2023 ᠣᠨ ᠤ ᠪᠡᠯᠴᠢᠭᠡᠷᠯᠡᠭᠦᠯᠬᠦ ᠶᠢ ᠵᠤᠭᠰᠤᠭᠠᠵᠤ ᠪᠡᠯᠴᠢᠭᠡᠷ ᠢ ᠰᠡᠷᠭᠦᠭᠡᠬᠦ ᠪᠠ ᠮᠠᠯ ᠪᠡᠯᠴᠢᠭᠡᠷ ᠢ ᠲᠡᠩᠴᠡᠭᠦᠷᠢᠰᠢᠭᠦᠯᠬᠦ ᠠᠵᠢᠯ ᠤᠨ ᠲᠤᠬᠠᠢ ᠡᠵᠡᠨ᠎ᠡ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠵᠠᠷ
ᠨᠡᠶᠢᠲᠡᠯᠡᠭᠰᠡᠨ ᠴᠠᠭ᠄
2023/4/3
      ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ ᠨᠤᠲᠤᠭ ᠪᠡᠯᠴᠢᠭᠡᠷ ᠤᠨ ᠠᠮᠢ ᠠᠬᠤᠢ ᠶᠢᠨ ᠡᠬᠢ ᠪᠠᠶᠠᠯᠢᠭ ᠢ ᠰᠢᠨᠵᠢᠯᠡᠬᠦ ᠤᠬᠠᠭᠠᠨᠴᠢ ᠪᠠᠷ ᠵᠦᠢ ᠵᠣᠬᠢᠰᠲᠠᠢ ᠬᠠᠮᠠᠭᠠᠯᠠᠨ ᠠᠰᠢᠭᠯᠠᠵᠤ᠂ ᠮᠠᠯ ᠠᠵᠤ ᠠᠬᠤᠢ ᠪᠣᠯᠣᠨ ᠨᠤᠲᠤᠭ ᠪᠡᠯᠴᠢᠭᠡᠷ ᠤᠨ ᠠᠮᠢ ᠠᠬᠤᠢ ᠶᠢᠨ ᠵᠣᠬᠢᠴᠠᠩᠭᠤᠢ ᠬᠥᠭᠵᠢᠯᠲᠡ ᠶᠢ ᠪᠦᠬᠦ ᠲᠠᠯ᠎ᠠ ᠪᠠᠷ ᠠᠬᠢᠭᠤᠯᠵᠤ᠂ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠵᠢᠴᠢ ᠨᠤᠲᠤᠭ ᠪᠡᠯᠴᠢᠭᠡᠷ ᠢ ᠲᠤᠰᠬᠠᠶᠢᠯᠠᠨ ᠴᠡᠭᠴᠡᠯᠡᠨ ᠵᠠᠰᠠᠭᠰᠠᠨ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠵᠦ᠂ ᠳᠡᠭᠡᠳᠦ ᠱᠠᠲᠤᠨ ᠤ ᠬᠠᠮᠢᠶ᠎ᠠ ᠪᠦᠬᠦᠢ ᠪᠢᠴᠢᠭ ᠮᠠᠲ᠋ᠧᠷᠢᠶᠠᠯ ᠵᠢᠴᠢ ︽ᠡᠵᠡᠨ᠎ᠡ ᠬᠤᠰᠢᠭᠤᠨ ᠤ ᠭᠤᠷᠪᠠᠳᠤᠭᠠᠷ ᠡᠭᠡᠯᠵᠢ ᠶᠢᠨ ᠨᠤᠲᠤᠭ ᠪᠡᠯᠴᠢᠭᠡᠷ ᠤᠨ ᠠᠮᠢ ᠠᠬᠤᠢ ᠶᠢᠨ ᠬᠠᠮᠠᠭᠠᠯᠠᠯᠲᠠ ᠶᠢᠨ ᠨᠥᠬᠦᠪᠦᠷᠢ ᠱᠠᠩᠨᠠᠯ ᠤᠨ ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ ᠲᠥᠰᠥᠯ ︵2021 ︱ 2025 ᠣᠨ︶︾ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠪᠠ ᠬᠠᠮᠢᠶ᠎ᠠ ᠪᠦᠬᠦᠢ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠦᠨᠳᠦᠰᠦᠯᠡᠨ᠂ ᠮᠠᠨ ᠤ ᠬᠤᠰᠢᠭᠤᠨ ᠤ ᠪᠡᠯᠴᠢᠭᠡᠷᠯᠡᠭᠦᠯᠬᠦ ᠶᠢ ᠵᠤᠭᠰᠤᠭᠠᠵᠤ ᠪᠡᠯᠴᠢᠭᠡᠷ ᠢ ᠰᠡᠷᠭᠦᠭᠡᠬᠦ ᠪᠠ ᠮᠠᠯ ᠪᠡᠯᠴᠢᠭᠡᠷ ᠢ ᠲᠡᠩᠴᠡᠭᠦᠷᠢᠰᠢᠭᠦᠯᠬᠦ ᠠᠵᠢᠯ ᠤᠨ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠳᠣᠣᠷᠠᠬᠢ ᠮᠡᠲᠦ ᠠᠯᠪᠠᠨ ᠵᠠᠷ ᠢ ᠨᠡᠶᠢᠲᠡᠯᠡᠨ᠎ᠡ᠄      ᠨᠢᠭᠡ᠂ ᠪᠡᠯᠴᠢᠭᠡᠷᠯᠡᠭᠦᠯᠬᠦ ᠶᠢ ᠵᠤᠭᠰᠤᠭᠠᠵᠤ ᠪᠡᠯᠴᠢᠭᠡᠷ ᠢ ᠰᠡᠷᠭᠦᠭᠡᠬᠦ ᠪᠠ ᠮᠠᠯ ᠪᠡᠯᠴᠢᠭᠡᠷ ᠢ ᠲᠡᠩᠴᠡᠭᠦᠷᠢᠰᠢᠭᠦᠯᠬᠦ ᠤᠬᠠᠭᠳᠠᠬᠤᠨᠪᠡᠯᠴᠢᠭᠡᠷᠯᠡᠭᠦᠯᠬᠦ ᠶᠢ ᠵᠣᠭᠰᠤᠭᠠᠬᠤ ᠭᠡᠳᠡᠭ ᠪᠣᠯ ᠶᠡᠭᠡ ᠬᠡᠮᠵᠢᠶᠡᠨ ᠤ ᠮᠠᠭᠤᠵᠢᠷᠠᠭᠰᠠᠨ᠂ ᠡᠯᠡᠰᠦᠷᠬᠡᠭᠵᠢᠭᠰᠡᠨ ᠨᠤᠲᠤᠭ ᠪᠡᠯᠴᠢᠭᠡᠷ᠂ ᠪᠡᠯᠴᠢᠭᠡᠷᠯᠡᠭᠦᠯᠦᠨ ᠠᠰᠢᠭᠯᠠᠬᠤ ᠳᠤ ᠲᠣᠬᠢᠷᠠᠮᠵᠢ ᠦᠭᠡᠢ ᠳᠤᠮᠳᠠ ᠬᠡᠮᠵᠢᠶᠡᠨ ᠤ ᠮᠠᠭᠤᠵᠢᠷᠠᠵᠤ ᠡᠯᠡᠰᠦᠷᠬᠡᠭᠵᠢᠭᠰᠡᠨ ᠨᠤᠲᠤᠭ ᠪᠡᠯᠴᠢᠭᠡᠷ᠂ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠪᠣᠯᠣᠨ ᠴᠢᠬᠤᠯᠠ ᠴᠢᠭᠢᠭᠯᠢᠭ ᠭᠠᠵᠠᠷ ᠤᠨ ᠨᠤᠲᠤᠭ ᠪᠡᠯᠴᠢᠭᠡᠷ ᠵᠢᠴᠢ ᠪᠡᠯᠴᠢᠭᠡᠷᠯᠡᠭᠦᠯᠬᠦ ᠶᠢ  ᠵᠤᠭᠰᠤᠭᠠᠬᠤ ᠴᠢᠬᠤᠯᠠ ᠲᠠᠢ ᠪᠤᠰᠤᠳ ᠨᠤᠲᠤᠭ ᠪᠡᠯᠴᠢᠭᠡᠷ ᠲᠤ ᠨᠢᠭᠡ ᠵᠢᠯ ᠠᠴᠠ ᠳᠡᠭᠡᠭᠰᠢ ᠪᠡᠯᠴᠢᠭᠡᠷᠯᠡᠭᠦᠯᠦᠨ ᠠᠰᠢᠭᠯᠠᠬᠤ ᠶᠢ ᠵᠤᠭᠰᠤᠭᠠᠬᠤ ᠬᠠᠮᠠᠭᠠᠯᠠᠯᠲᠠ ᠶᠢᠨ ᠠᠷᠭ᠎ᠠ ᠬᠡᠮᠵᠢᠶ᠎ᠡ ᠶᠢ ᠬᠡᠷᠡᠭᠵᠢᠭᠦᠯᠵᠦ᠂ ᠪᠡᠯᠴᠢᠭᠡᠷᠯᠡᠭᠦᠯᠬᠦ ᠶᠢ ᠵᠣᠭᠰᠤᠭᠠᠬᠤ ᠣᠷᠣᠨ ᠢ ᠲᠠᠪᠤᠨ ᠵᠢᠯ ᠳᠤ ᠨᠢᠭᠡ ᠤᠳᠠᠭ᠎ᠠ ᠵᠠᠭᠠᠭᠯᠠᠨ ᠲᠣᠭᠲᠠᠭᠠᠬᠤ ᠶᠢ ᠵᠢᠭᠠᠵᠤ ᠪᠠᠶᠢᠨ᠎ᠠ᠃ ᠪᠡᠯᠴᠢᠭᠡᠷᠯᠡᠭᠦᠯᠬᠦ ᠶᠢ ᠵᠣᠭᠰᠤᠭᠠᠬᠤ ᠣᠷᠣᠨ ᠤ ᠨᠤᠲᠤᠭ ᠪᠡᠯᠴᠢᠭᠡᠷ ᠲᠤ ᠡᠪᠡᠰᠦ ᠬᠠᠳᠤᠬᠤ ᠶᠢ ᠴᠢᠩᠭ᠎ᠠ ᠬᠢᠵᠠᠭᠠᠷᠯᠠᠵᠤ᠂ ᠤᠷᠭᠤᠮᠠᠯ ᠤᠨ ᠬᠤᠴᠢᠯᠭ᠎ᠠ ᠨᠢ ᠨᠡᠯᠢᠶᠡᠳ ᠰᠠᠶᠢᠨ ᠰᠡᠷᠭᠦᠭᠰᠡᠨ ᠪᠡᠯᠴᠢᠭᠡᠷᠯᠡᠭᠦᠯᠬᠦ ᠶᠢ ᠴᠠᠭᠠᠵᠠᠯᠠᠬᠤ ᠣᠷᠣᠨ ᠳᠤ ᠬᠤᠰᠢᠭᠤ ᠰᠢᠶᠠᠨ ᠤ ᠱᠠᠲᠤᠨ ᠤ ᠠᠷᠠᠳ ᠤᠨ ᠵᠠᠰᠠᠭ ᠤᠨ ᠣᠷᠳᠣᠨ ᠤ ᠨᠤᠲᠤᠭ ᠪᠡᠯᠴᠢᠭᠡᠷ ᠤᠨ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠢᠶᠠᠷ ᠵᠥᠪᠰᠢᠶᠡᠷᠡᠭᠦᠯᠦᠭᠰᠡᠨ ᠤ ᠲᠠᠷᠠᠭ᠎ᠠ᠂ ᠬᠠᠮᠠᠭᠠᠯᠠᠯᠲᠠ ᠶᠢᠨ ᠴᠢᠨᠠᠷᠲᠠᠢ ᠡᠪᠡᠰᠦ ᠬᠠᠳᠤᠵᠤ ᠪᠣᠯᠣᠨ᠎ᠠ᠃      ᠪᠡᠯᠴᠢᠭᠡᠷ ᠢ ᠰᠡᠷᠭᠦᠭᠡᠬᠦ ᠭᠡᠳᠡᠭ ᠨᠢ ᠮᠠᠯ ᠪᠡᠯᠴᠢᠭᠡᠷ ᠢ ᠲᠡᠩᠴᠡᠭᠦᠷᠢᠰᠢᠭᠦᠯᠬᠦ ᠣᠷᠣᠨ ᠳᠤ ᠤᠯᠠᠷᠢᠯ ᠤᠨ ᠴᠢᠨᠠᠷᠲᠠᠢ ᠪᠡᠯᠴᠢᠭᠡᠷᠯᠡᠭᠦᠯᠬᠦ ᠶᠢ ᠵᠣᠭᠰᠤᠭᠠᠬᠤ ᠠᠷᠭ᠎ᠠ ᠬᠡᠮᠵᠢᠶ᠎ᠡ ᠶᠢ ᠬᠡᠷᠡᠭᠵᠢᠭᠦᠯᠵᠦ᠂ ᠡᠵᠡᠨ᠎ᠡ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠠᠴᠠ ᠲᠤᠬᠠᠢ ᠶᠢᠨ ᠭᠠᠵᠠᠷ ᠤᠨ ᠠᠭᠤᠷ ᠠᠮᠢᠰᠬᠤᠯ ᠤᠨ ᠨᠥᠬᠦᠴᠡᠯ ᠪᠠ ᠪᠡᠯᠴᠢᠭᠡᠷ ᠡᠪᠡᠰᠦᠨ ᠤ ᠤᠷᠭᠤᠯᠲᠠ ᠶᠢᠨ ᠵᠢᠮ᠎ᠡ ᠶᠣᠰᠣ ᠶᠢ ᠦᠨᠳᠦᠰᠦᠯᠡᠨ᠂ ᠵᠢᠯ ᠪᠦᠷᠢ ᠶᠢᠨ ᠪᠡᠯᠴᠢᠭᠡᠷ ᠡᠪᠡᠰᠦ ᠨᠣᠭᠤᠭᠠᠷᠠᠬᠤ ᠬᠤᠭᠤᠴᠠᠭᠠᠨ ᠳᠤ ᠪᠡᠯᠴᠢᠭᠡᠷ ᠢ ᠰᠡᠷᠭᠦᠭᠡᠬᠦ ᠶᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠪᠡᠯᠴᠢᠭᠡᠷ ᠢ ᠰᠡᠷᠭᠦᠭᠡᠬᠦ ᠬᠤᠭᠤᠴᠠᠭ᠎ᠠ ᠶᠢ ᠳᠥᠴᠢᠨ ᠲᠠᠪᠤᠨ ᠡᠳᠦᠷ ᠠᠴᠠ  ᠲᠤᠷᠤᠭᠰᠢ ᠪᠠᠶᠢᠯᠭᠠᠵᠤ ᠪᠣᠯᠬᠤ ᠦᠭᠡᠢ᠃      ᠮᠠᠯ ᠪᠡᠯᠴᠢᠭᠡᠷ ᠢ ᠲᠡᠩᠴᠡᠭᠦᠷᠢᠰᠢᠭᠦᠯᠬᠦ ᠭᠡᠳᠡᠭ ᠨᠢ ᠨᠤᠲᠤᠭ ᠪᠡᠯᠴᠢᠭᠡᠷ ᠳᠡᠭᠡᠷ᠎ᠡ ᠦᠢᠯᠡᠳᠪᠦᠷᠢᠯᠡᠭᠰᠡᠨ᠂ ᠵᠦᠢ ᠵᠣᠬᠢᠰᠲᠠᠢ ᠠᠰᠢᠭᠯᠠᠵᠤ ᠪᠣᠯᠬᠤ ᠲᠡᠵᠢᠭᠡᠯ ᠡᠪᠡᠰᠦᠨ ᠤ ᠬᠡᠮᠵᠢᠶ᠎ᠡ ᠬᠢᠭᠡᠳ ᠮᠠᠯ ᠮᠠᠯᠵᠢᠬᠤ ᠳᠤ ᠬᠡᠷᠡᠭᠰᠡᠬᠦ ᠲᠡᠵᠢᠭᠡᠯ ᠡᠪᠡᠰᠦᠨ ᠤ ᠬᠡᠮᠵᠢᠶ᠎ᠡ ᠶᠢᠨ ᠬᠥᠳᠡᠯᠦᠩᠭᠦᠢ ᠲᠡᠩᠴᠡᠭᠦᠷᠢ ᠶᠢ ᠪᠠᠲᠤᠯᠠᠬᠤ ᠶᠢ ᠵᠢᠭᠠᠵᠤ ᠪᠠᠶᠢᠨ᠎ᠠ᠃ ᠮᠠᠯ ᠪᠡᠯᠴᠢᠭᠡᠷ ᠢ ᠲᠡᠩᠴᠡᠭᠦᠷᠢᠰᠢᠭᠦᠯᠬᠦ ᠣᠷᠣᠨ ᠳᠤ ᠨᠤᠲᠤᠭ ᠪᠡᠯᠴᠢᠭᠡᠷ ᠤᠨ ᠳᠠᠭᠠᠭᠠᠴᠠ ᠶᠢᠨ ᠴᠢᠳᠠᠪᠤᠷᠢ ᠶᠢ ᠦᠨᠳᠦᠰᠦᠯᠡᠨ ᠲᠣᠬᠢᠷᠠᠮᠵᠢᠲᠠᠢ ᠮᠠᠯ ᠤᠨ ᠲᠤᠭ᠎ᠠ ᠶᠢ ᠲᠣᠭᠲᠠᠭᠠᠵᠤ᠂ ᠪᠡᠯᠴᠢᠭᠡᠷ ᠰᠡᠷᠭᠦᠭᠡᠬᠦ ᠳᠦᠷᠢᠮ ᠢ ᠴᠢᠩᠭ᠎ᠠ ᠬᠡᠷᠡᠭᠵᠢᠭᠦᠯᠵᠦ᠂ ᠪᠡᠯᠴᠢᠭᠡᠷ ᠢᠶᠠᠨ ᠬᠤᠪᠢᠶᠠᠨ ᠰᠡᠯᠭᠦᠨ ᠮᠠᠯᠵᠢᠬᠤ ᠶᠢ ᠵᠣᠷᠢᠭᠵᠢᠭᠤᠯᠬᠤ ᠬᠡᠷᠡᠭᠲᠡᠢ᠃      ᠬᠤᠶᠠᠷ᠂ ᠪᠡᠯᠴᠢᠭᠡᠷᠯᠡᠭᠦᠯᠬᠦ ᠶᠢ ᠵᠤᠭᠰᠤᠭᠠᠵᠤ ᠪᠡᠯᠴᠢᠭᠡᠷ ᠢ ᠰᠡᠷᠭᠦᠭᠡᠬᠦ ᠪᠠ ᠮᠠᠯ ᠪᠡᠯᠴᠢᠭᠡᠷ ᠢ ᠲᠡᠩᠴᠡᠭᠦᠷᠢᠰᠢᠭᠦᠯᠬᠦ ᠠᠵᠢᠯ ᠤᠨ ᠲᠤᠬᠠᠢ      ︵ᠨᠢᠭᠡ︶ ᠪᠣᠶ ᠪᠦᠬᠦᠢ ᠣᠶᠢᠲᠤ ᠭᠠᠵᠠᠷ᠂ ᠴᠢᠭᠢᠭᠯᠢᠭ ᠭᠠᠵᠠᠷ ᠪᠠ ᠲᠣᠣᠷᠠᠢ ᠶᠢᠨ ᠣᠶᠢᠲᠤ ᠣᠷᠣᠨ ᠢ ᠪᠡᠯᠴᠢᠭᠡᠷᠯᠡᠭᠦᠯᠬᠦ ᠶᠢ ᠵᠣᠭᠰᠤᠭᠠᠬᠤ ᠣᠷᠣᠨ ᠪᠣᠯᠭᠠᠵᠤ᠂ ᠪᠥᠬᠦ ᠵᠢᠯ ᠳᠤ ᠮᠠᠯ ᠬᠠᠷᠢᠭᠤᠯᠵᠤ ᠪᠣᠯᠬᠤ ᠦᠭᠡᠢ᠃ ᠮᠠᠯ ᠪᠡᠯᠴᠢᠭᠡᠷ ᠢ ᠲᠡᠩᠴᠡᠭᠦᠷᠢᠰᠢᠭᠦᠯᠬᠦ ᠣᠷᠣᠨ ᠪᠦᠰᠡ ᠪᠠᠷ ᠵᠠᠭᠠᠭᠯᠠᠨ ᠲᠣᠭᠲᠠᠭᠠᠭᠰᠠᠨ ᠪᠠᠶᠢᠪᠠᠯ᠂ 2023 ᠣᠨ ᠤ 4 ᠳ᠋ᠦ᠋ᠭᠡᠷ ᠰᠠᠷ᠎ᠠ ᠶᠢᠨ 10᠎ ᠤ ᠡᠳᠦᠷ ᠠᠴᠠ ᠡᠬᠢᠯᠡᠨ 5 ᠳ᠋ᠤᠭᠠᠷ ᠰᠠᠷ᠎ᠠ ᠶᠢᠨ 25᠎ ᠤ ᠡᠳᠦᠷ ᠪᠣᠯᠲᠠᠯ᠎ᠠ ᠤᠯᠠᠷᠢᠯ ᠤᠨ ᠴᠢᠨᠠᠷᠲᠠᠢ ᠪᠡᠯᠴᠢᠭᠡᠷᠯᠡᠭᠦᠯᠬᠦ ᠶᠢ ᠵᠣᠭᠰᠤᠭᠠᠬᠤ ᠶᠢ ᠬᠡᠷᠡᠭᠵᠢᠭᠦᠯᠦᠨ᠎ᠡ᠃ ᠡᠯ᠎ᠡ ᠰᠤᠮᠤ ᠪᠠᠯᠭᠠᠰᠤ᠂ ᠭᠠᠴᠠᠭ᠎ᠠ᠂ ᠤᠯᠤᠰ ᠤᠨ ᠲᠠᠷᠢᠶᠠᠯᠠᠩ ᠮᠠᠯᠵᠢᠯ ᠤᠨ ᠲᠠᠯᠠᠪᠠᠶ ᠵᠢᠴᠢ ᠥᠷᠭᠡᠨ ᠣᠯᠠᠨ ᠮᠠᠯᠴᠢᠳ ᠤᠷᠢᠳᠴᠢᠯᠠᠨ ᠲᠥᠯᠥᠪᠵᠢᠭᠦᠯᠦᠨ ᠪᠡᠯᠡᠳᠬᠡᠵᠦ᠂ ᠪᠡᠯᠴᠢᠭᠡᠷ ᠢ ᠰᠡᠷᠭᠦᠭᠡᠬᠦ ᠬᠤᠭᠤᠴᠠᠭᠠᠨ ᠳᠠᠬᠢ ᠡᠪᠡᠰᠦ ᠪᠣᠷᠳᠤᠭ᠎ᠠ ᠶᠢ ᠲᠣᠬᠢᠷᠠᠭᠤᠯᠤᠨ ᠬᠤᠳᠠᠯᠳᠤᠨ ᠠᠪᠬᠤ᠂ ᠨᠥᠭᠡᠴᠡᠯᠡᠬᠦ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠮᠠᠯᠵᠢᠬᠤ ᠶᠢ ᠵᠣᠭᠰᠣᠭᠠᠵᠤ ᠪᠡᠯᠴᠢᠭᠡᠷ ᠢ ᠰᠡᠷᠭᠦᠭᠡᠬᠦ ᠬᠤᠭᠤᠴᠠᠭᠠᠨ ᠳᠠᠬᠢ ᠪᠣᠶ ᠪᠦᠬᠦᠢ ᠮᠠᠯ ᠢ ᠪᠦᠬᠦᠨ ᠢ ᠬᠠᠰᠢᠶᠠᠯᠠᠨ ᠲᠡᠵᠢᠭᠡᠵᠦ᠂ ᠨᠤᠲᠤᠭ ᠪᠡᠯᠴᠢᠭᠡᠷ ᠳᠡᠭᠡᠷ᠎ᠡ ᠮᠠᠯᠵᠢᠵᠤ ᠪᠣᠯᠬᠤ ᠦᠭᠡᠢ᠂ ᠬᠤᠯᠠᠭᠠᠶᠢᠯᠠᠨ ᠮᠠᠯᠵᠢᠬᠤ ᠦᠶᠯᠡ ᠠᠵᠢᠯᠯᠠᠭ᠎ᠠ ᠶᠢ ᠡᠷᠡᠰ ᠬᠤᠷᠢᠭᠯᠠᠬᠤ ᠬᠡᠷᠡᠭᠲᠡᠢ᠃      ︵ᠬᠤᠶᠠᠷ︶ ᠪᠡᠯᠴᠢᠭᠡᠷᠯᠡᠭᠦᠯᠬᠦ ᠶᠢ ᠵᠤᠭᠰᠤᠭᠠᠵᠤ ᠪᠡᠯᠴᠢᠭᠡᠷ ᠢ ᠰᠡᠷᠭᠦᠭᠡᠬᠦ ᠬᠤᠭᠤᠴᠠᠭᠠᠨ ᠳᠤ ᠲᠤᠰ ᠨᠣᠳᠤᠭ ᠪᠡᠯᠴᠢᠭᠡᠷ ᠲᠡᠭᠡᠷ᠎ᠡ ᠮᠠᠯ ᠬᠠᠷᠢᠭᠤᠯᠤᠭᠰᠠᠨ ᠪᠠᠶᠢᠪᠠᠯ ︽ᠥᠪᠥᠷ ᠮᠣᠩᠭᠤᠯ  ᠤᠨ ᠥᠪᠡᠷᠲᠡᠭᠡᠨ ᠵᠠᠰᠠᠬᠤ ᠣᠷᠣᠨ ᠤ ᠪᠡᠯᠴᠢᠭᠡᠷᠯᠡᠭᠦᠯᠬᠦ ᠶᠢ ᠵᠤᠭᠰᠤᠭᠠᠵᠤ ᠪᠡᠯᠴᠢᠭᠡᠷ ᠢ ᠰᠡᠷᠭᠦᠭᠡᠬᠦ ᠪᠠ ᠮᠠᠯ ᠪᠡᠯᠴᠢᠭᠡᠷ ᠢ ᠲᠡᠩᠴᠡᠭᠦᠷᠢᠰᠢᠭᠦᠯᠬᠦ ᠳᠦᠷᠢᠮ︾᠎ ᠤᠨ ᠭᠤᠴᠢᠨ ᠲᠠᠪᠤᠳᠤᠭᠠᠷ ᠵᠣᠷᠪᠤᠰ ᠤᠨ ᠲᠣᠭᠲᠠᠭᠠᠯ ᠢ ᠦᠨᠳᠦᠰᠦᠯᠡᠨ᠂ ᠬᠠᠷᠢᠶ᠎ᠠ ᠭᠠᠵᠠᠷ ᠤᠨ ᠰᠤᠮᠤ ᠪᠠᠯᠭᠠᠰᠤ ᠶᠢᠨ ᠠᠷᠠᠳ ᠤᠨ ᠵᠠᠰᠠᠭ  ᠤᠨ ᠣᠷᠳᠣᠨ ᠠᠴᠠ ᠵᠠᠷᠯᠢᠭᠳᠠᠨ ᠵᠠᠯᠠᠷᠠᠭᠤᠯᠤᠭᠤᠯᠵᠤ᠂ ᠬᠠᠤᠯᠢ ᠠᠴᠠ ᠵᠥᠷᠢᠴᠡᠨ ᠬᠠᠷᠢᠭᠤᠯᠤᠭᠰᠠᠨ ᠮᠠᠯ ︵ᠬᠤᠨᠢ ᠢᠮᠠᠭ᠎ᠠ︶ ᠪᠦᠷᠢ ᠠᠴᠠ 120 ᠲᠥᠭᠦᠷᠢᠭ ᠲᠣᠷᠭᠠᠨ᠎ᠠ᠃      ︵ᠭᠤᠷᠪᠠ︶ ᠮᠠᠯ ᠪᠡᠯᠴᠢᠭᠡᠷ ᠢ ᠲᠡᠩᠴᠡᠭᠦᠷᠢᠰᠢᠭᠦᠯᠬᠦ ᠶᠢ ᠬᠡᠷᠡᠭᠵᠢᠭᠦᠯᠦᠭᠰᠡᠨ ᠨᠤᠲᠤᠭ ᠪᠡᠯᠴᠢᠭᠡᠷ ᠳᠡᠭᠡᠷ᠎ᠡ ᠳᠠᠭᠠᠭᠠᠴᠠ ᠠᠴᠠ ᠬᠡᠲᠦᠷᠡᠭᠦᠯᠦᠨ ᠪᠡᠯᠴᠢᠭᠡᠷᠯᠡᠭᠦᠯᠦᠭᠰᠡᠨ ᠪᠠᠶᠢᠪᠠᠯ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠡᠯᠴᠢᠭᠡᠷᠯᠡᠭᠦᠯᠬᠦ ᠶᠢ ᠵᠤᠭᠰᠤᠭᠠᠵᠤ ᠪᠡᠯᠴᠢᠭᠡᠷ ᠢ ᠰᠡᠷᠭᠦᠭᠡᠬᠦ‌‍ᠪᠠ ᠮᠠᠯ ᠪᠡᠯᠴᠢᠭᠡᠷ ᠢ ᠲᠡᠩᠴᠡᠭᠦᠷᠢᠰᠢᠭᠦᠯᠬᠦ ᠳᠦᠷᠢᠮ︾᠎ ᠤᠨ ᠭᠤᠴᠢᠨ ᠲᠠᠪᠤᠳᠤᠭᠠᠷ ᠵᠣᠷᠪᠤᠰ ᠤᠨ ᠲᠣᠭᠲᠠᠭᠠᠯ ᠢ ᠦᠨᠳᠦᠰᠦᠯᠡᠨ ᠬᠠᠷᠢᠶ᠎ᠠ ᠭᠠᠵᠠᠷ ᠤᠨ ᠰᠤᠮᠤ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ᠠᠴᠠ ᠵᠠᠷᠯᠢᠭᠳᠠᠵᠤ ᠪᠠᠶᠢᠭᠠᠳ ᠬᠤᠭᠤᠴᠠᠭ᠎ᠠ ᠬᠢᠵᠠᠭᠠᠷᠯᠠᠨ ᠵᠠᠯᠠᠷᠠᠭᠤᠯᠤᠨ᠎ᠠ᠃ ᠬᠤᠭᠤᠴᠠᠭ᠎ᠠ ᠬᠡᠲᠦᠷᠡᠲᠡᠯ᠎ᠡ ᠵᠠᠯᠠᠷᠠᠭᠤᠯᠤᠭᠰᠠᠨ ᠦᠭᠡᠢ ᠪᠠᠶᠢᠪᠠᠯ᠂ ᠳᠠᠭᠠᠭᠠᠴᠠ ᠠᠴᠠ ᠬᠡᠲᠦᠷᠡᠭᠰᠡᠨ ᠮᠠᠯ ︵ᠬᠤᠨᠢ ᠢᠮᠠᠭ᠎ᠠ︶  ᠪᠦᠷᠢ ᠶᠢ 100 ᠲᠥᠭᠦᠷᠢᠭ ᠢᠶᠠᠷ ᠲᠣᠷᠭᠠᠬᠤ ᠪᠠᠷ ᠰᠢᠢᠳᠬᠡᠨ᠎ᠡ᠃  ᠨᠢᠯᠬ᠎ᠠ ᠮᠣᠳᠣᠨ ᠤ ᠣᠶᠢᠲᠤ ᠭᠠᠵᠠᠷ ᠲᠤ ᠮᠡᠯ ᠬᠠᠷᠢᠭᠤᠯᠤᠭᠰᠠᠨ ᠠᠴᠠ ᠪᠣᠯᠵᠤ ᠤᠢ ᠮᠣᠳᠣ ᠶᠢ ᠡᠪᠳᠡᠵᠦ ᠰᠦᠢᠳᠬᠡᠭᠰᠡᠨ ᠪᠠᠶᠢᠪᠠᠯ᠂ ᠤᠢ ᠰᠢᠭᠤᠢ ᠶᠢ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠠᠴᠠ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠢ ᠰᠢᠭᠤᠢ ᠶᠢᠨ ᠬᠠᠤᠯᠢ︾᠎ ᠶᠢᠨ ᠲᠡᠯᠡᠠ ᠳᠥᠷᠪᠡᠳᠦᠭᠡᠷ  ᠵᠤᠷᠪᠤᠰ ᠤᠨ ᠬᠤᠶᠠᠳᠤᠭᠠᠷ ᠪᠠᠳᠠᠭ ᠤᠨ ᠲᠣᠭᠲᠠᠭᠠᠯ ᠢ ᠦᠨᠳᠦᠰᠦᠯᠡᠨ᠂ ᠬᠠᠤᠯᠢ ᠶᠢ ᠵᠥᠷᠢᠴᠡᠭᠰᠡᠨ ᠠᠵᠢᠯᠯᠠᠭ᠎ᠠ ᠶᠢ ᠨᠢ ᠵᠠᠷᠯᠢᠭᠳᠠᠨ ᠵᠣᠭᠰᠣᠭᠠᠵᠤ᠂ ᠬᠤᠬᠢᠷᠠᠭᠤᠯᠤᠭᠰᠠᠨ ᠮᠣᠳᠣᠨ ᠤ ᠲᠣᠭᠠᠨ ᠤ ᠬᠢᠨᠢ ᠨᠢᠭᠡ ᠲᠡᠬᠢᠠ ᠠᠴᠠ ᠳᠡᠭᠡᠭᠰᠢ ᠭᠤᠷᠪᠠᠨ ᠲᠡᠬᠢᠠ ᠠᠴᠠ ᠲᠤᠷᠤᠭᠰᠢ ᠮᠣᠳᠤ ᠶᠢ ᠬᠤᠭᠤᠴᠠᠭ᠎ᠠ ᠲᠣᠭᠲᠠᠭᠠᠨ ᠤᠤᠯ ᠭᠠᠵᠠᠷ ᠲᠤᠨᠢ ᠪᠤᠶᠤ ᠣᠨᠳᠣᠣ ᠭᠠᠵᠠᠷ ᠲᠤ ᠨᠥᠬᠦᠵᠦ ᠳᠠᠷᠢᠭᠤᠯᠤᠨ᠎ᠠ᠃      ︵ᠳᠥᠷᠪᠡ︶ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠡᠯᠴᠢᠭᠡᠷᠯᠡᠭᠦᠯᠬᠦ ᠶᠢ ᠵᠤᠭᠰᠤᠭᠠᠵᠤ ᠪᠡᠯᠴᠢᠭᠡᠷ ᠢ ᠰᠡᠷᠭᠦᠭᠡᠬᠦ ᠪᠠ ᠮᠠᠯ ᠪᠡᠯᠴᠢᠭᠡᠷ ᠢ ᠲᠡᠩᠴᠡᠭᠦᠷᠢᠰᠢᠭᠦᠯᠬᠦ ᠳᠦᠷᠢᠮ︾᠎ ᠢ ᠦᠨᠳᠦᠰᠦᠯᠡᠨ᠂ ᠪᠡᠯᠴᠢᠭᠡᠷᠯᠡᠭᠦᠯᠬᠦ ᠶᠢ ᠵᠤᠭᠰᠤᠭᠠᠵᠤ ᠪᠡᠯᠴᠢᠭᠡᠷ ᠢ ᠰᠡᠷᠭᠦᠭᠡᠬᠦ ᠪᠠ ᠮᠠᠯ ᠪᠡᠯᠴᠢᠭᠡᠷ ᠢ ᠲᠡᠩᠴᠡᠭᠦᠷᠢᠰᠢᠭᠦᠯᠬᠦ ᠳᠦᠷᠢᠮ ᠢ ᠨᠠᠶᠢᠳᠠᠪᠤᠷᠢᠵᠢᠭᠤᠯᠤᠭᠰᠠᠨ ᠦᠭᠡᠢ᠂ ᠮᠠᠯ ᠪᠡᠯᠴᠢᠭᠡᠷ ᠢ ᠲᠡᠩᠴᠡᠭᠦᠷᠢᠰᠢᠭᠦᠯᠬᠦ ᠣᠷᠣᠨ ᠳᠤ ᠪᠡᠯᠴᠢᠭᠡᠷᠯᠡᠭᠦᠯᠬᠦ ᠳᠠᠭᠠᠭᠠᠴᠠ ᠠᠴᠠ ᠬᠡᠲᠦᠷᠡᠭᠰᠡᠨ ᠨᠣᠷᠮ᠎ᠠ ᠨᠢ ᠵᠠᠭᠤᠨ ᠤ ᠠᠷᠪᠠ ᠠᠴᠠ ᠬᠡᠲᠦᠷᠡᠭᠰᠡᠨ ᠪᠤᠶᠤ ᠪᠡᠯᠴᠢᠭᠡᠷᠯᠡᠭᠦᠯᠬᠦ ᠶᠢ ᠵᠣᠭᠰᠤᠭᠠᠬᠤ ᠣᠷᠣᠨ ᠳᠤ ᠬᠤᠶᠠᠷ ᠠᠴᠠ ᠳᠡᠭᠡᠭᠰᠢ ᠤᠳᠠᠭ᠎ᠠ ᠮᠠᠯᠵᠢᠭᠰᠠᠨ ᠪᠠᠶᠢᠪᠠᠯ᠂ ᠨᠤᠲᠤᠭ ᠪᠡᠯᠴᠢᠭᠡᠷ ᠤᠨ ᠠᠮᠢ ᠠᠬᠤᠢ ᠶᠢᠨ ᠬᠠᠮᠠᠭᠠᠯᠠᠯᠲᠠ ᠶᠢᠨ ᠨᠥᠬᠦᠪᠦᠷᠢ ᠱᠠᠩᠨᠠᠯ ᠤᠨ ᠪᠡᠯᠡ ᠮᠥᠩᠭᠦ ᠶᠢ ᠰᠠᠭᠤᠯᠭᠠᠨ ᠠᠪᠴᠤ ᠪᠣᠯᠣᠨ᠎ᠠ᠃ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠲᠣᠭᠲᠠᠭᠠᠭᠰᠠᠨ ᠠᠷᠭ᠎ᠠ ᠪᠠᠷ ᠦᠨᠳᠦᠰᠦᠯᠡᠯ ᠪᠣᠯᠭᠠᠨ᠎ᠠ᠃ ᠰᠠᠭᠤᠯᠭᠠᠨ ᠠᠪᠤᠭᠰᠠᠨ ᠨᠤᠲᠤᠭ ᠪᠡᠯᠴᠢᠭᠡᠷ ᠤᠨ ᠠᠮᠢ ᠠᠬᠤᠢ ᠶᠢᠨ ᠬᠠᠮᠠᠭᠠᠯᠠᠯᠲᠠ ᠶᠢᠨ ᠨᠥᠬᠦᠪᠦᠷᠢ ᠱᠠᠩᠨᠠᠯ ᠤᠨ ᠪᠡᠯᠡ ᠮᠥᠩᠭᠦ ᠶᠢ ᠡᠵᠡᠨ᠎ᠡ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠠᠴᠠ ᠨᠢᠭᠡᠳᠦᠯᠲᠡᠢ ᠲᠥᠯᠥᠪᠯᠡᠨ ᠲᠣᠬᠢᠷᠠᠭᠤᠯᠵᠤ᠂ ᠨᠤᠲᠤᠭ ᠪᠡᠯᠴᠢᠭᠡᠷ ᠤᠨ ᠬᠠᠮᠠᠭᠠᠯᠠᠯᠲᠠ ᠶᠢᠨ ᠪᠦᠲᠦᠭᠡᠨ ᠪᠠᠶᠢᠭᠤᠯᠤᠯᠲᠠ ᠳᠤ ᠲᠤᠰᠬᠠᠢ ᠬᠡᠷᠡᠭᠯᠡᠨ᠎ᠡ᠃      ︵ᠲᠠᠪᠤ︶ ᠤᠯᠡᠠ ᠲᠦᠮᠡᠨ ᠢ ᠵᠣᠷᠢᠭᠤᠳᠠ ᠥᠳᠥᠭᠡᠵᠦ᠂ ᠬᠠᠤᠯᠢ ᠬᠡᠷᠡᠭᠵᠢᠭᠦᠯᠬᠦ ᠠᠵᠢᠯᠲᠠᠨ ᠤ ᠬᠠᠤᠯᠢ ᠶᠣᠰᠣᠭᠠᠷ ᠡᠭᠦᠷᠭᠡ ᠲᠤᠰᠢᠶᠠᠯ ᠢᠶᠠᠨ ᠭᠦᠢᠴᠡᠳᠬᠡᠬᠦ ᠶᠢ ᠬᠦᠴᠦᠷᠬᠡᠭᠯᠡᠯ᠂ ᠰᠦᠷᠳᠡᠭᠦᠯᠦᠯ ᠤᠨ ᠠᠷᠭ᠎ᠠ ᠪᠠᠷ ᠬᠠᠷᠰᠢᠯᠠᠭᠠᠳ ᠶᠠᠯ᠎ᠠ ᠪᠣᠯᠵᠤ ᠪᠦᠷᠢᠯᠳᠦᠭᠰᠡᠨ ᠪᠠᠶᠢᠪᠠᠯ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠡᠷᠡᠭᠦᠦ ᠶᠢᠨ ᠬᠠᠤᠯᠢ︾᠎ ᠶᠢᠨ ᠬᠤᠶᠠᠷ ᠵᠠᠭᠤ ᠳᠠᠯᠠᠳᠤᠭᠠᠷ ᠵᠤᠷᠪᠤᠰ ᠤᠨ ᠲᠣᠭᠲᠠᠭᠠᠯ ᠶᠣᠰᠣᠭᠠᠷ ᠠᠯᠪᠠᠨ ᠠᠵᠢᠯ ᠢ ᠬᠠᠷᠰᠢᠯᠠᠭᠰᠠᠨ ᠶᠠᠯ᠎ᠠ ᠬᠢᠵᠦ᠂ ᠴᠠᠭᠳᠠᠭ᠎ᠠ ᠶᠢ ᠲᠠᠭᠠᠷᠢᠭᠰᠠᠨ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠃      ︵ᠵᠢᠷᠭᠤᠭ᠎ᠠ︶ ᠬᠠᠤᠯᠢ ᠶᠣᠰᠣᠭᠠᠷ ᠰᠢᠢᠳᠬᠡᠬᠦ ᠲᠣᠭᠲᠠᠭᠠᠯ ᠭᠠᠷᠭᠠᠵᠤ᠂ ᠲᠤᠬᠠᠢ ᠶᠢᠨ ᠬᠥᠮᠥᠨ ᠬᠠᠤᠯᠢ ᠪᠠᠷ ᠲᠣᠭᠲᠠᠭᠠᠭᠰᠠᠨ ᠬᠤᠭᠤᠴᠠᠭᠠᠨ ᠳᠤ ᠳᠠᠬᠢᠨ ᠵᠥᠪᠯᠡᠭᠦᠯᠬᠦ ᠪᠠᠷ ᠭᠤᠶᠤᠴᠢᠯᠠᠬᠤ ᠦᠭᠡᠢ ᠪᠤᠶᠤ ᠵᠠᠷᠭᠤᠯᠳᠤᠬᠤ ᠦᠭᠡᠢ᠂ ᠪᠠᠰᠠ ᠭᠦᠢᠴᠡᠳᠬᠡᠬᠦ ᠦᠭᠡᠢ ᠪᠣᠯ ᠰᠢᠢᠳᠬᠡᠬᠦ ᠪᠠᠶᠢᠭᠤᠯᠭ᠎ᠠ ᠠᠴᠠ ᠬᠤᠰᠢᠭᠤᠨ ᠤ ᠠᠷᠠᠳ ᠤᠨ ᠰᠢᠭᠦᠬᠦ ᠬᠤᠷᠢᠶᠠᠨ ᠳᠤ ᠠᠯᠪᠠᠳᠠᠯᠭ᠎ᠠ ᠪᠠᠷ ᠬᠡᠷᠡᠭᠵᠢᠭᠦᠯᠬᠦ ᠪᠠᠷ ᠭᠤᠶᠤᠴᠢᠯᠠᠨ᠎ᠠ᠃ ᠡᠭᠦᠨ ᠤ ᠬᠠᠮᠲᠤ᠂ ᠬᠠᠤᠯᠢ ᠴᠠᠭᠠᠵᠠ ᠰᠠᠬᠢᠯᠭ᠎ᠠ ᠪᠠᠲᠤ ᠶᠢ ᠥᠯᠥ ᠬᠠᠶᠢᠬᠤᠷᠤᠭᠰᠠᠨ᠂ ᠣᠯᠠᠨᠲᠠ ᠴᠠᠭᠠᠵᠠᠯᠠᠭᠰᠠᠨ ᠴᠤ ᠵᠣᠭᠰᠣᠬᠤ ᠦᠭᠡᠢ ᠮᠠᠯᠴᠢᠨ ᠲᠠᠷᠢᠶᠠᠴᠢᠨ ᠢ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠠᠴᠠ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠳᠤ ᠮᠡᠳᠡᠭᠦᠯᠵᠦ ᠬᠢᠨᠠᠨ ᠵᠥᠪᠰᠢᠶᠡᠷᠡᠭᠦᠯᠦᠭᠰᠡᠨ ᠤ ᠳᠠᠷᠠᠭ᠎ᠠ᠂ ᠲᠡᠳᠡᠨ ᠤ ᠨᠤᠲᠤᠭ ᠪᠡᠯᠴᠢᠭᠡᠷ ᠤᠨ ᠠᠮᠢ ᠠᠬᠤᠢ ᠶᠢᠨ ᠨᠥᠬᠦᠪᠦᠷᠢ ᠱᠠᠩᠨᠠᠯ ᠤᠨ ᠬᠡᠰᠡᠭ ᠪᠡᠯᠡ ᠮᠥᠩᠭᠦ ᠶᠢ ᠰᠠᠭᠤᠯᠭᠠᠨ ᠠᠪᠬᠤ ᠪᠤᠶᠤ ᠵᠣᠭᠰᠣᠭᠠᠨ᠎ᠠ᠃      ᠭᠤᠷᠪᠠ᠂ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ      ︵ᠨᠢᠭᠡ︶ ᠡᠯ᠎ᠡ ᠰᠤᠮᠤ ᠪᠠᠯᠭᠠᠰᠤ᠂ ᠤᠯᠤᠰ ᠤᠨ ᠲᠠᠷᠢᠶᠠᠯᠠᠩ ᠮᠠᠯᠵᠢᠯ ᠤᠨ ᠲᠠᠯᠠᠪᠠᠶ ᠨᠤᠭᠤᠳ ᠳᠦᠷᠢᠮ ᠶᠣᠰᠣᠭᠠᠷ ᠬᠠᠷᠢᠶ᠎ᠠ ᠭᠠᠵᠠᠷ ᠤᠨ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠨᠤᠲᠤᠭ ᠪᠡᠯᠴᠢᠭᠡᠷ ᠤᠨ ᠬᠠᠮᠠᠭᠠᠯᠠᠯᠲᠠ ᠬᠠᠮᠢᠶᠠᠷᠤᠯᠲᠠ ᠶᠢᠨ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠪᠡᠯᠴᠢᠭᠡᠷᠯᠡᠭᠦᠯᠬᠦ ᠶᠢ ᠵᠤᠭᠰᠤᠭᠠᠵᠤ ᠪᠡᠯᠴᠢᠭᠡᠷ ᠢ ᠰᠡᠷᠭᠦᠭᠡᠬᠦ ᠪᠠ ᠮᠠᠯ ᠪᠡᠯᠴᠢᠭᠡᠷ ᠢ ᠲᠡᠩᠴᠡᠭᠦᠷᠢᠰᠢᠭᠦᠯᠬᠦ ᠬᠠᠮᠢᠶᠠᠷᠤᠯᠲᠠ ᠶᠢᠨ ᠳᠦᠷᠢᠮ ᠢ ᠴᠢᠩᠭ᠎ᠠ ᠬᠡᠷᠡᠭᠵᠢᠭᠦᠯᠦᠨ᠂ ᠬᠠᠤᠯᠢ ᠬᠡᠷᠡᠭᠵᠢᠭᠦᠯᠵᠦ ᠲᠣᠭᠤᠷᠢᠨ ᠪᠠᠶᠢᠴᠠᠭᠠᠬᠤ᠂ ᠡᠳᠦᠷ ᠲᠤᠲᠤᠮ ᠤᠨ ᠬᠢᠨᠠᠯᠲᠠ ᠬᠠᠮᠢᠶᠠᠷᠤᠯᠲᠠ᠂ ᠤᠬᠠᠭᠤᠯᠭ᠎ᠠ ᠬᠥᠮᠦᠵᠢᠯ ᠢ ᠦᠨᠡᠨᠬᠦ ᠴᠢᠩᠭᠠᠳᠬᠠᠵᠤ᠂ ᠬᠤᠯᠠᠭᠠᠶᠢᠯᠠᠨ ᠮᠠᠯᠵᠢᠬᠤ᠂ ᠳᠠᠭᠠᠭᠠᠴᠠ ᠠᠴᠠ ᠬᠡᠲᠦᠷᠡᠭᠦᠯᠦᠨ ᠮᠠᠯᠵᠢᠬᠤ ᠵᠡᠷᠭᠡ ᠬᠠᠤᠯᠢ ᠠᠴᠠ ᠵᠥᠷᠢᠴᠡᠭᠰᠡᠨ ᠦᠶᠯᠡ ᠠᠵᠢᠯᠯᠠᠭ᠎ᠠ ᠶᠢ ᠴᠠᠭ ᠲᠤᠬᠠᠢ ᠳᠤᠨᠢ ᠵᠢᠭᠰᠠᠭᠠᠨ ᠪᠠᠶᠢᠴᠠᠭᠠᠵᠤ ᠬᠤᠷᠢᠭᠯᠠᠬᠤ ᠪᠠ ᠬᠠᠤᠯᠢ ᠶᠣᠰᠣᠭᠠᠷ ᠪᠠᠶᠢᠴᠠᠭᠠᠨ ᠰᠢᠢᠳᠪᠦᠷᠢᠯᠡᠬᠦ ᠬᠡᠷᠡᠭᠲᠡᠢ᠃      ︵ᠬᠤᠶᠠᠷ︶ ᠡᠯ᠎ᠡ ᠰᠤᠮᠤ ᠪᠠᠯᠭᠠᠰᠤ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠣᠯᠣᠨ ᠭᠠᠴᠠᠭᠠᠨ ᠤ ᠵᠥᠪᠯᠡᠯ ᠤᠳ ᠭᠤᠣᠯ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠮᠠᠯᠵᠢᠬᠤ ᠡᠷᠦᠬᠡ ᠶᠢᠨ ᠮᠠᠯ ᠢ ᠰᠢᠮᠳᠠᠭᠤᠯᠵᠤ ᠪᠠᠶᠢᠭᠠᠳ ᠵᠦᠢ ᠵᠣᠬᠢᠰᠲᠠᠢ ᠪᠠᠷ ᠬᠠᠰᠢᠶᠠᠯᠠᠨ ᠲᠡᠵᠢᠭᠡᠯᠭᠡᠬᠦ ᠬᠡᠷᠡᠭᠲᠡᠢ᠃ ᠡᠵᠡᠨ᠎ᠡ ᠬᠤᠰᠢᠭᠤᠨ ᠤ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠬᠠᠮᠢᠶ᠎ᠠ ᠪᠦᠬᠦᠢ ᠪᠠᠲᠤᠯᠠᠭ᠎ᠠ᠂ ᠵᠢᠯᠤᠭᠤᠳᠤᠯᠭ᠎ᠠ ᠪᠠ ᠬᠢᠨᠠᠨ ᠬᠠᠮᠢᠶᠠᠷᠤᠯᠲᠠ ᠶᠢᠨ ᠠᠵᠢᠯ ᠢ ᠰᠠᠶᠢᠲᠤᠷ ᠬᠢᠬᠦ ᠬᠡᠷᠡᠭᠲᠡᠢ᠃ ᠡᠵᠡᠨ᠎ᠡ ᠬᠤᠰᠢᠭᠤᠨ ᠤ ᠣᠶ ᠰᠢᠭᠤᠢ ᠡᠪᠡᠰᠦ ᠪᠡᠯᠴᠢᠭᠡᠷ ᠤᠨ ᠰᠠᠯᠠᠭ᠎ᠠ ᠮᠥᠴᠢᠷ ᠬᠢᠨᠠᠯᠲᠠ ᠲᠠᠯᠪᠢᠬᠤ ᠪᠠ ᠨᠤᠲᠤᠭ ᠪᠡᠯᠴᠢᠭᠡᠷ ᠤᠨ ᠬᠥᠳᠡᠯᠦᠯ ᠪᠠᠶᠢᠳᠠᠯ ᠢ ᠬᠢᠨᠠᠨ ᠬᠡᠮᠵᠢᠬᠦ ᠠᠵᠢᠯ ᠢ ᠬᠠᠷᠢᠭᠤᠴᠠᠨ᠎ᠠ᠃ ᠡᠵᠡᠨ᠎ᠡ ᠬᠤᠰᠢᠭᠤᠨ ᠤ ᠡᠳ᠋ ᠤᠨ ᠵᠠᠰᠠᠭ ᠤᠨ ᠰᠠᠯᠠᠭ᠎ᠠ ᠮᠥᠴᠢᠷ ᠨᠢ ᠪᠡᠯᠡ ᠮᠥᠩᠭᠦ ᠶᠢᠨ ᠬᠠᠮᠢᠶᠠᠷᠤᠯᠲᠠ ᠪᠠ ᠲᠠᠷᠬᠠᠭᠠᠬᠤ ᠠᠵᠢᠯ ᠢ ᠬᠠᠷᠢᠭᠤᠴᠠᠨ᠎ᠠ᠃ ᠡᠵᠡᠨ᠎ᠡ ᠬᠤᠰᠢᠭᠤᠨ ᠤ ᠲᠠᠷᠢᠶᠠᠯᠠᠩ ᠤᠨ ᠰᠢᠨᠵᠢᠯᠡᠬᠦ ᠤᠬᠠᠭᠠᠨ ᠤ ᠰᠠᠯᠠᠭ᠎ᠠ ᠮᠥᠴᠢᠷ ᠨᠢ ᠡᠪᠡᠰᠦ ᠪᠣᠷᠳᠤᠭ᠎ᠠ ᠨᠥᠭᠡᠴᠡᠯᠡᠬᠦ᠂ ᠬᠢᠵᠢᠭ ᠡᠪᠡᠳᠴᠢᠨ ᠢ ᠰᠡᠷᠭᠡᠶᠢᠯᠡᠨ ᠵᠠᠰᠠᠬᠤ᠂ ᠮᠡᠷᠭᠡᠵᠢᠯ ᠤᠨ ᠵᠢᠯᠣᠭᠤᠳᠤᠯᠭ᠎ᠠ ᠪᠠ ᠤᠬᠠᠭᠤᠯᠵᠤ ᠬᠥᠲᠥᠯᠥᠨ ᠵᠢᠯᠤᠭᠤᠳᠬᠤ ᠠᠵᠢᠯ ᠢ ᠨᠢᠭᠡᠳᠦᠯᠲᠡᠢ ᠲᠥᠯᠥᠪᠯᠡᠬᠦ ᠶᠢ ᠬᠠᠷᠢᠭᠤᠴᠠᠨ᠎ᠠ᠃ ᠡᠯ᠎ᠡ ᠰᠤᠮᠤ ᠪᠠᠯᠭᠠᠰᠤᠨ ᠤ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ ᠨᠢ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠡᠷᠴᠢᠮ ᠢᠶᠠᠨ ᠴᠢᠩᠭᠠᠷᠠᠭᠤᠯᠵᠤ᠂ ᠬᠤᠯᠠᠭᠠᠶᠢᠯᠠᠨ ᠮᠠᠯᠵᠢᠬᠤ ᠦᠶᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠲᠣᠭᠲᠠᠭᠠᠯ ᠠᠴᠠ ᠵᠥᠷᠢᠴᠡᠨ ᠮᠠᠯᠵᠢᠬᠤ ᠦᠶᠯᠡ ᠠᠵᠢᠯᠯᠠᠭ᠎ᠠ ᠶᠢ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠬᠠᠤᠯᠢ ᠶᠣᠰᠣᠭᠠᠷ ᠪᠠᠶᠢᠴᠠᠭᠠᠨ ᠰᠢᠢᠳᠪᠦᠷᠢᠯᠡᠨ᠎ᠡ᠃      ︵ᠭᠤᠷᠪᠠ︶ ᠡᠯ᠎ᠡ ᠭᠠᠴᠠᠭ᠎ᠠ ᠨᠢ ᠡᠯ᠎ᠡ ᠰᠤᠮᠤ ᠪᠠᠯᠭᠠᠰᠤ ᠯᠤᠭ᠎ᠠ ᠢᠳᠡᠪᠬᠢᠲᠡᠢ ᠪᠠᠷ ᠬᠠᠮᠵᠢᠯᠴᠠᠨ ᠪᠡᠯᠴᠢᠭᠡᠷᠯᠡᠭᠦᠯᠬᠦ ᠶᠢ ᠵᠤᠭᠰᠤᠭᠠᠵᠤ ᠪᠡᠯᠴᠢᠭᠡᠷ ᠢ ᠰᠡᠷᠭᠦᠭᠡᠬᠦ ᠪᠠ ᠮᠠᠯ ᠪᠡᠯᠴᠢᠭᠡᠷ ᠢ ᠲᠡᠩᠴᠡᠭᠦᠷᠢᠰᠢᠭᠦᠯᠬᠦ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢ ᠰᠠᠶᠢᠲᠤᠷ ᠬᠢᠵᠦ᠂ ᠬᠠᠷᠢᠶ᠎ᠠ ᠣᠷᠣᠨ ᠤ ᠳᠣᠲᠣᠷᠠᠬᠢ ᠬᠤᠯᠠᠭᠠᠶᠢᠯᠠᠨ ᠮᠠᠯᠵᠢᠬᠤ᠂ ᠳᠠᠭᠠᠭᠠᠴᠠ ᠠᠴᠠ ᠬᠡᠲᠦᠷᠡᠲᠡᠯ᠎ᠡ ᠮᠠᠯᠵᠢᠬᠤ ᠵᠡᠷᠭᠡ ᠬᠠᠤᠯᠢ ᠠᠴᠠ ᠵᠥᠷᠢᠴᠡᠭᠰᠡᠨ ᠥᠢᠯᠡ ᠠᠵᠢᠯᠯᠠᠭ᠎ᠠ ᠶᠢᠨ ᠡᠳᠦᠷ ᠲᠤᠳᠤᠮ ᠤᠨ ᠬᠢᠨᠠᠯᠲᠠ ᠬᠠᠮᠢᠶᠠᠷᠤᠯᠲᠠ ᠶᠢ ᠦᠨᠡᠨᠬᠦ ᠴᠢᠩᠭᠠᠳᠬᠠᠵᠤ᠂ ᠨᠤᠲᠤᠭ ᠪᠡᠯᠴᠢᠭᠡᠷ ᠢ ᠡᠪᠳᠡᠭᠰᠡᠨ ᠬᠠᠤᠯᠢ ᠠᠴᠠ ᠵᠥᠷᠢᠴᠡᠭᠰᠡᠨ ᠥᠢᠯᠡ ᠠᠵᠢᠯᠯᠠᠭ᠎ᠠ ᠲᠠᠢ ᠪᠠᠶᠢᠬᠤ ᠶᠢ ᠣᠯᠵᠤ ᠮᠡᠳᠡᠪᠡᠯ᠂ ᠴᠠᠭ ᠲᠤᠬᠠᠢ ᠳᠤᠨᠢ ᠰᠤᠮᠤ ᠪᠠᠯᠭᠠᠰᠤ ᠶᠢᠨ ᠠᠷᠠᠳ  ᠤᠨ ᠵᠠᠰᠠᠭ ᠤᠨ ᠣᠷᠳᠤᠨ ᠳᠤ ᠮᠡᠳᠡᠭᠦᠯᠬᠦ ᠬᠡᠷᠡᠭᠲᠡᠢ᠃ ᠪᠠᠶᠢᠳᠠᠯ ᠢ ᠮᠡᠳᠡᠵᠦ ᠪᠠᠶᠢᠭᠠᠳ ᠮᠡᠳᠡᠭᠦᠯᠬᠦ ᠦᠭᠡᠢ᠂ ᠥᠮᠥᠭᠯᠡᠵᠦ ᠨᠢᠭᠤᠭᠰᠠᠨ ᠪᠠᠶᠢᠪᠠᠯ᠂ ᠬᠠᠷᠢᠭᠤᠴᠠᠯᠭ᠎ᠠ ᠪᠠᠨ ᠠᠯᠳᠠᠭᠰᠠᠨ᠂ ᠲᠤᠰᠢᠶᠠᠯ ᠢᠶᠠᠨ ᠭᠤᠲᠤᠭᠠᠭᠰᠠᠨ ᠢᠶᠠᠷ ᠬᠠᠷᠢᠭᠤᠴᠠᠯᠭ᠎ᠠ ᠨᠡᠬᠡᠮᠵᠢᠯᠡᠨ᠎ᠡ᠃      ︵ᠳᠥᠷᠪᠡ︶ ᠥᠷᠭᠡᠨ ᠤᠯᠠᠨ ᠮᠠᠯᠴᠢᠳ ᠪᠡᠯᠴᠢᠭᠡᠷᠯᠡᠭᠦᠯᠬᠦ ᠶᠢ ᠵᠤᠭᠰᠤᠭᠠᠵᠤ ᠪᠡᠯᠴᠢᠭᠡᠷ ᠢ ᠰᠡᠷᠭᠦᠭᠡᠬᠦ ᠪᠠ ᠮᠠᠯ ᠪᠡᠯᠴᠢᠭᠡᠷ ᠢ ᠲᠡᠩᠴᠡᠭᠦᠷᠢᠰᠢᠭᠦᠯᠬᠦ ᠳᠦᠷᠢᠮ ᠢ ᠤᠬᠠᠮᠰᠠᠷ ᠠᠴᠠ ᠪᠠᠨ ᠰᠠᠨᠠᠭᠠᠴᠢᠯᠠᠭ᠎ᠠ ᠠᠴᠠ ᠪᠠᠨ ᠬᠡᠷᠡᠭᠵᠢᠭᠦᠯᠵᠦ᠂ ᠨᠤᠲᠤᠭ ᠪᠡᠯᠴᠢᠭᠡᠷ ᠤᠨ ᠠᠮᠢ ᠠᠬᠤᠢ ᠶᠢᠨ ᠣᠷᠴᠢᠨ ᠲᠣᠭᠤᠷᠢᠨ ᠢ ᠬᠠᠮᠠᠭᠠᠯᠠᠨ ᠰᠠᠶᠢᠵᠢᠷᠠᠭᠤᠯᠬᠤ ᠬᠡᠷᠡᠭᠲᠡᠢ᠃ ᠨᠤᠲᠤᠭ ᠪᠡᠯᠴᠢᠭᠡᠷ ᠤᠨ ᠠᠮᠢ ᠠᠬᠤᠢ ᠶᠢᠨ ᠨᠥᠬᠦᠪᠦᠷᠢ ᠱᠠᠩᠨᠠᠯ ᠤᠨ ᠪᠡᠯᠡ ᠮᠥᠩᠭᠦ ᠶᠢ ᠠᠮᠢ ᠠᠬᠤᠢ ᠶᠢᠨ ᠬᠠᠮᠠᠭᠠᠯᠠᠯᠲᠠ ᠪᠠ ᠪᠡᠯᠴᠢᠭᠡᠷᠯᠡᠭᠦᠯᠬᠦ ᠶᠢ ᠵᠣᠭᠰᠣᠭᠠᠵᠤ ᠪᠡᠯᠴᠢᠭᠡᠷ ᠢ ᠰᠡᠷᠭᠦᠭᠡᠬᠦ ᠬᠤᠭᠤᠴᠠᠭᠠᠨ ᠳᠠᠬᠢ ᠡᠪᠡᠰᠦ ᠪᠣᠷᠳᠤᠭ᠎ᠠ ᠶᠢ ᠬᠤᠳᠠᠯᠳᠤᠨ ᠠᠪᠬᠤ ᠪᠠ ᠨᠥᠭᠡᠴᠡᠯᠡᠬᠦ ᠳᠡᠭᠡᠷ᠎ᠡ ᠬᠡᠷᠡᠭᠯᠡᠵᠦ᠂ ᠪᠡᠯᠴᠢᠭᠡᠷᠯᠡᠭᠦᠯᠬᠦ ᠶᠢ ᠵᠤᠭᠰᠤᠭᠠᠵᠤ ᠪᠡᠯᠴᠢᠭᠡᠷ ᠢ ᠰᠡᠷᠭᠦᠭᠡᠬᠦ ᠪᠠ ᠮᠠᠯ ᠪᠡᠯᠴᠢᠭᠡᠷ ᠢ ᠲᠡᠩᠴᠡᠭᠦᠷᠢᠰᠢᠭᠦᠯᠬᠦ ᠠᠵᠢᠯ ᠤᠨ ᠤᠷᠤᠭᠰᠢᠲᠠᠢ ᠶᠠᠪᠤᠭᠳᠠᠬᠤ ᠶᠢ ᠦᠨᠡᠨᠬᠦ ᠪᠠᠲᠤᠯᠠᠬᠤ ᠬᠡᠷᠡᠭᠲᠡᠢ᠃                 ︵ᠲᠠᠪᠤ︶ ᠪᠡᠯᠴᠢᠭᠡᠷᠯᠡᠭᠦᠯᠬᠦ ᠶᠢ ᠵᠤᠭᠰᠤᠭᠠᠵᠤ ᠪᠡᠯᠴᠢᠭᠡᠷ ᠢ ᠰᠡᠷᠭᠦᠭᠡᠬᠦ ᠪᠠ ᠮᠠᠯ ᠪᠡᠯᠴᠢᠭᠡᠷ ᠢ ᠲᠡᠩᠴᠡᠭᠦᠷᠢᠰᠢᠭᠦᠯᠬᠦ ᠠᠵᠢᠯ ᠳᠤ ᠢᠯᠡᠴᠢᠯᠡᠨ ᠮᠡᠳᠡᠭᠦᠯᠬᠦ ᠳᠦᠷᠢᠮ ᠢ ᠬᠡᠷᠡᠭᠵᠢᠭᠦᠯᠵᠦ᠂ ᠬᠠᠤᠯᠢ ᠬᠡᠷᠡᠭᠵᠢᠭᠦᠯᠵᠦ ᠬᠢᠨᠠᠯᠲᠠ ᠲᠠᠯᠪᠢᠬᠤ᠂ ᠨᠡᠶᠢᠭᠡᠮ ᠤᠨ ᠬᠢᠨᠠᠯᠲᠠ ᠲᠠᠯᠪᠢᠬᠤ᠂ ᠣᠯᠠᠨ ᠲᠦᠮᠡᠨ ᠤ ᠬᠢᠨᠠᠯᠲᠠ ᠲᠠᠯᠪᠢᠬᠤ ᠪᠠ ᠶᠠᠷᠢᠶ᠎ᠠ ᠬᠡᠯᠡᠯᠴᠡᠭᠡᠨ ᠤ ᠬᠢᠨᠠᠯᠲᠠ ᠲᠠᠯᠪᠢᠬᠤ ᠨᠡᠶᠢᠯᠡᠮᠡᠯ ᠬᠦᠴᠦᠨ ᠢ ᠪᠣᠶ ᠪᠣᠯᠭᠠᠵᠤ᠂ ᠨᠡᠶᠢᠭᠡᠮ ᠤᠨ ᠡᠯ᠎ᠡ ᠡᠲᠡᠭᠡᠳ ᠤᠨ ᠬᠢᠨ ᠤ ᠬᠢᠨᠠᠯᠲᠠ ᠲᠠᠯᠪᠢᠬᠤ ᠶᠢ ᠪᠠᠶᠠᠷᠯᠠᠨ ᠤᠭᠲᠤᠵᠤ᠂ ᠲᠣᠭᠲᠠᠭᠠᠯ ᠎ ᠠᠴᠠ ᠵᠥᠷᠢᠴᠡᠨ ᠮᠠᠯᠵᠢᠬᠤ᠂ ᠳᠠᠭᠠᠭᠠᠴᠠ ᠠᠴᠠ ᠬᠡᠲᠦᠷᠡᠭᠦᠯᠦᠨ ᠮᠠᠯᠵᠢᠬᠤ ᠦᠶᠯᠡ ᠠᠵᠢᠯᠯᠠᠭ᠎ᠠ ᠶᠢ ᠢᠳᠡᠪᠬᠢᠲᠡᠢ ᠪᠠᠷ ᠢᠯᠡᠴᠢᠯᠡᠨ ᠮᠡᠳᠡᠭᠦᠯᠬᠦ ᠬᠡᠷᠡᠭᠲᠡᠢ᠃ᠪᠡᠯᠴᠢᠭᠡᠷᠯᠡᠭᠦᠯᠬᠦ ᠶᠢ ᠵᠤᠭᠰᠤᠭᠠᠵᠤ ᠪᠡᠯᠴᠢᠭᠡᠷ ᠢ ᠰᠡᠷᠭᠦᠭᠡᠬᠦ᠂ ᠮᠠᠯ ᠪᠡᠯᠴᠢᠭᠡᠷ ᠢ ᠲᠡᠩᠴᠡᠭᠦᠷᠢᠰᠢᠭᠦᠯᠬᠦ ᠪᠠ ᠠᠲᠠᠷ ᠬᠠᠭᠠᠯᠪᠤᠷᠢᠯᠠᠬᠤ ᠶᠢ ᠴᠠᠭᠠᠵᠠᠯᠠᠬᠤ ᠳᠤ ᠬᠢᠨᠠᠯᠲᠠ ᠲᠠᠯᠪᠢᠵᠤ ᠢᠯᠡᠴᠢᠯᠡᠨ ᠮᠡᠳᠡᠭᠦᠯᠬᠦ ᠤᠲᠠᠰᠤ᠄ 0483 ︱ 6521791      ᠳᠠᠯᠠᠶᠢᠬᠦ᠋ᠪ ᠪᠠᠯᠭᠠᠰᠤᠨ ᠤ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ᠄ 13664833315      ᠳ᠋ᠦᠩᠹᠧᠩ ᠪᠠᠯᠭᠠᠰᠤᠨ ᠤ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ᠄ 18748315333      ᠬᠠᠷᠠᠪᠦ᠋ᠷᠭᠦᠳ ᠤᠨ ᠠᠭᠤᠯᠠ ᠪᠠᠯᠭᠠᠰᠤᠨ ᠤ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ᠄ 13804735444      ᠰᠣᠪᠨᠠᠭᠤᠷ ᠰᠤᠮᠤᠨ ᠤ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ᠄ 18748303560      ᠰᠠᠶᠢᠬᠠᠨᠲᠤᠤᠷᠠᠢ ᠰᠤᠮᠤᠨ ᠤ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ᠄ 13948039284      ᠮᠠᠽᠦ᠋ᠩᠱᠠᠨ ᠰᠤᠮᠤᠨ ᠤ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ᠄ 18748313516      ᠥᠩᠲᠦᠭᠤᠣᠯ ᠰᠤᠮᠤᠨ ᠤ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ᠄ 13948054261      ᠪᠠᠶᠠᠨᠲᠤᠤᠷᠠᠢ ᠰᠤᠮᠤᠨ ᠤ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ᠄ 13948063544      ᠪᠠᠶᠠᠨᠲᠤᠬᠤᠢ ᠰᠤᠮᠤᠨ ᠤ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ᠄ 15248319590      ᠲᠠᠷᠢᠶᠠᠯᠠᠩ ᠮᠠᠯ ᠠᠵᠤ ᠠᠬᠤᠢ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠡᠭᠡ ᠠᠩᠭᠢ᠄ 13948062966      ᠡᠭᠦᠨ ᠤ ᠲᠤᠯᠠ ᠣᠨᠴᠠᠭᠠᠶᠢᠯᠠᠨ ᠵᠠᠷᠯᠠᠪᠠ᠃                                               2023 ᠣᠨ ᠤ 3 ᠰᠠᠷ᠎ᠠ ᠶᠢᠨ 28᠎ ᠤ ᠡᠳᠦᠷ
 
ᠢᠷᠡᠯᠲᠡ᠄ ᠡᠵᠡᠨ᠎ᠡ ᠬᠤᠰᠢᠭᠤᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号