠠᠭᠤᠯᠤᠯᠲᠠ ᠬᠢᠬᠦ ᠲᠤᠬᠠᠢ ᠲᠠᠷᠢᠶᠠᠯᠠᠩ ᠬᠥᠳᠡᠭᠡ ᠲᠣᠰᠬᠤᠨ ᠤ ᠶᠠᠮᠤᠨ ᠤ ᠵᠠᠷᠯᠠᠯ︾ ︵ᠲᠠᠷᠢᠶᠠᠯᠠᠩ ᠬᠥᠳᠡᠭᠡ ᠲᠣᠰᠬᠤᠨ ᠤ ᠶᠠᠮᠤᠨ ᠤ ᠵᠠᠷᠯᠠᠯ      ﹇2022﹈ 1 ᠳ᠋ᠦ᠋ᠭᠡᠷ ᠲᠣᠭᠠᠲᠤ︶᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︿ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠢᠭᠠᠰᠤᠨ ᠠᠵᠤ ᠠᠬᠤᠢ ᠶᠢᠨ ᠬᠠᠤᠯᠢ﹀᠎ ᠶᠢ ᠬᠡᠷᠡᠭᠵᠢᠭᠦᠯᠬᠦ ᠠᠷᠭ᠎ᠠ︾ ︵︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︿ᠵᠢᠭᠠᠰᠤᠨ ᠠᠵᠤ ᠠᠬᠤᠢ ᠶᠢᠨ ᠬᠠᠤᠯᠢ﹀᠎ ᠶᠢ ᠬᠡᠷᠡᠭᠵᠢᠭᠦᠯᠬᠦ ᠠᠷᠭ᠎ᠠ︾ ᠭᠡᠵᠦ ᠲᠤᠪᠴᠢᠯᠠᠨ᠎ᠠ︶ ᠵᠡᠷᠭᠡ ᠬᠠᠤᠯᠢ ᠴᠠᠭᠠᠵᠠ᠂ ᠬᠠᠤᠯᠢ ᠲᠣᠭᠲᠠᠭᠠᠯ᠂ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠤᠨ ᠲᠣᠭᠲᠠᠭᠠᠯ ᠢ ᠥᠨᠳᠦᠰᠦᠯᠡᠨ᠂ ᠡᠳᠦᠭᠡ ᠮᠠᠨ ᠤ ᠬᠤᠰᠢᠭᠤᠨ ᠤ 2023 ᠣᠨ ᠤ ᠵᠢᠭᠠᠰᠤ ᠠᠩᠨᠠᠬᠤ ᠬᠤᠷᠢᠭᠠᠲᠠᠢ ᠬᠤᠭᠤᠴᠠᠭ᠎ᠠ᠂ ᠵᠢᠭᠠᠰᠤ ᠠᠩᠨᠠᠬᠤ ᠬᠤᠷᠢᠭᠠᠲᠠᠢ ᠣᠷᠣᠨ ᠤ ᠵᠣᠬᠢᠴᠠᠩᠭᠤᠢ ᠴᠠᠭ ᠪᠠ ᠬᠠᠮᠢᠶᠠᠷᠤᠯᠲᠠ ᠶᠢᠨ ᠬᠡᠪᠴᠢᠶ᠎ᠡ ᠶᠢ ᠳᠣᠣᠷᠠᠬᠢ ᠮᠡᠲᠦ ᠵᠠᠷᠯᠠᠶ᠎ᠠ᠄      ᠨᠢᠭᠡ᠂ ᠵᠢᠭᠠᠰᠤ ᠠᠩᠨᠠᠬᠤ ᠬᠤᠷᠢᠭᠠᠲᠠᠢ ᠬᠤᠭᠤᠴᠠᠭ᠎ᠠ᠂ ᠵᠢᠭᠠᠰᠤ ᠠᠩᠨᠠᠬᠤ ᠬᠤᠷᠢᠭᠠᠲᠠᠢ ᠣᠷᠣᠨ ᠢ ᠵᠠᠭᠠᠭᠯᠠᠨ ᠲᠣᠭᠲᠠᠭᠠᠬᠤ       ᠡᠵᠡᠨ᠎ᠡ ᠬᠤᠰᠢᠭᠤᠨ ᠤ ᠵᠠᠭᠠᠭ ᠳᠣᠲᠣᠷᠠᠬᠢ ᠤᠰᠤᠨ ᠣᠷᠣᠨ ᠤ ᠵᠢᠭᠠᠰᠤ ᠠᠩᠨᠠᠬᠤ ᠶᠢ ᠴᠠᠭᠠᠵᠠᠯᠠᠬᠤ ᠬᠤᠭᠤᠴᠠᠭ᠎ᠠ ᠨᠢ 2023 ᠣᠨ ᠤ 5 ᠳ᠋ᠤᠭᠠᠷ ᠰᠠᠷ᠎ᠠ ᠶᠢᠨ 1᠎ ᠤ ᠡᠳᠦᠷ ᠠᠴᠠ 2023 ᠣᠨ ᠤ 7 ᠳ᠋ᠤᠭᠠᠷ ᠰᠠᠷ᠎ᠠ ᠶᠢᠨ 31᠎ ᠤ ᠡᠳᠦᠷ ᠪᠣᠯᠲᠠᠯ᠎ᠠ᠃      ᠰᠤᠪᠨᠠᠭᠤᠷ᠂ ᠡᠷᠢᠶᠠᠨ ᠴᠣᠨᠵᠢ ᠶᠢᠨ ᠨᠠᠭᠤᠷ᠂ ᠰᠢᠷᠠᠨᠠᠭᠤᠷ ᠤᠨ ᠤᠰᠤᠨ ᠴᠥᠭᠦᠷᠥᠮ ᠵᠡᠷᠭᠡ ᠪᠠᠶᠢᠭᠠᠯᠢ ᠶᠢᠨ ᠤᠰᠤᠨ ᠣᠷᠣᠨ ᠤ ᠵᠢᠭᠠᠰᠤᠨ ᠤ ᠲᠥᠷᠥᠯ ᠤᠨ ᠥᠨᠳᠡᠭᠡᠯᠡᠬᠦ ᠲᠠᠯᠠᠪᠠᠶ ᠪᠠ ᠨᠡᠭᠦᠳᠡᠯᠯᠡᠬᠦ ᠭᠤᠣᠯ ᠢ ᠵᠢᠭᠠᠰᠤ ᠠᠩᠨᠠᠬᠤ ᠬᠤᠷᠢᠭᠠᠲᠠᠢ ᠣᠷᠣᠨ ᠪᠣᠯᠭᠠᠨ ᠬᠤᠪᠢᠶᠠᠷᠢᠯᠠᠨ ᠲᠣᠭᠲᠠᠭᠠᠪᠠ᠃      ᠬᠤᠶᠠᠷ᠂ ᠵᠢᠭᠠᠰᠤ ᠠᠩᠨᠠᠬᠤ ᠶᠢ ᠴᠠᠭᠠᠵᠠᠯᠠᠬᠤ ᠬᠠᠮᠢᠶᠠᠷᠤᠯᠲᠠ      ︵ᠨᠢᠭᠡ︶ ᠵᠢᠭᠠᠰᠤ ᠠᠩᠨᠠᠬᠤ ᠬᠤᠷᠢᠭᠠᠲᠠᠢ ᠬᠤᠭᠤᠴᠠᠭᠠᠨ ᠳᠤ ᠶᠠᠮᠠᠷᠪᠠ ᠨᠢᠭᠡᠴᠢ ᠪᠠ ᠬᠤᠪᠢ ᠬᠥᠮᠥᠨ ᠤ ᠵᠢᠭᠠᠰᠤ ᠠᠩᠨᠠᠬᠤ ᠬᠤᠷᠢᠭᠠᠲᠠᠢ ᠣᠷᠣᠨ ᠳᠤ ᠠᠩᠨᠠᠵᠤ ᠱᠦᠭᠦᠬᠦ ᠪᠤᠶᠤ ᠬᠠᠤᠯᠢ ᠪᠤᠰᠤ ᠪᠠᠷ ᠠᠩᠨᠠᠵᠤ ᠱᠦᠭᠦᠭᠰᠡᠨ ᠵᠢᠭᠠᠰᠤ ᠪᠠᠨ ᠬᠤᠳᠠᠯᠳᠤᠨ ᠠᠪᠬᠤ᠂ ᠵᠥᠭᠡᠭᠡᠪᠦᠷᠢᠯᠡᠬᠦ᠂ ᠬᠠᠳᠠᠭᠠᠯᠠᠬᠤ᠂ ᠪᠣᠷᠣᠯᠠᠭᠤᠯᠬᠤ ᠶᠢ ᠴᠠᠭᠠᠵᠠᠯᠠᠨ᠎ᠠ᠃      ︵ᠬᠤᠶᠠᠷ︶ ᠵᠢᠭᠠᠰᠤ ᠠᠩᠨᠠᠬᠤ ᠶᠢ ᠴᠠᠭᠠᠵᠠᠯᠠᠬᠤ ᠬᠤᠭᠤᠴᠠᠭᠠᠨ ᠳᠤ ᠦᠷᠡᠵᠢᠭᠦᠯᠬᠦ᠂ ᠰᠢᠨᠵᠢᠯᠡᠬᠦ ᠤᠬᠠᠭᠠᠨ ᠤ ᠰᠤᠳᠤᠯᠤᠯ ᠬᠢᠬᠦ ᠵᠡᠷᠭᠡ ᠣᠨᠴᠣᠭᠤᠢ ᠬᠡᠷᠡᠭᠴᠡᠭᠡ ᠠᠴᠠ ᠪᠣᠯᠵᠤ᠂ ᠥᠪᠡᠷᠲᠡᠭᠡᠨ ᠵᠠᠰᠠᠬᠤ ᠣᠷᠣᠨ ᠤ ᠴᠢᠬᠤᠯᠠ ᠵᠢᠭᠠᠰᠤᠨ ᠠᠵᠤ ᠠᠬᠤᠢ ᠶᠢᠨ ᠤᠰᠤᠨ ᠣᠷᠣᠨ ᠲᠤ ᠠᠩᠨᠠᠵᠤ ᠱᠦᠭᠦᠬᠦ ᠠᠵᠢᠯ ᠬᠢᠬᠦ ᠳᠤ᠂ ᠡᠷᠬᠡᠪᠰᠢ ᠠᠶᠢᠮᠠᠭ ᠬᠤᠳᠠ ᠶᠢᠨ ᠵᠢᠭᠠᠰᠤᠨ ᠠᠵᠤ ᠠᠬᠤᠢ ᠶᠢᠨ ᠵᠠᠰᠠᠭ ᠵᠠᠬᠢᠷᠭᠠᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠢᠶᠠᠷ ᠬᠢᠨᠠᠭᠤᠯᠵᠤ᠂ ᠥᠪᠡᠷᠲᠡᠭᠡᠨ ᠵᠠᠰᠠᠬᠤ ᠣᠷᠣᠨ ᠤ ᠵᠢᠭᠠᠰᠤᠨ ᠠᠵᠤ ᠠᠬᠤᠢ ᠶᠢᠨ ᠵᠠᠰᠠᠭ ᠵᠠᠬᠢᠷᠭᠠᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ ᠮᠡᠳᠡᠭᠦᠯᠵᠦ ᠬᠢᠨᠠᠨ ᠵᠥᠪᠰᠢᠶᠡᠷᠡᠭᠦᠯᠬᠦ ᠬᠡᠷᠡᠭᠲᠡᠢ᠃᡾ᠪᠤᠰᠤᠳ ᠵᠢᠭᠠᠰᠤᠨ ᠠᠵᠤ ᠠᠬᠤᠢ ᠶᠢᠨ ᠤᠰᠤᠨ ᠣᠷᠣᠨ ᠳᠤ ᠠᠩᠨᠠᠵᠤ ᠱᠦᠭᠦᠬᠦ ᠠᠵᠢᠯ ᠬᠢᠬᠦ ᠳᠤ᠂ ᠠᠶᠢᠮᠠᠭ ᠬᠤᠳᠠ ᠶᠢᠨ ᠵᠢᠭᠠᠰᠤᠨ ᠠᠵᠤ ᠠᠬᠤᠢ ᠶᠢᠨ ᠵᠠᠰᠠᠭ ᠵᠠᠬᠢᠷᠭᠠᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠬᠢᠨᠠᠨ ᠵᠦᠪᠰᠢᠶᠡᠷᠡᠭᠦᠯᠵᠦ᠂ ᠥᠪᠡᠷᠲᠡᠭᠡᠨ ᠵᠠᠰᠠᠬᠤ ᠣᠷᠣᠨ ᠤ ᠵᠢᠭᠠᠰᠤᠨ ᠠᠵᠤ ᠠᠬᠤᠢ ᠶᠢᠨ ᠵᠠᠰᠠᠭ ᠵᠠᠬᠢᠷᠭᠠᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ ᠮᠡᠳᠡᠭᠦᠯᠵᠦ ᠳᠠᠩᠰᠠᠯᠠᠭᠤᠯᠬᠤ ᠬᠡᠷᠡᠭᠲᠡᠢ᠃      ︵ᠭᠤᠷᠪᠠ︶ ᠵᠢᠭᠠᠰᠤᠨ ᠠᠵᠤ ᠠᠬᠤᠢ ᠶᠢᠨ ᠵᠠᠰᠠᠭ ᠵᠠᠬᠢᠷᠭᠠᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠳᠣᠲᠣᠭᠠᠳᠤ ᠶᠢ ᠬᠠᠮᠠᠭᠠᠯᠠᠬᠤ᠂ ᠬᠢᠯᠢ ᠶᠢᠨ ᠬᠠᠮᠠᠭᠠᠯᠠᠯᠲᠠ᠂ ᠪᠠᠶᠢᠭᠠᠯᠢ ᠶᠢᠨ ᠡᠬᠢ ᠪᠠᠶᠠᠯᠢᠭ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠵᠡᠷᠭᠡ ᠬᠤᠯᠪᠣᠭᠳᠠᠯ ᠪᠦᠬᠦᠢ ᠰᠠᠯᠠᠭ᠎ᠠ ᠮᠥᠴᠢᠷ ᠯᠦᠭᠡ ᠨᠢᠭᠲᠠ ᠬᠠᠮᠵᠢᠯᠴᠠᠨ᠂ ︽ᠵᠢᠭᠠᠰᠤᠨ ᠠᠵᠤ ᠠᠬᠤᠢ ᠶᠢᠨ ᠬᠠᠤᠯᠢ︾ ᠪᠣᠯᠣᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ       ︿ᠵᠢᠭᠠᠰᠤᠨ ᠠᠵᠤ ᠠᠬᠤᠢ ᠶᠢᠨ ᠬᠠᠤᠯᠢ﹀᠎ ᠶᠢ ᠬᠡᠷᠡᠭᠵᠢᠭᠦᠯᠬᠦ ᠠᠷᠭ᠎ᠠ︾᠎ ᠶᠢᠨ ᠲᠣᠭᠲᠠᠭᠠᠯ ᠶᠣᠰᠣᠭᠠᠷ᠂ ᠴᠠᠬᠢᠯᠭᠠᠨ ᠢᠶᠠᠷ ᠵᠢᠭᠠᠰᠤ ᠠᠩᠨᠠᠬᠤ᠂ ᠵᠢᠭᠠᠰᠤ ᠶᠢ ᠬᠤᠤᠷᠳᠠᠭᠤᠯᠤᠨ ᠠᠩᠨᠠᠬᠤ᠂ ᠳᠡᠯᠪᠡᠴᠢᠬᠦ ᠠᠷᠭ᠎ᠠ ᠪᠠᠷ ᠵᠢᠭᠠᠰᠤ ᠠᠩᠨᠠᠬᠤ ᠵᠢᠴᠢ ᠳᠤᠷ᠎ᠠ ᠪᠠᠷ ᠢᠶᠠᠨ ᠠᠩᠨᠠᠵᠤ ᠱᠦᠭᠦᠬᠦ ᠵᠡᠷᠭᠡ ᠵᠢᠭᠠᠰᠤᠨ ᠠᠵᠤ ᠠᠬᠤᠢ ᠶᠢᠨ ᠡᠬᠢ ᠪᠠᠶᠠᠯᠢᠭ ᠪᠣᠯᠣᠨ ᠵᠢᠭᠠᠰᠤᠨ ᠠᠵᠤ ᠠᠬᠤᠢ ᠶᠢᠨ ᠤᠰᠤᠨ ᠣᠷᠣᠨ ᠤ ᠣᠷᠴᠢᠨ ᠲᠣᠭᠤᠷᠢᠨ ᠢ ᠡᠪᠳᠡᠬᠦ ᠬᠠᠤᠯᠢ ᠠᠴᠠ ᠵᠥᠷᠢᠴᠡᠭᠰᠡᠨ ᠥᠢᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠬᠦᠨ᠎ᠡ᠃ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠢ ᠵᠥᠷᠢᠴᠡᠭᠰᠡᠨ ᠪᠠᠶᠢᠪᠠᠯ᠂ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠰᠢᠢᠳᠪᠦᠷᠢᠯᠡᠨ᠎ᠡ᠃ ᠶᠠᠯ᠎ᠠ ᠪᠣᠯᠵᠤ ᠪᠦᠷᠢᠯᠳᠦᠭᠰᠡᠨ ᠪᠠᠶᠢᠪᠠᠯ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠃       ︵ᠳᠥᠷᠪᠡ︶ ᠵᠢᠭᠠᠰᠤᠨ ᠶᠠᠪᠤᠳᠠᠯ ᠤᠨ ᠠᠵᠢᠯᠲᠠᠨ ᠬᠡᠭᠡᠷ᠎ᠡ ᠭᠠᠳᠠᠨ᠎ᠠ ᠬᠠᠤᠯᠢ ᠬᠡᠷᠡᠭᠵᠢᠭᠦᠯᠬᠦ ᠳᠡᠭᠡᠨ ᠵᠢᠭᠠᠰᠤ ᠠᠩᠨᠠᠬᠤ ᠬᠤᠷᠢᠭᠠᠲᠠᠢ ᠬᠤᠭᠤᠴᠠᠭ᠎ᠠ᠂ ᠵᠢᠭᠠᠰᠤ ᠠᠩᠨᠠᠬᠤ ᠬᠤᠷᠢᠭᠠᠲᠠᠢ ᠣᠷᠣᠨ ᠤ ᠲᠣᠭᠲᠠᠭᠠᠯ ᠢ ᠵᠥᠷᠢᠴᠡᠨ ᠬᠠᠤᠯᠢ ᠪᠤᠰᠤ ᠪᠠᠷ ᠠᠩᠨᠠᠵᠤ ᠱᠦᠭᠦᠭᠰᠡᠨ ᠪᠥᠭᠡᠳ ᠪᠣᠳᠠᠲᠤ ᠬᠡᠷᠡᠭ ᠨᠢ ᠲᠣᠳᠣᠷᠬᠠᠢ᠂ ᠭᠡᠷᠡᠴᠢ ᠪᠠᠷᠢᠮᠲᠠ ᠨᠢ ᠦᠨᠡᠨ  ᠪᠣᠯᠪᠠᠴᠤ ᠲᠤᠬᠠᠢ ᠶᠢᠨ ᠭᠠᠵᠠᠷ ᠲᠤᠨᠢ ᠬᠠᠤᠯᠢ ᠳᠤ ᠲᠣᠭᠲᠠᠭᠠᠭᠰᠠᠨ ᠵᠢᠷᠤᠮ ᠤᠨ ᠶᠣᠰᠣᠭᠠᠷ ᠵᠠᠰᠠᠭ ᠵᠠᠬᠢᠷᠭᠠᠨ ᠤ ᠰᠢᠳᠬᠡᠯ ᠥᠭᠬᠦ ᠲᠣᠭᠲᠠᠭᠠᠯ ᠭᠠᠷᠭᠠᠵᠤ ᠬᠡᠷᠡᠭᠵᠢᠭᠦᠯᠵᠦ ᠴᠢᠳᠠᠬᠤ ᠦᠭᠡᠢ ᠪᠠᠶᠢᠪᠠᠯ᠂ ᠠᠩᠨᠠᠵᠤ ᠱᠦᠭᠦᠬᠦ ᠶᠢ ᠵᠥᠪᠰᠢᠶᠡᠷᠡᠭᠰᠡᠨ ᠦᠨᠡᠮᠯᠡᠯ᠂ ᠵᠢᠭᠠᠰᠤ ᠠᠩᠨᠠᠬᠤ ᠪᠠᠭᠠᠵᠢ ᠬᠡᠷᠡᠭᠯᠡᠭᠦᠷ᠂ ᠵᠢᠭᠠᠰᠤᠨ ᠣᠩᠭᠤᠴᠠ ᠵᠢᠴᠢ ᠠᠩᠨᠠᠵᠤ ᠱᠦᠭᠦᠬᠦ ᠪᠠᠭᠠᠵᠢ ᠬᠡᠷᠡᠭᠯᠡᠭᠦᠷ ᠢ ᠬᠠᠤᠯᠢ ᠶᠣᠰᠣᠭᠠᠷ ᠤᠷᠢᠳᠠᠪᠠᠷ ᠲᠦᠷ ᠦᠯᠡᠳᠡᠭᠡᠨ ᠠᠪᠴᠤ᠂ ᠠᠷᠪᠠᠨ ᠲᠠᠪᠤᠨ ᠡᠳᠦᠷ ᠤᠨ ᠳᠣᠲᠣᠷ᠎ᠠ ᠬᠠᠤᠯᠢ ᠶᠣᠰᠣᠭᠠᠷ ᠵᠠᠰᠠᠭ ᠵᠠᠬᠢᠷᠭᠠᠨ ᠤ ᠰᠢᠳᠬᠡᠯ ᠥᠭᠬᠦ ᠲᠣᠭᠲᠠᠭᠠᠯ ᠭᠠᠷᠭᠠᠵᠤ ᠪᠣᠯᠣᠨ᠎ᠠ᠃                                       2023 ᠣᠨ ᠤ 4 ᠰᠠᠷ᠎ᠠ ᠶᠢᠨ 21᠎ ᠤ ᠡᠳᠦᠷ 
 
ᠢᠷᠡᠯᠲᠡ᠄ ᠡᠵᠡᠨ᠎ᠡ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号