ᠴᠡᠭᠡ ᠬᠠᠤᠯᠢ ᠴᠠᠭᠠᠵᠠ ᠶᠢᠨ ᠰᠠᠯᠪᠤᠷᠢ ᠪᠠᠶᠢᠭᠤᠯᠤᠭᠳᠠᠭᠰᠠᠨ ᠠᠴᠠ ᠨᠠᠰᠢ᠂ ᠬᠠᠤᠯᠢ ᠴᠠᠭᠠᠵᠠ ᠶᠢᠨ ᠡᠷᠬᠡ | ᠴᠢᠳᠠᠪᠤᠷᠢ ᠶᠢᠨ ᠦᠢᠯᠡᠳᠦᠯ ᠢ ᠭᠦᠢᠴᠡᠳ ᠪᠠᠳᠠᠷᠠᠭᠤᠯᠤᠨ᠂ ᠰᠢᠨ᠎ᠡ ᠴᠠᠭ ᠦᠶ᠎ᠡ ᠶᠢᠨ ︽ᠹᠧᠩ ᠴᠢᠶᠣᠣ | ᠪᠠᠯᠭᠠᠰᠤᠨ ᠤ ᠲᠤᠷᠰᠢᠯᠭ᠎ᠠ︾ ᠶᠢ ᠦᠢᠯᠡᠳᠦᠯᠭᠡᠵᠢᠭᠦᠯᠵᠦ᠂ ᠴᠡᠭᠡ ᠬᠢᠯᠢ ᠶᠢᠨ ᠲᠤᠮᠢᠯᠠᠭᠰᠠᠨ ᠰᠠᠯᠪᠤᠷᠢ ᠲᠠᠢ | ︽ᠬᠠᠮᠲᠤ ᠪᠠᠷ ᠰᠡᠷᠭᠡᠶᠢᠯᠡᠵᠦ ᠬᠠᠮᠲᠤ ᠪᠠᠷ ᠪᠠᠶᠢᠭᠤᠯᠤᠨ ᠬᠠᠮᠲᠤ ᠪᠠᠷ ᠵᠠᠰᠠᠬᠤ︾ ᠬᠠᠮᠵᠢᠯᠴᠠᠭ᠎ᠠ ᠪᠠᠨ ᠪᠠᠷᠢᠮᠲᠠᠯᠠᠨ᠂ | ᠡᠶᠡᠳᠡᠭᠦᠯᠦᠯ ᠤᠨ ᠬᠡᠯᠪᠡᠷᠢ ᠪᠠᠨ ᠰᠢᠨᠡᠳᠭᠡᠵᠦ᠂ ᠰᠠᠨᠠᠭᠠᠴᠢᠯᠠᠭ᠎ᠠ ᠠᠴᠠ ᠪᠠᠨ ᠠᠵᠢᠯᠯᠠᠨ᠂ ᠦᠢᠯᠡᠴᠢᠯᠡᠭᠡ ᠪᠠᠨ | ᠰᠠᠶᠢᠵᠢᠷᠠᠭᠤᠯᠵᠤ᠂ ᠠᠵᠤ ᠠᠬᠤᠶᠢᠯᠠᠯ ᠳᠤ ᠬᠤᠯᠪᠤᠭᠳᠠᠭᠰᠠᠨ ᠵᠦᠷᠢᠴᠡᠯ ᠵᠠᠭᠤᠷᠠᠯᠳᠤᠭᠠᠨ ᠢ ᠡᠬᠢ ᠡᠭᠦᠰᠦᠯ ᠠᠴᠠ ᠨᠢ | ᠰᠡᠷᠭᠡᠶᠢᠯᠡᠨ ᠡᠵᠡᠮᠳᠡᠬᠦ ᠪᠠ ᠡᠶᠡᠳᠡᠭᠦᠯᠬᠦ ᠠᠵᠢᠯ ᠢ ᠢᠲᠡᠪᠬᠢᠲᠡᠢ ᠰᠠᠶᠢᠲᠦᠷ ᠬᠢᠨ᠂ ᠵᠦᠷᠢᠴᠡᠯ ᠵᠠᠭᠤᠷᠠᠯᠳᠤᠭᠠᠨ ᠢ | ︽ᠬᠡᠷᠡᠭ ᠤᠨ ᠳᠠᠷᠠᠭ᠎ᠠ ᠰᠠᠨᠠᠭᠠᠴᠢᠯᠠᠭᠠᠲᠤ ᠪᠤᠰᠤ ᠪᠠᠷ ᠰᠢᠢᠳᠪᠦᠷᠢᠯᠡᠬᠦ︾ ᠠᠴᠠ ︽ᠬᠡᠷᠡᠭ ᠠᠴᠠ ᠡᠮᠦᠨ᠎ᠡ | ᠰᠠᠨᠠᠭᠠᠴᠢᠯᠠᠭ᠎ᠠ ᠠᠴᠠ ᠪᠠᠨ ᠰᠡᠷᠭᠡᠶᠢᠯᠡᠬᠦ︾ ᠪᠤᠯᠭᠠᠨ ᠬᠤᠪᠢᠷᠠᠭᠤᠯᠵᠤ᠂ ᠬᠠᠤᠯᠢ ᠴᠠᠭᠠᠵᠠ ᠶᠢᠨ ᠵᠡᠪᠰᠡᠭ ᠢᠶᠠᠷ ᠠᠵᠤ | ᠠᠬᠤᠢ ᠶᠢᠨ ᠦᠢᠯᠡᠳᠪᠦᠷᠢ ᠡᠵᠡᠩᠨᠡᠯᠲᠡ ᠳᠤ ︽ᠰᠡᠷᠭᠡᠶᠢᠯᠡᠯᠲᠡ ᠶᠢᠨ ᠬᠡᠷᠡᠮ︾ ᠢ ᠴᠡᠭᠴᠡᠯᠡᠨ᠂ ᠪᠤᠭᠤᠮᠲᠠ ᠳᠤ | ᠰᠠᠶᠢᠨ ᠰᠠᠶᠢᠬᠠᠨ ᠬᠤᠳᠠᠯᠳᠤᠭ᠎ᠠ ᠡᠷᠬᠢᠯᠡᠬᠦ ᠤᠷᠴᠢᠨ ᠲᠤᠭᠤᠷᠢᠨ ᠢ ᠪᠤᠢ ᠪᠤᠯᠭᠠᠨ᠎ᠠ᠃ | ᠴᠡᠭᠡ ᠪᠤᠭᠤᠮᠲᠠ ᠶᠢᠨ ᠠᠵᠤ ᠠᠬᠤᠢ ᠶᠢᠨ ᠨᠡᠭᠡᠭᠡᠯᠲᠡ ᠶᠢᠨ ᠤᠷᠤᠨ ᠤ ᠬᠠᠷᠢᠶ᠎ᠠ ᠤᠷᠤᠨ ᠳᠤ 800 ᠭᠠᠷᠤᠢ | ᠠᠵᠤ ᠠᠬᠤᠶᠢᠯᠠᠯ ᠪᠠᠶᠢᠵᠤ᠂ ᠡᠭᠦᠨ ᠳᠤ ᠨᠡᠭᠦᠷᠡᠰᠦᠨ ᠤ ᠠᠵᠤ ᠠᠬᠤᠶᠢᠯᠠᠯ 300 ᠭᠠᠷᠤᠢ ᠪᠠᠶᠢᠳᠠᠭ᠃ ᠠᠵᠤ | ᠠᠬᠤᠶᠢᠯᠠᠯ ᠤᠨ ᠪᠦᠲᠦᠭᠡᠨ ᠪᠠᠶᠢᠭᠤᠯᠤᠯᠲᠠ᠂ ᠦᠢᠯᠡᠳᠪᠦᠷᠢᠯᠡᠯ᠂ ᠡᠵᠡᠩᠨᠡᠯᠲᠡ ᠵᠡᠷᠭᠡ ᠶᠠᠪᠤᠴᠠ ᠳᠤ ᠭᠡᠷ᠎ᠡ ᠶᠢᠨ | ᠵᠠᠭᠤᠷᠠᠯᠳᠤᠭᠠᠨ᠂ ᠬᠦᠳᠡᠯᠮᠦᠷᠢ ᠶᠢᠨ ᠮᠠᠷᠭᠤᠯᠳᠤᠭᠠᠨ᠂ ᠠᠵᠤ ᠠᠬᠤᠢ ᠶᠢᠨ ᠵᠠᠭᠤᠷᠠᠯᠳᠤᠭᠠᠨ ᠵᠡᠷᠭᠡ ᠵᠦᠷᠢᠴᠡᠯ | ᠵᠠᠭᠤᠷᠠᠯᠳᠤᠭᠠᠨ ᠦᠷᠭᠦᠯᠵᠢ ᠳᠤᠬᠢᠶᠠᠯᠳᠤᠳᠠᠭ᠃ ᠤᠶᠢᠷ᠎ᠠ ᠶᠢᠨ ᠡᠳᠦᠷ᠂ ᠴᠡᠭᠡ ᠬᠠᠤᠯᠢ ᠴᠠᠭᠠᠵᠠ ᠶᠢᠨ ᠰᠠᠯᠪᠤᠷᠢ | ᠨᠢᠭᠡᠨ ᠨᠡᠭᠦᠷᠡᠰᠦᠨ ᠤ ᠬᠦᠮᠦᠷᠭᠡ ᠶᠢᠨ ᠵᠠᠭᠤᠷᠠᠯᠳᠤᠭᠠᠨ ᠢ ᠠᠮᠵᠢᠯᠲᠠᠢ ᠰᠢᠢᠳᠪᠦᠷᠢᠯᠡᠪᠡ᠃ ᠦᠪᠦᠷ ᠮᠤᠩᠭᠤᠯ ᠤᠨ | ᠨᠢᠭᠡᠨ ᠨᠡᠭᠦᠷᠡᠰᠦᠨ ᠤ ᠡᠨᠧᠷᠬᠢ ᠶᠢᠨ ᠬᠢᠵᠠᠭᠠᠷᠲᠦ ᠺᠤᠮᠫᠠᠨᠢ ᠶᠢᠨ ᠬᠦᠮᠦᠷᠭᠡ ᠨᠢ ᠦᠪᠦᠷ ᠮᠤᠩᠭᠤᠯ ᠤᠨ ᠨᠢᠭᠡᠨ | ᠲᠤᠬᠠᠢ ᠶᠢᠨ ᠭᠠᠵᠠᠷ ᠤᠨ ᠡᠨᠧᠷᠬᠢ ᠶᠢᠨ ᠬᠢᠵᠠᠭᠠᠷᠲᠦ ᠺᠤᠮᠫᠠᠨᠢ ᠶᠢᠨ ᠵᠦᠪᠰᠢᠶᠡᠷᠡᠯ ᠦᠭᠡᠢ ᠪᠠᠷ ᠨᠥᠭᠡᠴᠡᠯᠡᠭᠰᠡᠨ | 6000 ᠭᠠᠷᠤᠢ ᠲᠤᠨ ᠨᠡᠭᠦᠷᠡᠰᠦ ᠶᠢ ᠭᠠᠳᠠᠭᠰᠢ ᠪᠤᠷᠤᠯᠠᠭᠤᠯᠵᠤ᠂ ᠡᠭᠦᠨ ᠳᠤ ᠲᠤᠰ ᠨᠡᠭᠦᠷᠡᠰᠦᠨ ᠤ ᠡᠨᠧᠷᠬᠢ ᠶᠢᠨ | ᠬᠢᠵᠠᠭᠠᠷᠲᠦ ᠺᠤᠮᠫᠠᠨᠢ ᠠᠴᠠ ᠨᠡᠭᠦᠷᠡᠰᠦᠨ ᠤ ᠪᠠᠷᠠᠭ᠎ᠠ ᠶᠢ ᠪᠤᠴᠠᠭᠠᠯᠭᠠᠬᠤ ᠶᠢᠨ ᠬᠠᠮᠲᠤ ᠬᠤᠬᠢᠷᠠᠯ ᠢ ᠲᠦᠯᠦᠬᠦ ᠶᠢ | ᠭᠤᠶᠤᠴᠢᠯᠠᠵᠡᠢ᠃ ᠴᠡᠭᠡ ᠬᠠᠤᠯᠢ ᠴᠠᠭᠠᠵᠠ ᠶᠢᠨ ᠰᠠᠯᠪᠤᠷᠢ ᠪᠠ ᠰᠠᠯᠪᠤᠷᠢ ᠶᠢᠨ ᠴᠠᠭᠳᠠᠭ᠎ᠠ ᠬᠤᠯᠪᠤᠭᠠᠯᠠᠨ | ᠬᠦᠳᠡᠯᠦᠯᠴᠠᠵᠦ᠂ ᠬᠤᠶᠠᠷ ᠲᠠᠯ᠎ᠠ ᠶᠢ ᠵᠤᠬᠢᠶᠠᠨ ᠪᠠᠶᠢᠭᠤᠯᠤᠨ ᠡᠶᠡᠳᠡᠭᠦᠯᠦᠨ᠂ ᠬᠡᠷᠡᠭ ᠤᠨ ᠪᠤᠳᠠᠳᠤ ᠪᠠᠶᠢᠳᠠᠯ ᠢᠶᠠᠷ | ᠬᠠᠤᠯᠢ ᠴᠠᠭᠠᠵᠠ ᠶᠢᠨ ᠬᠠᠷᠢᠴᠠᠭ᠎ᠠ ᠶᠢ ᠵᠠᠳᠠᠯᠵᠤ᠂ ᠬᠠᠤᠯᠢ ᠴᠠᠭᠠᠵᠠ ᠶᠢᠨ ᠬᠠᠷᠢᠭᠤᠴᠠᠯᠭ᠎ᠠ ᠶᠢᠨ ᠬᠠᠷᠢᠶᠠᠯᠠᠯ ᠢ | ᠲᠤᠳᠤᠷᠬᠠᠶᠢᠯᠠᠨ᠂ ︽ᠰᠡᠳᠭᠢᠯ ᠤᠨ ᠦᠭᠡ ᠪᠠᠨ ᠬᠡᠯᠡᠯᠴᠡᠵᠦ᠂ ᠨᠢᠭᠤᠷᠳᠠᠨ ᠵᠦᠷᠢᠴᠠᠯ ᠢ ᠶᠠᠷᠢᠯᠴᠠᠬᠤ︾ ᠠᠷᠭ᠎ᠠ | ᠬᠡᠮᠵᠢᠶ᠎ᠡ ᠶᠢ ᠠᠪᠴᠦ᠂ ᠲᠦᠯᠦᠪᠦᠷᠢ ᠶᠢᠨ ᠲᠤᠭ᠎ᠠ ᠬᠡᠮᠵᠢᠶᠡᠨ ᠤ ᠠᠰᠠᠭᠤᠳᠠᠯ ᠳᠤ ᠴᠢᠭᠯᠡᠭᠦᠯᠦᠨ ᠬᠤᠶᠠᠷ ᠲᠠᠯ᠎ᠠ ᠶᠢᠨ | ᠲᠤᠬᠠᠢ ᠶᠢᠨ ᠬᠦᠮᠦᠨ ᠤ ᠠᠵᠢᠯ ᠢ ᠰᠠᠶᠢᠲᠦᠷ ᠬᠢᠵᠦ᠂ ᠡᠴᠦᠰ ᠲᠡᠭᠡᠨ ᠬᠤᠶᠠᠷ ᠲᠠᠯ᠎ᠠ ᠪᠠᠷ ᠢᠶᠠᠨ ᠲᠦᠯᠦᠪᠦᠷᠢ ᠶᠢᠨ | ᠬᠡᠯᠡᠯᠴᠡᠭᠡᠷ ᠲᠤᠭᠲᠠᠵᠤ᠂ ᠠᠵᠤ ᠠᠬᠤᠶᠢᠯᠠᠯ ᠤᠨ ᠦᠷᠭᠦᠯᠵᠢᠯᠡᠭᠦᠶᠢᠴᠡ ᠡᠵᠡᠩᠨᠡᠯᠲᠡ ᠶᠢ ᠪᠠᠲᠤᠯᠠᠪᠠ᠃ | ᠦᠪᠦᠷ ᠮᠤᠩᠭᠤᠯ ᠤᠨ ᠨᠢᠭᠡᠨ ᠲᠤᠬᠠᠢ ᠶᠢᠨ ᠭᠠᠵᠠᠷ ᠤᠨ ᠡᠨᠧᠷᠬᠢ ᠶᠢᠨ ᠬᠢᠵᠠᠭᠠᠷᠲᠦ ᠺᠤᠮᠫᠠᠨᠢ ᠶᠢᠨ ᠳᠡᠳ᠋ | ᠶᠡᠷᠦᠩᠬᠡᠢ ᠳᠠᠭᠠᠭᠠᠮᠠᠯ ᠯᠢᠦ ᠭᠤᠸᠠᠩ ᠷᠥᠩ᠄ ︽ᠡᠨᠡ ᠪᠤᠯ ᠠᠵᠤ ᠠᠬᠤᠢ ᠶᠢᠨ ᠦᠪᠡᠷᠲᠡᠭᠡᠨ ᠵᠠᠭᠠᠯᠳᠤᠭᠰᠠᠨ ᠬᠡᠷᠡᠭ᠂ | ᠪᠢᠳᠠ ᠬᠠᠤᠯᠢ ᠴᠠᠭᠠᠵᠠ ᠶᠢᠨ ᠵᠢᠷᠤᠮ ᠢᠶᠠᠷ ᠶᠠᠪᠤᠬᠤ ᠴᠢᠬᠤᠯᠠ ᠲᠠᠢ᠂ ᠳᠠᠷᠤᠢ ᠰᠢᠭᠦᠬᠦ ᠬᠤᠷᠢᠶᠠᠨ ᠳᠤ ᠤᠴᠢᠵᠦ | ᠵᠠᠭᠠᠯᠳᠤᠯᠭ᠎ᠠ ᠬᠢᠨ᠎ᠡ᠂ ᠡᠨᠡ ᠶᠠᠪᠤᠴᠠ ᠨᠢ ᠶᠡᠭᠡ ᠤᠳᠠᠭᠠᠨ ᠪᠠᠶᠢᠳᠠᠭ᠃ ᠡᠨᠡ ᠤᠳᠠᠭ᠎ᠠ ᠮᠠᠨ ᠤ ᠠᠵᠤ | ᠠᠬᠤᠶᠢᠯᠠᠯ ᠳᠤ ᠠᠪᠴᠦ ᠬᠡᠯᠡᠪᠡᠯ ᠪᠢᠳᠠᠨ ᠤ ᠱᠠᠭᠠᠷᠳᠠᠯᠭ᠎ᠠ ᠳᠤ ᠬᠦᠷᠦᠭᠰᠡᠨ᠂ ᠪᠠᠰᠠ ᠴᠠᠭ ᠢ ᠠᠷᠪᠢᠯᠠᠵᠤ᠂ | ᠦᠪᠡᠷ ᠤᠨ ᠦᠷᠲᠡᠭ ᠢ ᠠᠷᠪᠢᠠᠯᠵᠤ ᠴᠢᠳᠠᠭᠰᠠᠨ ᠢᠶᠠᠷ ᠪᠠᠷᠠᠬᠤ ᠦᠭᠡᠢ᠂ ᠪᠢᠳᠠᠨ ᠳᠤ ᠦᠷ᠎ᠡ ᠠᠰᠢᠭ ᠢ ᠡᠭᠦᠳᠦᠭᠰᠡᠨ | ᠪᠠᠶᠢᠨ᠎ᠠ︾ ᠭᠡᠪᠡ᠃ | ᠴᠡᠭᠡ ᠬᠠᠤᠯᠢ ᠴᠠᠭᠠᠵᠠ ᠶᠢᠨ ᠰᠠᠯᠪᠤᠷᠢ ᠪᠠᠶᠢᠭᠤᠯᠤᠭᠳᠠᠭᠰᠠᠨ ᠨᠢᠭᠡ ᠰᠠᠷ᠎ᠠ ᠶᠢᠨ ᠬᠤᠭᠤᠴᠠᠭᠠᠨ ᠳᠤ᠂ ᠴᠡᠭᠡ | ᠪᠤᠭᠤᠮᠲᠠ ᠶᠢᠨ ᠠᠵᠤ ᠠᠬᠤᠢ ᠶᠢᠨ ᠨᠡᠭᠡᠭᠡᠯᠲᠡ ᠶᠢᠨ ᠤᠷᠤᠨ ᠤ ᠠᠵᠤ ᠠᠬᠤᠶᠢᠯᠠᠯ ᠤᠨ ᠢᠷᠭᠡᠨ ᠤ | ᠵᠢᠭᠤᠷᠠᠯᠳᠤᠭᠠᠨ ᠤ ᠵᠠᠷᠭᠤ ᠶᠢᠨ ᠨᠤᠷᠮ᠎ᠠ ᠶᠢ ᠦᠨᠡᠨᠬᠦ ᠪᠠᠭᠠᠰᠬᠠᠵᠤ᠂ ᠤᠨᠤᠪᠴᠢᠲᠠᠢ ᠪᠠᠷ ᠬᠦᠴᠢᠷᠳᠡᠯ ᠢ | ᠰᠢᠢᠳᠪᠦᠷᠢᠯᠡᠵᠦ ᠠᠵᠤ ᠠᠬᠤᠶᠢᠯᠠᠯ ᠢ ᠲᠤᠰᠠᠯᠠᠨ᠂ ᠰᠠᠶᠢᠨ ᠰᠠᠶᠢᠬᠠᠨ ᠬᠠᠤᠯᠢ ᠴᠠᠭᠠᠵᠠ ᠶᠢᠨ ᠦᠷ᠎ᠡ ᠪᠦᠲᠦᠮᠵᠢ ᠪᠠ | ᠨᠡᠶᠢᠬᠡᠮ ᠤᠨ ᠦᠷ᠎ᠡ ᠪᠦᠲᠦᠮᠵᠢ ᠶᠢ ᠤᠯᠤᠭᠰᠠᠨ ᠪᠠᠶᠢᠨ᠎ᠠ᠃ | ᠴᠡᠭᠡ ᠬᠢᠯᠢ ᠶᠢᠨ ᠲᠤᠮᠢᠯᠠᠭᠰᠠᠨ ᠰᠠᠯᠪᠤᠷᠢ ᠶᠢᠨ ᠳᠠᠷᠤᠭ᠎ᠠ ᠬᠤᠩ ᠢᠦᠢ᠄ ︽ᠠᠵᠢᠯ ᠦᠷᠨᠢᠭᠳᠡᠵᠦ | ᠡᠬᠢᠯᠡᠭᠰᠡᠨ ᠠᠴᠠ ᠨᠠᠰᠢ᠂ ᠡᠳᠦᠷ ᠲᠤ ᠪᠠᠷᠤᠭ 3 ᠠᠴᠠ 4 ᠵᠠᠭᠤᠷᠠᠯᠳᠤᠭᠠᠨ ᠤ ᠲᠦᠷᠦᠯ ᠤᠨ ᠬᠡᠷᠡᠭ ᠢ ᠬᠦᠯᠢᠶᠡᠨ | ᠠᠪᠳᠠᠭ᠂ ᠨᠢᠭᠡ ᠰᠠᠷ᠎ᠠ ᠶᠢᠨ ᠬᠤᠭᠤᠴᠠᠭᠠᠨ ᠳᠤ ᠡᠶᠡᠳᠡᠭᠦᠯᠦᠭᠡᠳ ᠠᠮᠵᠢᠯᠲᠠ ᠤᠯᠤᠭᠰᠠᠨ ᠬᠡᠷᠡᠭ ᠤᠨ ᠵᠤᠭᠤᠰ ᠤᠨ | ᠲᠤᠭ᠎ᠠ 500 ᠲᠦᠮᠡ ᠭᠠᠷᠤᠢ ᠲᠦᠭᠦᠷᠢᠭ ᠲᠤ ᠬᠦᠷᠴᠦ ᠪᠤᠢ᠂ ᠤᠳᠤ ᠪᠠᠰᠠ ᠬᠡᠳᠦᠨ ᠲᠤᠭ᠎ᠠ ᠬᠡᠮᠵᠢᠶ᠎ᠡ ᠪᠠᠷ | ᠨᠡᠯᠢᠶᠡᠳ ᠶᠡᠭᠡ ᠭᠡᠷ᠎ᠡ ᠶᠢᠨ ᠵᠠᠷᠭᠤ ᠶᠢ ᠡᠶᠡᠳᠡᠭᠦᠯᠵᠦ ᠪᠠᠶᠢᠬᠤ ᠬᠤᠭᠤᠴᠠᠭᠠᠨ ᠳᠠᠭᠠᠨ ᠪᠠᠶᠢᠨ᠎ᠠ᠃ ᠳᠠᠷᠠᠭᠠᠴᠢ ᠶᠢᠨ | ᠠᠯᠬᠤᠮ ᠳᠤ ᠪᠢᠳᠠ ᠦᠷᠭᠦᠯᠵᠢᠯᠡᠨ ᠰᠢᠨ᠎ᠡ ᠴᠠᠭ ᠦᠶ᠎ᠡ ᠶᠢᠨ ᠹᠧᠩ ᠴᠢᠶᠣᠣ ᠪᠠᠯᠭᠠᠰᠤᠨ ᠤ ᠲᠤᠷᠰᠢᠯᠭ᠎ᠠ ᠶᠢ | ᠦᠢᠯᠡᠳᠦᠯᠭᠡᠵᠢᠭᠦᠯᠵᠦ᠂ ᠵᠦᠷᠢᠴᠡᠯ ᠵᠠᠭᠤᠷᠠᠯᠳᠤᠭᠠᠨ ᠢ ᠤᠯᠠᠨ ᠡᠰᠢᠴᠢᠯᠡᠨ ᠰᠢᠢᠳᠪᠦᠷᠢᠯᠡᠵᠦ᠂ ᠵᠦᠷᠢᠴᠡᠯ ᠢ ᠳᠡᠭᠡᠭᠰᠢ | ᠲᠤᠰᠢᠶᠠᠬᠤ ᠦᠭᠡᠢ᠂ ᠠᠮᠦᠷ ᠲᠦᠪᠰᠢᠨ ᠪᠠᠶᠢᠬᠤ ᠶᠢ ᠪᠡᠶᠡᠯᠡᠭᠦᠯᠦᠨ᠎ᠡ︾ ᠭᠡᠪᠡ᠃ | |