ᠮᠠᠨ ᠤ ᠬᠤᠰᠢᠭᠤᠨ ᠤ 6 ᠬᠢᠯᠢ ᠶᠢᠨ ᠭᠠᠴᠠᠭᠠᠨ ᠤ 155 ᠲᠠᠷᠠᠬᠠᠢ ᠪᠤᠲᠠᠷᠬᠠᠢ ᠰᠠᠭᠤᠷᠢᠰᠢᠭ᠎ᠠ ᠮᠠᠯᠴᠢᠨ ᠡᠷᠦᠬᠡ ᠲᠦᠭᠡᠭᠡᠯ ᠤᠰᠤ ᠬᠡᠷᠡᠭᠯᠡᠵᠤ ᠡᠬᠢᠯᠡᠪᠡ
ᠨᠡᠶᠢᠲᠡᠯᠡᠭᠰᠡᠨ ᠴᠠᠭ᠄
2023/4/7
      ᠡᠨᠡ ᠵᠢᠯ ᠮᠠᠨ ᠤ ᠬᠤᠰᠢᠭᠤ ᠵᠠᠬ᠎ᠠ ᠬᠢᠵᠠᠭᠠᠷ ᠣᠷᠣᠨ ᠤ ᠲᠦᠭᠡᠭᠡᠯ ᠤᠰᠤ ᠶᠢ ᠡᠷᠦᠬᠡ ᠳᠤ ᠣᠷᠣᠭᠤᠯᠬᠤ ᠵᠢᠴᠢ ᠭᠠᠩ ᠬᠠᠭᠰᠠᠷᠠᠭᠠᠨ ᠲᠠᠢ ᠲᠡᠮᠡᠴᠡᠬᠦ ᠤᠰᠤᠨ ᠤ ᠡᠬᠢ ᠰᠤᠷᠪᠤᠯᠵᠢ ᠶᠢᠨ ᠪᠠᠲᠤᠯᠠᠭᠠᠨ ᠤ ᠪᠦᠲᠦᠭᠡᠨ ᠪᠠᠶᠢᠭᠤᠯᠤᠯᠲᠠ ᠶᠢ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠦᠢᠯ ᠤᠨ ᠨᠢᠭᠡ ᠪᠣᠯᠭᠠᠵᠤ᠂  ᠲᠤᠰ ᠲᠦᠷᠦᠯ ᠵᠦᠢᠯ ᠨᠢ ᠪᠥᠬᠦ ᠬᠤᠰᠢᠭᠤᠨ ᠤ 4 ᠰᠤᠮᠤ ᠪᠠᠯᠭᠠᠰᠤ ᠶᠢᠨ 6 ᠬᠢᠯᠢ ᠶᠢᠨ ᠭᠠᠴᠠᠭᠠᠨ ᠤ 155 ᠲᠠᠷᠠᠬᠠᠢ ᠪᠤᠳᠠᠷᠬᠠᠢ ᠰᠠᠭᠤᠷᠢᠰᠢᠭᠰᠠᠨ ᠮᠠᠯᠵᠢᠬᠤ ᠡᠷᠦᠬᠡ ᠳᠤ ᠬᠤᠯᠪᠣᠭᠳᠠᠨ᠎ᠠ᠃ ᠣᠳᠣᠬᠠᠨ ᠳᠤ᠂ ᠲᠥᠷᠥᠯ ᠵᠦᠢᠯ ᠢ ᠶᠠᠭ ᠡᠮᠬᠢ ᠵᠢᠷᠤᠮ ᠲᠠᠢ ᠪᠠᠷ ᠶᠠᠪᠤᠭᠳᠠᠭᠤᠯᠵᠤ ᠪᠠᠶᠢᠨ᠎ᠠ᠃      ᠪᠤᠯᠠᠭ ᠪᠣᠯ ᠰᠤᠪᠨᠠᠭᠤᠷ ᠰᠤᠮᠤᠨ ᠤ ᠴᠡᠭᠡ ᠭᠠᠴᠭᠠᠠᠨ ᠤ ᠮᠠᠯᠴᠢᠨ ᠶᠤᠮ᠂ ᠥᠩᠭᠡᠷᠡᠭᠰᠡᠨ ᠳᠤ ᠭᠠᠴᠠᠭᠠᠨ ᠤ ᠤᠰᠤᠨ ᠤ ᠴᠢᠨᠠᠷ ᠠᠨᠠᠢ ᠪᠠᠶᠢᠭᠰᠠᠨ ᠪᠣᠯᠬᠤᠷ ᠲᠡᠷᠡ ᠮᠠᠨᠢ ᠬᠡᠳᠦᠨ ᠠᠷᠪᠠᠨ ᠺᠢᠯᠤᠮᠧᠲᠷ ᠤᠨ ᠵᠠᠶᠢᠳᠠᠢ ᠭᠠᠵᠠᠷ ᠲᠤ ᠣᠴᠢᠵᠤ ᠤᠰᠤ ᠲᠠᠲᠠᠵᠤ᠂ ᠨᠢᠭᠡ ᠤᠳᠠᠭ᠎ᠠ ᠤᠰᠤ ᠲᠠᠲᠠᠬᠤ ᠳᠤ ᠬᠠᠭᠠᠰ ᠡᠳᠦᠷ ᠤᠨ ᠴᠠᠭ ᠬᠡᠷᠡᠭᠰᠡᠳᠡᠭ ᠪᠠᠶᠢᠪᠠ᠃ ᠲᠤᠰ ᠲᠥᠷᠥᠯ ᠵᠦᠢᠯ ᠢ ᠬᠡᠷᠡᠭᠵᠢᠭᠦᠯᠦᠭᠰᠡᠨ ᠤ ᠳᠠᠷᠠᠭ᠎ᠠ᠂ ᠬᠠᠷ᠎ᠠ ᠭᠤᠣᠯ ᠤᠨ ᠡᠵᠡᠨ᠎ᠡ ᠶᠢᠨ ᠤᠰᠤᠯᠠᠯᠲᠠ ᠶᠢᠨ ᠣᠷᠣᠨ ᠤ ᠤᠰᠤᠨ ᠠᠰᠢᠭᠯᠠᠯᠲᠠ ᠶᠢᠨ ᠬᠦᠭᠵᠢᠬᠦᠯᠦᠯᠳᠡ ᠶᠢᠨ ᠲᠥᠪ ᠠᠴᠠ ᠪᠠᠷᠢᠯᠭ᠎ᠠ ᠶᠢᠨ ᠠᠵᠢᠯᠲᠠᠨ ᠢ ᠵᠣᠬᠢᠶᠠᠨ ᠪᠠᠶᠢᠭᠤᠯᠵᠤ ᠲᠡᠳᠡᠨ ᠤ ᠳᠤ ᠲᠦᠭᠡᠭᠡᠯ ᠤᠰᠤᠨ ᠤ ᠲᠥᠬᠦᠭᠡᠷᠦᠮᠵᠢ ᠶᠢ ᠤᠭᠰᠠᠷᠠᠵᠤ ᠦᠭᠭᠦᠭᠰᠡᠨ ᠠᠴᠠ ᠣᠲᠣ  ᠪᠤᠯᠠᠭ ᠤᠨ ᠬᠢ ᠴᠡᠪᠡᠷᠰᠢᠭᠦᠯᠦᠭᠰᠡᠨ ᠲᠦᠭᠡᠭᠡᠯ ᠤᠰᠤ ᠶᠢ ᠬᠡᠷᠡᠭᠯᠡᠵᠦ ᠴᠢᠳᠠᠬᠤ ᠪᠤᠯᠵᠡᠢ᠃      ᠮᠠᠯᠴᠢᠨ ᠪᠤᠯᠠᠭ᠄ ︽ᠦᠩᠭᠡᠷᠡᠭᠰᠡᠨ ᠳᠤ ᠬᠤᠶᠠᠷ ᠭᠤᠷᠪᠠᠨ ᠡᠳᠤᠷ ᠲᠤ ᠨᠢᠭᠡ ᠤᠴᠢᠵᠤ ᠤᠰᠤ ᠲᠠᠳᠠᠵᠤ ᠢᠷᠡᠳᠡᠭ ᠪᠠᠶᠢᠭᠰᠠᠨ᠂ ᠤᠳᠤ ᠶᠢᠨ ᠠᠮᠢᠳᠤᠷᠠᠯ ᠦᠩᠭᠡᠷᠡᠭᠰᠡᠨ ᠲᠠᠢ ᠠᠳᠠᠯᠢᠳᠬᠠᠪᠠᠯ ᠵᠤᠯ ᠵᠢᠷᠭᠠᠯ ᠪᠠᠶᠢᠨ᠎ᠠ᠂        ᠬᠤᠳᠠ ᠶᠢᠨ ᠬᠢ ᠲᠠᠢ ᠠᠳᠠᠯᠢ ᠭᠡᠷ ᠲᠡᠭᠡᠨ ᠤᠤᠭᠤᠬᠤ ᠤᠰᠤ ᠪᠠᠨ ᠲᠤᠰᠴᠤ ᠴᠢᠳᠠᠬᠤ ᠪᠤᠯᠤᠭᠰᠠᠨ᠂  ᠡᠨᠡ ᠨᠢ ᠪᠢᠳᠠᠨ ᠤ ᠦᠢᠯᠡᠳᠪᠤᠷᠢᠯᠡᠯ ᠠᠮᠢᠳᠤᠷᠠᠯ ᠳᠤ ᠲᠦᠢᠯ ᠤᠨ ᠶᠡᠭᠡ ᠲᠦᠭᠦᠮ ᠢ ᠠᠪᠴᠢᠷᠠᠭᠰᠠᠨ ᠪᠠᠶᠢᠨ᠎ᠠ︾ ᠭᠡᠪᠡ᠃      ᠮᠠᠨ ᠤ ᠬᠤᠰᠢᠭᠤᠨ ᠤ ᠵᠠᠬ᠎ᠠ ᠬᠢᠵᠠᠭᠠᠷ ᠣᠷᠣᠨ ᠤ ᠲᠦᠭᠡᠭᠡᠯ ᠤᠰᠤ ᠶᠢ ᠡᠷᠦᠬᠡ ᠳᠤ ᠣᠷᠣᠭᠤᠯᠬᠤ ᠢᠨᠵᠧᠨᠧᠷᠢᠩ ᠳᠤ ᠨᠡᠶᠢᠲᠡ 262 ᠲᠦᠮᠡᠨ ᠲᠥᠭᠦᠷᠢᠭ ᠤᠨ ᠪᠡᠯᠡ ᠤᠷᠤᠭᠤᠯᠤᠨ᠂ ᠬᠢᠯᠢ ᠶᠢᠨ ᠭᠠᠴᠠᠭᠠᠨ ᠤ ᠮᠠᠯᠴᠢᠨ ᠡᠷᠦᠬᠡ ᠳᠤ ᠰᠦᠢᠳᠬᠡᠯ ᠬᠤᠷᠢᠶᠠᠬᠤ ᠦᠭᠡᠢ ᠪᠠᠷ ᠪᠡᠶ᠎ᠡ ᠪᠠᠨ ᠳᠠᠭᠠᠭᠠᠵᠤ ᠠᠵᠢᠯᠯᠠᠬᠤ ᠵᠢᠵᠢᠭ ᠬᠡᠯᠪᠡᠷᠢ ᠶᠢᠨ ᠲᠦᠭᠡᠭᠡᠯ ᠤᠰᠤᠨ ᠤ ᠤᠰᠤ ᠬᠠᠩᠭᠠᠬᠤ ᠰᠢᠰᠲ᠋ᠧᠮ ᠢ ᠤᠭᠰᠠᠷᠴᠤ᠂ ᠢᠵᠢ ᠪᠦᠷᠢ ᠨᠢ 1.6 ᠲᠦᠮᠡ ᠭᠠᠷᠤᠢ ᠲᠥᠭᠦᠷᠢᠭ  ᠪᠤᠯᠤᠨ᠎ᠠ᠃ ᠲᠤᠰ ᠲᠦᠭᠦᠭᠡᠷᠤᠮᠵᠢ ᠨᠢ ᠤᠰᠤ ᠬᠠᠳᠠᠭᠠᠯᠠᠬᠤ᠂ ᠴᠡᠪᠡᠷᠰᠢᠭᠦᠯᠬᠦ᠂ ᠠᠷᠢᠭᠤᠳᠬᠠᠬᠤ ᠵᠡᠷᠭᠡ ᠴᠢᠳᠠᠮᠵᠢ ᠲᠠᠢ ᠪᠠᠶᠢᠵᠤ᠂ ᠪᠤᠶᠢᠳᠠ ᠪᠥᠭᠯᠡᠭᠦᠦ ᠮᠠᠯᠵᠢᠬᠤ ᠣᠷᠣᠨ ᠤ ᠭᠠᠩ ᠬᠠᠭᠤᠷᠠᠢ ᠤᠰᠤ ᠳᠤᠲᠠᠭᠳᠠᠬᠤ᠂ ᠮᠠᠯᠴᠢᠳ ᠤᠨ ᠠᠮᠢᠳᠤᠷᠠᠯ ᠳᠤ ᠬᠡᠷᠡᠭᠯᠡᠬᠦ ᠤᠰᠤ ᠶᠢ ᠰᠢᠢᠳᠪᠤᠷᠢᠯᠡᠬᠦ ᠳᠤ ᠨᠡᠯᠢᠶᠡᠳ ᠴᠢᠩᠭ᠎ᠠ ᠬᠡᠷᠡᠭᠯᠡᠭᠡᠨ ᠤ ᠴᠢᠨᠠᠷ ᠲᠠᠢ  ᠶᠤᠮ᠃      ᠬᠢᠨᠠᠨ ᠬᠠᠮᠢᠶᠠᠷᠬᠤ ᠨᠢᠭᠡᠴᠡ ᠶᠢᠨ ᠲᠤᠬᠠᠢ ᠶᠢᠨ ᠲᠠᠯᠠᠪᠤᠷ ᠤᠨ ᠬᠠᠷᠢᠭᠤᠴᠠᠯᠭᠠᠲᠠᠨ ᠯᠢᠦ ᠫᠧᠩ ᠯᠦᠩ᠄ ︽ᠮᠠᠨ ᠤ ᠡᠨᠡ ᠲᠥᠬᠦᠭᠡᠷᠦᠮᠵᠢ ᠭᠤᠣᠯᠳᠠᠭᠤ ᠲᠠᠪᠤᠨ ᠶᠡᠭᠡ ᠬᠡᠰᠡᠭ ᠢᠶᠠᠷ ᠪᠦᠷᠢᠯᠳᠦᠵᠡᠢ᠂ ᠤᠰᠤ ᠬᠠᠳᠠᠭᠠᠯᠠᠬᠤ       ᠠᠪᠳᠠᠷ᠎ᠠ᠂ ᠤᠰᠤ ᠠᠷᠢᠭᠤᠳᠬᠠᠬᠤ ᠮᠠᠰᠢᠨ᠂ ᠪᠠᠰᠠ 260 ᠯᠢᠲᠷ ᠤᠨ ᠳᠠᠷᠤᠯᠲᠠᠲᠤ ᠰᠠᠪᠠ᠂  ᠬᠦᠷᠢᠨ ᠤ ᠭᠠᠳᠠᠨᠠᠬᠢ ᠲᠤᠶᠠᠭᠠᠨ ᠤ ᠠᠷᠢᠭᠤᠳᠬᠠᠬᠤ ᠲᠥᠬᠦᠭᠡᠷᠦᠮᠵᠢ ᠲᠠᠢ ᠶᠤᠮ︾ ᠭᠡᠪᠡ᠃      ᠮᠠᠨ ᠤ ᠬᠤᠰᠢᠭᠤᠨ ᠤ ᠵᠠᠬ᠎ᠠ ᠬᠢᠵᠠᠭᠠᠷ ᠣᠷᠣᠨ ᠤ ᠲᠦᠭᠡᠭᠡᠯ ᠤᠰᠤ ᠶᠢ ᠡᠷᠦᠬᠡ ᠳᠤ ᠣᠷᠣᠭᠤᠯᠬᠤ ᠵᠢᠴᠢ ᠭᠠᠩ ᠬᠠᠭᠰᠠᠷᠠᠭᠠᠨ ᠲᠠᠢ ᠲᠡᠮᠡᠴᠡᠬᠦ ᠤᠰᠤᠨ ᠤ ᠡᠬᠢ ᠰᠤᠷᠪᠤᠯᠵᠢ ᠶᠢᠨ ᠪᠠᠲᠤᠯᠠᠭᠠᠨ ᠤ ᠪᠦᠲᠦᠭᠡᠨ ᠪᠠᠶᠢᠭᠤᠯᠤᠯᠲᠠ ᠶᠢᠨ ᠲᠦᠷᠦᠯ ᠵᠦᠢᠯ ᠤᠨ ᠶᠡᠷᠦᠩᠬᠡᠢ ᠪᠡᠯᠡ ᠣᠷᠣᠭᠤᠯᠤᠯᠲᠠ 645 ᠲᠦᠮᠡᠨ ᠲᠥᠭᠦᠷᠢᠭ ᠪᠠᠶᠢᠵᠤ᠂ ᠲᠤᠰ ᠲᠦᠷᠦᠯ ᠵᠦᠢᠯ ᠳᠤ ᠬᠠᠷ᠎ᠠ ᠪᠦᠷᠭᠦᠳ ᠤᠨ ᠠᠭᠤᠯᠠ ᠪᠠᠯᠭᠠᠰᠤ᠂  ᠰᠠᠶᠢᠬᠠᠨᠳᠤᠤᠷᠠᠢ ᠰᠤᠮᠤ᠂ ᠰᠤᠪᠨᠠᠭᠤᠷ ᠰᠤᠮᠤ᠂ ᠦᠩᠳᠤᠭᠤᠤᠯ ᠰᠤᠮᠤ ᠵᠡᠷᠭᠡ 6 ᠬᠢᠯᠢ ᠶᠢᠨ ᠭᠠᠴᠠᠭᠠᠨ ᠤ 155 ᠲᠠᠷᠠᠬᠠᠢ ᠰᠠᠭᠤᠷᠢᠰᠢᠭᠰᠠᠨ ᠮᠠᠯᠵᠢᠬᠤ ᠡᠷᠦᠬᠡ ᠳᠤ ᠲᠦᠭᠡᠭᠡᠯ ᠤᠰᠤ ᠶᠢ ᠣᠷᠣᠭᠤᠯᠬᠤ ᠲᠥᠬᠦᠭᠡᠷᠦᠮᠵᠢ ᠶᠢ ᠢᠵᠢ ᠪᠦᠷᠢᠳᠦᠭᠦᠯᠦᠨ  ᠤᠭᠰᠠᠷᠠᠵᠤ᠂ ᠪᠦᠬᠦ ᠬᠤᠰᠢᠭᠤᠨ ᠤ 9 ᠰᠤᠮᠤ ᠪᠠᠯᠭᠠᠰᠤᠨ ᠳᠤ 33 ᠭᠠᠩ ᠢ ᠡᠰᠡᠷᠭᠦᠴᠡᠬᠦ ᠮᠠᠰᠢᠨ ᠴᠠᠬᠢᠯᠭᠠᠨ ᠬᠤᠳᠳᠤᠭ᠂ 24 ᠬᠤᠳᠳᠤᠭ ᠢ ᠰᠢᠨ᠎ᠡ ᠪᠠᠷ ᠮᠠᠯᠳᠠᠭᠰᠠᠨ ᠪᠠᠶᠢᠨ᠎ᠠ᠃      ᠬᠠᠷ᠎ᠠ ᠭᠤᠣᠯ ᠤᠨ ᠡᠵᠡᠨ᠎ᠡ ᠶᠢᠨ ᠤᠰᠤᠯᠠᠯᠲᠠ ᠶᠢᠨ ᠣᠷᠣᠨ ᠤ ᠤᠰᠤᠨ ᠠᠰᠢᠭᠯᠠᠯᠲᠠ ᠶᠢᠨ ᠬᠦᠭᠵᠢᠬᠦᠯᠦᠯᠳᠡ ᠶᠢᠨ ᠲᠥᠪ ᠤᠨ ᠲᠡᠳ᠋ ᠡᠷᠬᠢᠯᠡᠭᠴᠢ ᠮᠠ ᠸᠠᠨ ᠹᠧᠢ᠄ ︽ᠲᠤᠰ ᠲᠦᠷᠦᠯ ᠵᠦᠢᠯ ᠢ ᠬᠡᠷᠡᠭᠵᠢᠬᠦᠯᠦᠭᠰᠡᠨ ᠤ ᠲᠠᠷᠠᠭ᠎ᠠ᠂ ᠮᠠᠯᠴᠢᠨ ᠲᠠᠷᠢᠶᠠᠴᠢᠳ ᠤᠨ ᠤᠤᠭᠤᠬᠤ ᠤᠰᠤᠨ ᠤ ᠠᠮᠤᠷ ᠲᠦᠪᠰᠢᠨ ᠤ ᠬᠢᠷᠢ ᠲᠦᠪᠰᠢᠨ ᠢ ᠪᠦᠲᠦᠮᠵᠢᠲᠡᠶ ᠪᠠᠷ ᠳᠡᠭᠡᠭᠰᠢᠯᠡᠭᠦᠯᠵᠦ᠂ ᠤᠤᠭᠤᠬᠤ ᠤᠰᠤᠨ ᠤ ᠣᠳᠣᠬᠢ ᠪᠠᠶᠢᠳᠠᠯ ᠢ ᠰᠠᠶᠢᠵᠢᠷᠠᠭᠤᠯᠤᠨ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠬᠦ ᠪᠣᠯᠣᠨ᠎ᠠ︾ ᠭᠡᠪᠡ᠃      ᠣᠲᠣ ᠪᠣᠯᠲᠠᠯ᠎ᠠ᠂ ᠨᠢᠭᠡᠨᠲᠡ 28 ᠮᠠᠰᠢᠨ ᠴᠠᠬᠢᠯᠭᠠᠨ ᠬᠤᠳᠳᠤᠭ᠂ 14 ᠬᠤᠳᠳᠤᠭ ᠮᠠᠯᠲᠠᠵᠤ᠂ 3 ᠤᠰᠤᠨ ᠲᠡᠷᠭᠡ ᠬᠤᠳᠠᠯᠳᠤᠨ ᠠᠪᠴᠤ᠂ 30 ᠭᠠᠷᠤᠢ ᠢᠵᠢ ᠲᠦᠭᠡᠭᠡᠯ ᠤᠰᠤ ᠶᠢ ᠡᠷᠦᠬᠡ ᠳᠤ ᠣᠷᠣᠭᠤᠯᠬᠤ ᠲᠥᠬᠦᠭᠡᠷᠦᠮᠵᠢ ᠶᠢ ᠤᠭᠰᠠᠷᠠᠨ᠂ 450 ᠭᠠᠷᠤᠢ ᠲᠦᠮᠡᠨ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠵᠦ᠂ ᠵᠢᠱᠢᠯᠲᠡ ᠪᠠᠷ 5 ᠰᠠᠷ᠎ᠠ ᠶᠢᠨ ᠰᠡᠭᠦᠯᠴᠢ ᠪᠠᠷ ᠲᠥᠷᠥᠯ ᠵᠦᠢᠯ ᠢ ᠪᠦᠬᠦᠨ ᠢ ᠲᠠᠭᠤᠰᠬᠠᠬᠤ ᠪᠤᠯᠤᠨ᠎ᠠ᠃
 
ᠢᠷᠡᠯᠲᠡ᠄ ᠡᠵᠡᠨ᠎ᠡ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号