3 ᠳ᠋ᠤᠭᠠᠷ ᠰᠠᠷ᠎ᠠ ᠶᠢᠨ 29 ᠤ ᠡᠳᠦᠷ᠂ ᠰᠣᠪᠨᠠᠭᠤᠷ ᠰᠤᠮᠤ ᠨᠢ ᠬᠤᠰᠢᠭᠤᠨ ᠤ ᠠᠷᠠᠳ ᠤᠨ ᠵᠡᠪᠰᠡᠭᠲᠦ | ᠬᠦᠴᠦᠨ ᠤ ᠬᠡᠯᠲᠡᠰ ᠲᠤ ︽ᠴᠡᠷᠢᠭ ᠠᠷᠡᠣᠨ ᠬᠠᠮᠵᠢᠯᠴᠠᠭᠰᠠᠨ ᠶᠠᠳᠠᠭᠤ ᠶᠢ ᠲᠡᠣᠡᠬᠦᠬᠦ ᠠᠵᠤ ᠦᠢᠯᠡᠰᠵᠢᠯᠳᠠ︾ ᠶᠢᠨ | ᠲᠦᠷᠦᠯ ᠵᠦᠢᠯ ᠠᠴᠠ ᠠᠰᠢᠭ ᠣᠷᠤᠯᠭ᠎ᠠ ᠶᠢ ᠬᠤᠪᠢᠶᠠᠬᠤ ᠶᠡᠭᠡ ᠬᠤᠷᠠᠯ ᠬᠢᠵᠦ᠂ ᠰᠣᠪᠨᠠᠭᠤᠷ ᠰᠤᠮᠤ ᠠᠴᠠ ᠢᠷᠡᠭᠰᠡᠨ | 22 ᠶᠠᠳᠠᠭᠤ ᠠᠴᠠ ᠠᠩᠭᠢᠵᠢᠷᠠᠭᠰᠠᠨ ᠡᠷᠦᠬᠡ ᠪᠠᠶᠠᠷ ᠬᠦᠷ ᠲᠠᠢ ᠪᠠᠷ ᠲᠣᠰ ᠠᠰᠢᠭ ᠢ ᠬᠦᠷᠲᠡᠪᠡ᠃ ᠬᠤᠰᠢᠭᠤᠨ ᠤ | ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠠᠷᠠᠳ ᠤᠨ ᠵᠡᠪᠰᠡᠭᠲᠦ ᠬᠦᠴᠦᠨ ᠤ ᠬᠡᠯᠲᠡᠰ ᠤᠨ ᠳᠠᠷᠤᠭ᠎ᠠ ᠾᠧ | ᠲᠤᠤ᠂ ᠰᠤᠪᠠᠨᠠᠭᠤᠷ ᠰᠤᠮᠤ ᠶᠢᠨ ᠮᠠᠯᠴᠢᠨ ᠲᠠᠷᠢᠶᠠᠴᠢᠨ ᠵᠢᠴᠢ ᠡᠷᠦᠬᠡ ᠶᠢᠨ ᠴᠡᠷᠢᠭ ᠤᠳ ᠲᠠᠷᠬᠠᠭᠠᠬᠤ ᠶᠣᠰᠣᠯᠠᠯ ᠳᠤ | ᠣᠷᠣᠯᠴᠠᠪᠠ᠃ | ᠠᠰᠢᠭ ᠣᠷᠣᠯᠭ᠎ᠠ ᠶᠢ ᠬᠤᠪᠢᠶᠠᠬᠤ ᠶᠡᠭᠡ ᠬᠤᠷᠠᠯ ᠳᠤ᠂ ᠰᠣᠪᠨᠠᠭᠤᠷ ᠰᠤᠮᠤᠨ ᠤ 22 ᠡᠷᠦᠬᠡ ᠶᠠᠳᠠᠭᠤ ᠠᠴᠠ | ᠠᠩᠭᠢᠵᠢᠷᠠᠭᠰᠠᠨ ᠡᠷᠦᠬᠡ ᠳᠤ ᠨᠡᠶᠢᠲᠡ 4.4 ᠲᠦᠮᠡᠨ ᠲᠥᠭᠦᠷᠢᠭ ᠤᠨ ᠠᠰᠢᠭ ᠬᠤᠪᠢᠶᠠᠬᠤ ᠪᠡᠯᠡ ᠮᠥᠩᠭᠦ | ᠲᠠᠷᠬᠠᠭᠠᠵᠤ᠂ ᠡᠷᠦᠬᠡ ᠪᠦᠷᠢ 2000 ᠲᠥᠭᠦᠷᠢᠭ ᠶᠢᠨ ᠬᠤᠪᠢᠶᠠᠷᠢ ᠬᠦᠷᠲᠡᠵᠦ᠂ ᠰᠤᠪᠨᠠᠭᠤᠷ ᠰᠣᠮᠣᠨ ᠤ ᠢᠪᠡᠤᠳᠤ | ᠭᠠᠴᠠᠭᠠᠨ ᠤ ᠨᠠᠮ ᠤᠨ ᠡᠭᠦᠷ ᠠᠴᠠ ᠪᠠᠰᠠ ᠨᠠᠮ ᠤᠨ ᠪᠠᠶᠢᠭᠤᠯᠤᠯᠲᠠ ᠶᠢᠨ ᠬᠠᠪᠰᠤᠷᠤᠨ ᠲᠡᠳᠬᠦᠬᠦ ᠬᠠᠮᠲᠤ ᠪᠠᠷ | ᠪᠠᠶᠢᠭᠤᠯᠬᠤ ᠡᠳ᠋ ᠪᠣᠳᠠᠰ ᠢ ᠬᠠᠨᠳᠢᠪᠯᠡᠪᠠ᠃ ᠲᠤᠰ ᠤᠳᠠᠭᠠᠨ ᠤ ᠴᠡᠷᠢᠭ ᠠᠷᠡᠣᠨ ᠬᠠᠮᠵᠢᠯᠴᠠᠭᠰᠠᠨ ᠶᠠᠳᠠᠭᠤ ᠶᠢ | ᠲᠡᠣᠡᠬᠦᠬᠦ ᠠᠵᠤ ᠦᠢᠯᠡᠰᠵᠢᠯᠳᠠ ᠶᠢᠨ ᠲᠦᠷᠦᠯ ᠵᠦᠢᠯ ᠤᠨ ᠠᠰᠢᠭ ᠤᠷᠤᠯᠭ᠎ᠠ ᠶᠢ ᠬᠤᠪᠢᠶᠠᠬᠤ ᠠᠵᠢᠯᠯᠠᠭ᠎ᠠ ᠪᠠᠷ | ᠲᠠᠮᠵᠢᠨ᠂ ᠮᠠᠯᠴᠢᠨ ᠲᠠᠷᠢᠶᠠᠴᠢᠳ ᠲᠤ ᠬᠠᠮᠳᠤ ᠶᠢᠨ ᠠᠰᠢᠭ ᠤᠷᠤᠯᠭ᠎ᠠ ᠶᠢᠨ ᠠᠰᠢᠭ ᠬᠦᠷᠳᠡᠮᠵᠢ ᠶᠢ | ᠤᠯᠭᠤᠭᠰᠠᠨ ᠢᠶᠠᠷ ᠪᠠᠷᠠᠬᠤ ᠦᠭᠡᠢ ᠮᠦᠨᠴᠤ ᠲᠡᠳᠡᠨᠡᠷ ᠤᠨ ᠲᠠᠷᠢᠶᠠᠯᠠᠩ ᠮᠠᠯ ᠠᠵᠤ ᠠᠬᠤᠢ ᠶᠢᠨ ᠬᠦᠭᠵᠢᠯᠳᠡ ᠳᠤ | ᠤᠷᠤᠯᠴᠠᠬᠤ ᠰᠡᠳᠬᠢᠯᠭᠡ ᠶᠢ ᠬᠦᠭᠵᠢᠶᠡᠭᠰᠡᠨ ᠪᠠᠶᠢᠨ᠎ᠠ᠃ | 2019 ᠣᠨ ᠳᠤ᠂ ᠰᠣᠪᠨᠠᠭᠤᠷ ᠰᠤᠮᠤᠨ ᠳᠤ ︽ᠴᠡᠷᠢᠭ ᠠᠷᠡᠣᠨ ᠬᠠᠮᠵᠢᠯᠴᠠᠭᠰᠠᠨ ᠶᠠᠳᠠᠭᠤ ᠶᠢ ᠲᠡᠣᠡᠬᠦᠬᠦ | ᠠᠵᠤ ᠦᠢᠯᠡᠰᠵᠢᠯᠳᠠ︾ ᠶᠢᠨ ᠲᠥᠷᠥᠯ ᠵᠦᠢᠯ ᠢ ᠪᠠᠶᠢᠭᠤᠯᠤᠭᠰᠠᠨ ᠠᠴᠠ ᠨᠠᠰᠢ᠂ ᠬᠤᠰᠢᠭᠤᠨ ᠤ ᠠᠷᠠᠳ ᠤᠨ | ᠵᠡᠪᠰᠡᠭᠲᠦ ᠬᠦᠴᠦᠨ ᠤ ᠬᠡᠯᠲᠡᠰ ᠴᠡᠷᠢᠭ ᠠᠩᠭᠢ ᠪᠠ ᠣᠷᠣᠨ ᠨᠤᠲᠤᠭ ᠤᠨ ᠡᠯ᠎ᠡ ᠰᠠᠯᠠᠭ᠎ᠠ ᠮᠥᠴᠢᠷ ᠲᠠᠢ | ᠬᠤᠯᠪᠤᠭᠠᠯᠠᠨ ᠳᠡᠮᠡᠴᠡᠵᠦ᠂ ᠠᠰᠢᠭ ᠤᠷᠤᠯᠭ᠎ᠠ ᠶᠢ ᠬᠤᠪᠢᠶᠠᠬᠤ ᠶᠡᠭᠡ ᠬᠤᠷᠠᠯ ᠢ ᠨᠢᠭᠡᠨᠲᠡ ᠳᠦᠷᠪᠡᠨ ᠵᠢᠯ ᠳᠠᠷᠠᠭᠠᠯᠠᠨ | ᠥᠷᠨᠢᠭᠦᠯᠪᠡ᠃ ᠮᠥᠨᠴᠦ ᠪᠦᠬᠦ ᠺᠠᠳ᠋ᠷᠴᠤᠳ ᠤᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ᠂ ᠲᠦᠷᠦ ᠶᠢᠨ | ᠪᠣᠳᠣᠯᠭ᠎ᠠ ᠶᠢ ᠨᠠᠶᠢᠳᠠᠪᠤᠷᠢᠵᠢᠭᠤᠯᠬᠤ ᠪᠠᠷ ᠳᠠᠮᠵᠢᠭᠤᠯᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ | ᠦᠷ᠎ᠡ ᠪᠦᠲᠦᠭᠡᠯ ᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠠᠢ ᠪᠦᠲᠦᠮᠵᠢᠲᠡᠢ ᠵᠣᠯᠭᠠᠭᠤᠯᠬᠤ ᠶᠢ | ᠲᠠᠰᠤᠷᠠᠯᠲᠠ ᠦᠭᠡᠢ ᠪᠠᠬᠢᠵᠢᠭᠦᠯᠦᠨ ᠥᠷᠭᠡᠳᠬᠡᠵᠦ᠂ ᠶᠠᠳᠠᠭᠤ ᠠᠴᠠ ᠠᠩᠭᠢᠵᠢᠷᠠᠭᠰᠠᠨ ᠡᠷᠤᠬᠡ ᠶᠢ ᠵᠤᠷᠢᠭᠵᠢᠭᠤᠯᠤᠨ | ᠬᠦᠳᠦᠯᠦᠨ ᠵᠢᠯᠤᠭᠤᠳᠴᠤ ᠪᠠᠶᠢᠭᠠᠳ ᠬᠤᠷᠰᠢᠶᠠᠵᠢᠯ ᠤᠨ ᠲᠡᠵᠢᠭᠡᠨ ᠦᠷᠡᠵᠢᠬᠦᠯᠬᠦ ᠦᠢᠯᠡᠰ ᠤᠨ ᠬᠦᠭᠵᠢᠯᠳᠡ ᠳᠤ | ᠢᠳᠡᠪᠬᠢᠲᠠᠢ ᠤᠷᠤᠯᠴᠠᠭᠤᠯᠤᠭᠰᠠᠨ ᠢᠶᠠᠷ ᠶᠠᠳᠠᠭᠤ ᠠᠴᠠ ᠠᠩᠭᠢᠵᠢᠷᠠᠭᠰᠠᠨ ᠡᠷᠤᠬᠡ ᠶᠢ ᠦᠷᠭᠦᠯᠵᠢᠯᠡᠨ | ᠲᠤᠭᠳᠠᠭᠤᠨ ᠢᠶᠠᠷ ᠪᠠᠶᠠᠵᠢᠨ ᠤᠷᠤᠯᠭ᠎ᠠ ᠪᠠᠨ ᠨᠡᠮᠡᠭᠳᠡᠬᠦᠯᠬᠦ ᠠᠵᠤ ᠦᠢᠯᠡᠰ ᠲᠠᠢ ᠪᠤᠯᠭᠠᠵᠤ᠂ ᠠᠮᠢᠳᠤᠷᠠᠯ ᠤᠨ ᠶᠠᠰᠤ | ᠴᠢᠨᠠᠷ ᠢ ᠲᠠᠰᠤᠷᠠᠯᠳᠠ ᠦᠭᠡᠢ ᠲᠡᠭᠡᠭᠰᠢᠯᠡᠭᠦᠯᠦᠭᠰᠡᠨ ᠪᠠᠶᠢᠨ᠎ᠠ᠃ | ᠰᠣᠪᠨᠠᠭᠤᠷ ᠰᠤᠮᠤᠨ ᠤ ᠴᠡᠭᠡ ᠭᠠᠴᠠᠭᠠᠨ ᠤ ᠮᠠᠯᠴᠢᠨ ᠳᠠᠩ ᠸᠠᠨ ᠮᠢᠩ᠄ ︽ᠠᠰᠢᠭ ᠬᠤᠪᠢᠶᠠᠷᠢᠯᠠᠯᠲᠠ ᠶᠢ | ᠣᠯᠣᠭᠰᠠᠨ ᠳᠠᠭᠠᠨ ᠪᠢ ᠮᠠᠰᠢ ᠪᠠᠶᠠᠷ ᠲᠠᠢ ᠪᠠᠶᠢᠨ᠎ᠠ᠂ ᠪᠢ ᠡᠨᠠᠬᠦ ᠠᠰᠢᠭ ᠬᠦᠷᠲᠡᠭᠰᠡᠨ ᠮᠥᠩᠭᠦ ᠪᠠᠷ ᠢᠶᠠᠨ ᠥᠪᠡᠷ ᠤᠨ | ᠲᠡᠵᠢᠭᠡᠨ ᠦᠷᠡᠵᠢᠭᠦᠯᠬᠦ ᠲᠤᠰᠠᠯᠠᠬᠤ ᠠᠵᠤ ᠠᠬᠤᠢ ᠳᠠᠭᠠᠨ ᠬᠡᠷᠡᠭᠯᠡᠵᠦ᠂ ᠡᠨᠡ ᠨᠢ ᠨᠠᠳᠠ ᠳᠤ ᠮᠠᠰᠢ ᠶᠡᠭᠡ | ᠬᠠᠪᠰᠤᠷᠤᠯᠭ᠎ᠠ ᠪᠣᠯᠵᠤ ᠪᠠᠶᠢᠨ᠎ᠠ︾ ᠭᠡᠪᠡ᠃ | ᠰᠤᠪᠨᠠᠭᠤᠷ ᠰᠤᠮᠤᠨ ᠤ ᠨᠠᠮ ᠤᠨ ᠬᠤᠷᠢᠶᠠᠨ ᠤ ᠱᠦᠵᠢ ᠬᠤᠤᠰᠪᠠᠭᠠᠨ᠎ᠠ ᠄ ︽︿ᠴᠡᠷᠢᠭ ᠠᠷᠡᠣᠨ | ᠬᠠᠮᠵᠢᠯᠴᠠᠭᠰᠠᠨ ᠶᠠᠳᠠᠭᠤ ᠶᠢ ᠲᠡᠣᠡᠬᠦᠬᠦ ᠠᠵᠤ ᠦᠢᠯᠡᠰᠵᠢᠯᠳᠠ﹀ ᠶᠢᠨ ᠲᠥᠷᠥᠯ ᠵᠦᠢᠯ ᠢ ᠬᠡᠷᠡᠭᠵᠢᠭᠦᠯᠦᠭᠰᠡᠨ ᠠᠴᠠ | ᠨᠠᠰᠢ᠂ ᠠᠯᠠᠱᠠ ᠠᠶᠢᠮᠠᠭ ᠤᠨ ᠴᠡᠷᠢᠭ ᠤᠨ ᠬᠤᠪᠢᠶᠠᠷᠢ ᠲᠣᠭᠤᠷᠢᠭ ᠤᠨ ᠬᠤᠰᠢᠭᠤᠨ ᠤ ᠵᠡᠪᠰᠡᠭᠲᠦ ᠬᠦᠴᠦᠨ ᠤ | ᠬᠡᠯᠲᠡᠰ ᠤᠨ ᠬᠦᠴᠦᠲᠡᠢ ᠳᠡᠮᠵᠢᠯᠭᠡ ᠳᠣᠣᠷ᠎ᠠ᠂ ᠠᠵᠤ ᠦᠢᠯᠡᠰ ᠤᠨ ᠲᠥᠷᠥᠯ ᠵᠦᠢᠯ ᠰᠠᠶᠢᠨ ᠬᠥᠭᠵᠢᠯᠲᠡ ᠲᠠᠢ | ᠪᠣᠯᠪᠠ᠂ ᠡᠨᠡ ᠨᠢ ᠮᠥᠨ ᠴᠦ ᠪᠢᠳᠡᠨ ᠤ ᠬᠥᠳᠡᠭᠡ ᠲᠣᠰᠬᠤᠨ ᠤ ᠬᠥᠭᠵᠢᠯᠲᠡ ᠳᠤ ᠬᠦᠴᠦᠨ ᠨᠡᠮᠡᠷᠢᠯᠡᠵᠦ᠂ | ᠶᠠᠳᠠᠭᠤ ᠠᠴᠠ ᠠᠩᠭᠢᠵᠢᠷᠠᠭᠤᠯᠬᠤ ᠢ ᠰᠢᠢᠳᠪᠦᠷᠢᠯᠡᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ | ᠪᠦᠲᠦᠮᠵᠢᠲᠡᠶ ᠵᠣᠯᠭᠠᠭᠤᠯᠬᠤ ᠦᠢᠯᠡᠳᠦᠯᠭᠡ ᠶᠢᠨ ᠦᠷ᠎ᠡ ᠪᠦᠲᠦᠭᠡᠯ ᠢ ᠪᠢᠴᠢᠭᠯᠡᠭᠰᠡᠨ ᠪᠠᠶᠢᠨ᠎ᠠ᠃ ᠳᠠᠷᠠᠭᠠᠴᠢ ᠶᠢᠨ | ᠠᠯᠬᠤᠮ ᠳᠤ᠂ ᠪᠢᠳᠡ ᠠᠵᠤ ᠦᠢᠯᠡᠰ ᠤᠨ ᠬᠥᠭᠵᠢᠯᠲᠡ ᠳᠤ ᠦᠷᠭᠦᠯᠵᠢᠯᠡᠨ ᠬᠦᠴᠦᠨ ᠨᠡᠮᠡᠷᠢᠯᠡᠵᠦ᠂ ᠲᠦᠷᠦᠯ | ᠵᠦᠢᠯ ᠤᠨ ᠣᠷᠣᠭᠤᠯᠤᠯᠲᠠ ᠶᠢᠨ ᠡᠷᠴᠢᠮ ᠢᠶᠠᠨ ᠴᠢᠩᠭᠠᠷᠠᠭᠤᠯᠵᠤ᠂ ᠨᠡᠩ ᠤᠯᠠᠨ ᠠᠷᠠᠳ ᠢᠷᠭᠡᠳ ᠲᠤ ᠠᠵᠤ | ᠦᠢᠯᠡᠰ ᠤᠨ ᠬᠥᠭᠵᠢᠯᠲᠡ ᠶᠢᠨ ᠠᠰᠢᠭ ᠢ ᠡᠳ᠋ᠯᠡᠭᠦᠯᠦᠨ᠎ᠡ︾ ᠭᠡᠵᠦ ᠪᠠᠶᠢᠯ᠎ᠠ᠃ | |